ᠴᠠᠬᠠᠷ ᠪᠠᠷᠠᠭᠤᠨ ᠭᠠᠷᠣᠨ ᠳᠣᠮᠳᠠᠳᠣ ᠬᠤᠰᠢᠭᠤᠨ ᠤ ᠪᠠᠶᠠᠨ ᠰᠢᠶᠠᠩ ᠤᠨ ᠪᠠᠷᠠᠭᠤᠨ ᠪᠤᠯᠠᠭ ᠲᠣᠰᠬᠤᠨ ᠤ ᠵᠦᠪᠯᠡᠯ ᠠᠩᠬᠠᠳᠣᠭᠠᠷ ᠬᠤᠭᠤᠴᠠᠭᠠᠨ ᠤ ᠮᠠᠯᠴᠢᠨ ᠲᠠᠷᠢᠶᠠᠴᠢᠨ ᠤ ᠲᠣᠷ᠎ᠡ ᠰᠣᠨᠢᠷᠬᠠᠯᠲᠦ ᠪᠡᠶ᠎ᠡ ᠲᠠᠮᠢᠷ ᠤᠨ ᠬᠦᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2019-07-23
       ᠦᠢᠷ᠎ᠠ ᠳᠤ᠂ ᠪᠠᠶᠠᠨ ᠰᠢᠶᠠᠩ ᠤᠨ ᠪᠠᠷᠠᠭᠤᠨ ᠪᠤᠯᠠᠭ ᠲᠣᠰᠬᠤᠨ ᠤ ᠵᠦᠪᠯᠡᠯ ᠠᠩᠬᠠᠳᠣᠭᠠᠷ ᠬᠤᠭᠤᠴᠠᠭᠠᠨ ᠤ ᠮᠠᠯᠴᠢᠨ ᠲᠠᠷᠢᠶᠠᠴᠢᠨ ᠤ ᠲᠣᠷ᠎ᠡ ᠰᠣᠨᠢᠷᠬᠠᠯᠳᠦ ᠪᠡᠶ᠎ᠡ ᠲᠠᠮᠢᠷ ᠤᠨ ᠬᠦᠳᠡᠯᠭᠡᠭᠡᠨ ᠦᠷᠨᠢᠭᠦᠯᠪᠡ᠃ ᠲᠠᠪᠣᠨ ᠲᠦᠯᠦᠭᠡᠯᠡᠭᠴᠢᠳ ᠤᠨ ᠲᠣᠭᠤᠶᠢᠯᠠᠩ᠂ 100 ᠢᠯᠡᠭᠦᠦ ᠲᠣᠰᠬᠤᠨ ᠤ ᠠᠷᠠᠳ ᠣᠷᠣᠯᠴᠬᠠᠰᠡᠨ ᠪᠠᠶᠢᠨ᠎ᠠ᠃

      ᠡᠬᠢᠯᠡᠯᠳᠡ ᠶᠢᠨ ᠶᠣᠰᠣᠯᠠᠯ ᠳᠤ ᠲᠠᠮᠢᠷᠴᠢᠨ ᠤ ᠳᠣᠭᠤᠶᠢᠯᠠᠩ᠂  ᠰᠢᠭᠦᠭᠴᠢ ᠶᠢᠨ ᠳᠣᠭᠤᠶᠢᠯᠠᠩ᠂

ᠪᠦᠵᠢᠭ ᠤᠨ ᠳᠣᠭᠤᠶᠢᠯᠠᠩ ᠰᠦᠷ ᠳᠠᠯᠠᠶᠢᠴᠠ ᠲᠠᠢ ᠠᠯᠬᠤᠭ᠎ᠠ ᠪᠠᠷ ᠲᠠᠯᠠᠪᠠᠢ ᠳᠤ ᠣᠷᠣᠵᠦ  ᠲᠤᠭ ᠮᠠᠨᠳᠣᠭᠤᠯᠪᠠ  ᠃

ᠲᠠᠷᠠᠭ᠎ᠠ ᠳᠤ ᠨᠢ ᠬᠤᠶᠠᠷ ᠪᠦᠵᠢᠭ ᠤᠨ ᠳᠣᠭᠤᠶᠢᠯᠠᠩ ᠲᠣᠠᠠᠯᠠᠯᠳᠠ ᠭᠠᠷᠭᠠᠪᠠ᠃

     ᠣᠷᠣᠯᠳᠣᠭᠠᠨ ᠤ ᠲᠠᠯᠠᠪᠠᠢ ᠳᠤ ᠪᠠᠷᠠᠭᠤᠨ ᠪᠤᠯᠠᠭ ᠲᠣᠰᠬᠤᠨ ᠤ ᠵᠦᠪᠯᠡᠯ ᠤᠨ ᠲᠠᠪᠣᠨ ᠲᠦᠯᠦᠭᠡᠯᠡᠭᠴᠢᠳ ᠤᠨ

ᠲᠣᠭᠤᠶᠢᠯᠠᠩ ᠤᠨ ᠵᠠᠭᠤ ᠭᠠᠷᠣᠢ ᠲᠣᠰᠬᠤᠨ ᠤ ᠠᠷᠠᠳ ᠪᠦᠭᠡᠷᠡᠨᠴᠡᠭ᠂ ᠬᠤᠯᠠ ᠦᠰᠣᠷᠬᠦ᠂ ᠳᠣᠭᠤᠢ ᠪᠦᠮᠪᠦᠷᠢᠭᠦᠯᠬᠦ

ᠮᠦᠷᠣᠶᠢᠴᠡᠭᠡᠨ᠂  ᠬᠤᠶᠠᠷ ᠬᠦᠮᠣᠨ ᠬᠥᠯ ᠢᠶᠠᠨ ᠣᠷᠢᠶᠠᠵᠦ ᠬᠦᠶᠣᠬᠦ᠂ ᠤᠭᠤᠲᠠ ᠲᠠᠢ ᠡᠯᠡᠰᠦ ᠣᠷᠢᠶᠠᠵᠦ ᠬᠦᠶᠤᠬᠦ

ᠵᠡᠷᠭᠡ ᠲᠠᠮᠢᠷ ᠤᠨ ᠬᠦᠳᠡᠯᠭᠡᠭᠡᠨ ᠳᠤ ᠣᠷᠣᠯᠴᠠᠪᠠ᠃ ᠣᠷᠣᠯᠳᠣᠭᠠᠨ ᠨᠢ ᠡᠯ᠎ᠡ ᠵᠦᠢᠯ ᠤᠨ ᠦᠷᠢᠰᠣᠯᠳᠣᠭᠡᠨ᠂

ᠬᠠᠮᠳᠣᠷᠠᠨ ᠪᠡᠶᠡᠯᠡᠭᠦᠯᠬᠦ᠂ ᠨᠠᠶᠢᠷᠰᠠᠭ ᠰᠣᠯᠢᠯᠴᠠᠬᠤ ᠵᠡᠷᠭᠡ ᠳᠤᠷ᠎ᠠ ᠰᠣᠨᠢᠷᠬᠠᠯᠲᠦ ᠬᠦᠳᠡᠯᠭᠡᠭᠡᠨ ᠢᠶᠠᠷ ᠪᠦᠷᠢᠯᠳᠣᠪᠠ᠃

ᠰᠣᠷᠪᠣᠯᠵᠢᠯᠠᠭ᠎ᠠ᠄     ᠪᠠᠶᠠᠨ ᠰᠢᠶᠠᠩ ᠤᠨ ᠲᠣᠰᠬᠤᠨ ᠤ ᠠᠷᠠᠳ     ᠱᠧᠨ ᡁᠢ ᠫᠢᠩ  ᠄

      ᠦᠨᠣᠳᠣᠷ ᠲᠣᠰᠬᠤᠨ ᠤ ᠵᠦᠪᠯᠡᠯ ᠡᠨᠡᠬᠦ ᠲᠠᠮᠢᠷ ᠤᠨ ᠬᠦᠳᠡᠯᠭᠡᠭᠡᠨ ᠢ ᠡᠷᠬᠢᠯᠡᠵᠦ᠂ ᠣᠯᠡᠨ ᠲᠦᠮᠡᠨ ᠤ ᠰᠣᠯᠠ

ᠰᠡᠯᠡᠭᠦᠦ ᠴᠠᠭ ᠢ ᠪᠦᠳᠣᠮᠵᠢᠳᠠᠢ ᠠᠰᠢᠠᠠᠯᠠᠵᠦ᠂ ᠲᠣᠰᠬᠤᠨ ᠤ ᠠᠷᠠᠳ ᠤᠨ ᠰᠣᠶᠣᠯ ᠤᠨ ᠠᠮᠢᠳᠣᠷᠠᠯ ᠢ

ᠪᠠᠶᠠᠯᠢᠨᠨᠵᠢᠭᠤᠯᠣᠨᠨᠰᠠᠨ ᠪᠠᠶᠢᠨ᠎ᠠ᠂  ᠰᠡᠭᠦᠯ ᠢᠶᠠᠷ ᠡᠶᠢᠮᠦ ᠬᠦᠳᠡᠯᠭᠡᠭᠡᠨ ᠢ ᠢᠯᠡᠭᠦᠭᠡᠨ ᠬᠢᠬᠦ ᠶᠢ ᠬᠦᠰᠡᠵᠦ ᠪᠠᠶᠢᠨ᠎ᠠ᠃

       ᠲᠣᠰ ᠤᠳᠠᠭᠠᠨ ᠤ ᠳᠤᠷ᠎ᠠ ᠰᠣᠨᠢᠷᠬᠠᠯᠲᠦ ᠲᠠᠮᠢᠷ ᠤᠨ ᠬᠦᠳᠡᠯᠬᠡᠬᠡᠨ ᠨᠢ ᠮᠠᠯᠴᠢᠨ ᠲᠠᠷᠢᠶᠠᠴᠢᠨ ᠤ

ᠴᠢᠯᠦᠭᠡᠳᠤ ᠴᠠᠭ ᠤᠨ ᠰᠣᠶᠣᠯ ᠲᠠᠮᠢᠷ ᠤᠨ ᠠᠮᠢᠳᠣᠷᠠᠯ ᠢ ᠪᠠᠶᠠᠯᠢᠠᠠᠵᠢᠭᠤᠯᠵᠦ᠂ ᠦᠷᠭᠡᠨ ᠣᠯᠠᠨ ᠮᠠᠯᠴᠢᠨ

ᠲᠠᠷᠢᠶᠠᠴᠢᠨ ᠢ ᠳᠠᠶᠢᠴᠢᠯᠠᠵᠦ ᠢᠳᠡᠪᠬᠢᠳᠠᠢ ᠲᠠᠮᠢᠷ ᠤᠨ ᠬᠦᠳᠡᠯᠭᠡᠭᠡᠨ ᠳᠤ ᠣᠷᠣᠯᠴᠠᠭᠤᠯᠣᠨ᠂ ᠪᠡᠶ᠎ᠡ ᠮᠠᠬᠠᠪᠣᠣᠨ ᠤᠨ

ᠡᠷᠡᠭᠦᠯ ᠴᠠᠬᠢᠷᠠᠭ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠳᠣᠮᠳᠠᠳᠣ ᠣᠯᠣᠰ ᠤᠨ ᠣᠯᠠᠮᠵᠢᠯᠠᠯᠳᠣ ᠰᠠᠶᠢᠬᠠᠨ

ᠰᠣᠶᠣᠯ ᠢ ᠮᠠᠨᠳᠣᠭᠤᠯᠵᠦ᠂ ᠮᠠᠯᠴᠢᠨ ᠲᠠᠷᠢᠶᠠᠴᠢᠨ ᠤ ᠡᠷᠴᠢ ᠴᠢᠷᠮᠠᠶᠢᠯᠭ᠎ᠠ᠂  ᠢᠳᠡᠪᠬᠢᠳᠦ ᠴᠢᠨᠠᠷ ᠢ ᠬᠠᠷᠠᠭᠤᠯᠣᠠᠠᠰᠡᠨ

ᠪᠠᠶᠢᠨ᠎ᠠ᠃

ᠰᠣᠷᠪᠣᠯᠵᠢᠯᠠᠭ᠎ᠠ᠄   ᠬᠤᠳᠡ ᠶᠢᠨ ᠰᠣᠷᠭᠠᠨ ᠬᠦᠮᠣᠵᠢᠯ ᠤᠨ ᠲᠣᠪᠴᠢᠶ᠎ᠠ ᠶᠢᠨ ᠴᠠᠬᠠᠷ ᠪᠠᠷᠠᠭᠤᠨ ᠭᠠᠷᠣᠨ ᠳᠣᠮᠳᠠᠳᠣ

ᠬᠤᠰᠢᠭᠤᠨ ᠤ ᠪᠠᠷᠠᠭᠤᠨ ᠪᠤᠯᠠᠭ ᠲᠣᠰᠬᠤᠨ ᠳᠤ ᠰᠠᠭᠤᠵᠦ ᠠᠵᠢᠯᠯᠠᠬᠤ ᠠᠩᠭᠢ ᠶᠢᠨ ᠨᠢᠭᠡᠳᠣᠭᠡᠷ  ᠱᠦᠵᠢ    ᠰᠢᠤᠢ

ᠭᠠᠩ᠄

     ᠲᠣᠰ ᠣᠳᠠᠭᠠᠨ ᠤ ᠲᠠᠮᠢᠷ ᠣᠷᠠᠯᠢᠭ ᠤᠨ ᠬᠦᠳᠡᠯᠭᠡᠭᠡᠨ ᠢᠶᠠᠷ ᠳᠠᠮᠵᠢᠵᠦ᠂ ᠲᠣᠰᠬᠤᠨ ᠤ ᠠᠷᠠᠳ ᠤᠨ

ᠬᠤᠭᠤᠷᠤᠨᠳᠠᠬᠢ ᠬᠠᠷᠢᠴᠠᠭ᠎ᠠ ᠨᠢᠠᠠᠳᠠᠷᠠᠵᠦ  ᠂ ᠲᠣᠰᠬᠤᠨ ᠤ ᠠᠷᠠᠳ ᠤᠨ ᠪᠣᠯᠪᠠᠰᠣᠨ ᠰᠢᠨ᠎ᠡ ᠬᠡᠪ ᠰᠣᠷᠳᠡᠯ ᠢ ᠪᠣᠢ

ᠪᠣᠯᠭᠠᠬᠤ ᠳᠤ ᠠᠰᠢᠨᠨᠳᠡᠢ ᠪᠠᠶᠢᠵᠦ᠂ ᠶᠠᠳᠠᠭᠤ ᠶᠢ ᠲᠡᠳᠬᠦᠬᠦ ᠵᠣᠷᠢᠭ ᠢ ᠬᠦᠪᠴᠢᠯᠡᠬᠦ ᠳᠤ ᠡᠶ᠎ᠡ ᠵᠣᠬᠢᠴᠠᠩᠭᠤᠢ ᠬᠦᠷᠰᠢ

ᠰᠠᠭᠠᠬᠠᠯᠳᠠ ᠶᠢᠨ ᠬᠠᠷᠢᠴᠠᠭ᠎ᠠ ᠶᠢ ᠪᠠᠶᠢᠭᠤᠯᠵᠦ᠂ ᠠᠷᠠᠳ ᠤᠨ ᠬᠡᠪ ᠰᠣᠷᠳᠠᠯ᠂ ᠲᠣᠰᠬᠤᠨ ᠤ ᠬᠡᠪ ᠰᠣᠷᠳᠠᠯ ᠳᠤ

ᠢᠳᠡᠪᠬᠢ ᠦᠢᠯᠡᠳᠣᠯ ᠦᠵᠡᠭᠦᠯᠦᠭᠰᠡᠨ ᠪᠠᠶᠢᠨ᠎ᠠ᠃

               

                       ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ

                                   ᠬᠠᠮ ᠵᠠᠭᠤᠴᠢᠯᠠᠭᠤᠷ ᠤᠨ ᠲᠥᠪ

                        ᠬᠠᠷᠢᠭᠤᠴᠬᠠᠰᠠᠨ ᠨᠠᠶᠢᠷᠠᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号