ᠣᠯᠣᠰ ᠤᠨ ᠡᠨᠧᠷᠭᠢ ᠶᠢᠨ ᠲᠣᠪᠴᠢᠶᠠᠨ ᠤ ᠳᠡᠳ᠋ ᠳᠠᠷᠤᠭ᠎ᠠ ᠴᠢ ᠴᠧᠩ ᠶᠤᠸᠠᠨ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-07-23
         ᠣᠶᠢᠷ᠎ᠡ ᠳᠤ᠂ ᠤᠯᠤᠰ ᠤᠨ ᠡᠨᠧᠷᠭᠢ ᠶᠢᠨ ᠲᠣᠪᠴᠢᠶᠠᠨ ᠤ ᠳᠡᠳ᠋ ᠳᠠᠷᠤᠭ᠎ᠠ ᠴᠢ ᠴᠧᠩ ᠶᠤᠸᠠᠨ ᠵᠡᠷᠭᠡ ᠬᠥᠮᠦᠰ ᠮᠠᠨ ᠤ ᠬᠤᠰᠢᠭᠤᠨ ᠳᠤ ᠭᠦᠨᠵᠡᠭᠡᠶᠢᠷᠡᠨ ᠬᠥᠳᠡᠭᠡ ᠲᠣᠰᠬᠤᠨ ᠤ ᠴᠠᠬᠢᠯᠭᠠᠨ ᠤ ᠲᠣᠤᠷ ᠢ ᠥᠭᠡᠷᠡᠴᠢᠯᠡᠬᠦ᠂ ᠭᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠹᠧᠶ ᠳ᠋ᠦᠩ ᠪᠢᠨ᠂ ᠬᠤᠲᠠ ᠶᠢᠨ ᠳᠡᠳ᠋ ᠳᠠᠷᠤᠭ᠎ᠠ ᠯᠸᠢ ᠷᠦ᠋ ᠰᠢᠨ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠭᠤᠤ ᠰᠧᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠵᠠᠩ ᠬᠠᠢ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃

       ᠴᠢ ᠴᠧᠩ ᠶᠤᠸᠠᠨ ᠤᠷᠢᠳ ᠬᠤᠵᠢᠳ ᠮᠠᠨ ᠤ ᠬᠤᠰᠢᠭᠤᠨ ᠤ ᠬᠥᠳᠡᠭᠡ ᠲᠣᠰᠬᠤᠨ ᠤ ᠴᠠᠬᠢᠯᠭᠠᠨ

ᠲᠣᠤᠷ ᠤᠨ ᠥᠭᠡᠷᠡᠴᠢᠯᠡᠯᠲᠡ ᠶᠢᠨ ᠪᠠᠷᠢᠯᠭ᠎ᠠ ᠶᠢᠨ ᠲᠤᠬᠠᠶ ᠶᠢᠨ ᠲᠠᠯᠠᠪᠠᠢ᠂ ᠢ ᠱᠧᠩ ᠪᠠ ᠭᠡᠷᠡᠯ ᠸᠣᠯᠲ ᠢᠶᠠᠷ

ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ᠂ ᠳᠤᠮᠳᠠᠳᠤ ᠤᠯᠤᠰ ᠤᠨ ᠭᠤᠸᠠᠩᠳᠦ᠋ᠩ ᠴᠥᠮ᠎ᠡ ᠶᠢᠨ 30 M W

ᠲᠥᠪᠯᠡᠷᠡᠩᠭᠦᠶ ᠮᠠᠶ᠋ᠢᠭ ᠤᠨ ᠭᠡᠷᠡᠯ ᠸᠣᠯᠲ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠵᠡᠷᠭᠡ ᠭᠠᠵᠠᠷ ᠲᠤ

ᠬᠦᠷᠴᠦ᠂ ᠬᠥᠳᠡᠭᠡ ᠲᠣᠰᠬᠤᠨ ᠤ ᠴᠠᠬᠢᠯᠭᠠᠨ ᠲᠣᠤᠷ ᠢ ᠥᠭᠡᠷᠡᠴᠢᠯᠡᠬᠦ᠂ ᠭᠡᠷᠡᠯ ᠸᠣᠯᠲ ᠢᠶᠠᠷ ᠶᠠᠳᠠᠭᠤ ᠶᠢ ᠲᠡᠳᠬᠦᠬᠦ

ᠲᠥᠷᠥᠯ ᠵᠦᠶ᠋ᠯ᠂ ᠴᠡᠪᠡᠷ ᠡᠨᠧᠷᠭᠢ ᠶᠢᠨ ᠬᠥᠭᠵᠢᠯᠲᠡ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ᠃

     ᠪᠠᠶᠢᠴᠠᠭᠠᠨ ᠰᠤᠳᠤᠯᠤᠯᠲᠠ ᠶᠢᠨ ᠳᠤᠮᠳᠠ᠂ ᠴᠢ ᠴᠧᠩ ᠶᠤᠸᠠᠨ ᠮᠠᠨ ᠤ ᠬᠤᠰᠢᠭᠤᠨ ᠤ ᠬᠠᠮᠢᠶ᠎ᠠ ᠪᠦᠬᠦᠢ

ᠬᠥᠮᠦᠰ ᠵᠢᠴᠢ ᠴᠠᠬᠢᠯᠭᠠᠨ ᠥᠷᠲᠡᠭᠡᠨ ᠤ ᠬᠠᠷᠢᠭᠤᠴᠠᠯᠭᠠᠲᠠᠨ ᠤ ᠰᠠᠨᠠᠯ ᠢ ᠨᠠᠷᠢᠨ ᠰᠣᠨᠣᠰᠴᠤ᠂ ᠳᠠᠷᠠᠭ᠎ᠠ ᠠᠯᠬᠤᠮ ᠤᠨ

ᠴᠡᠪᠡᠷ ᠡᠨᠧᠷᠭᠢ ᠪᠠ ᠭᠡᠷᠡᠯ ᠸᠣᠯᠲ ᠢᠶᠠᠷ ᠶᠠᠳᠠᠭᠤ ᠶᠢ ᠲᠡᠳᠬᠦᠬᠦ ᠵᠡᠷᠭᠡ ᠲᠥᠷᠥᠯ ᠵᠦᠢᠯ ᠤᠨ ᠬᠥᠭᠵᠢᠯᠲᠡ ᠳᠤ

ᠵᠢᠯᠣᠭᠤᠳᠣᠯᠭ᠎ᠠ ᠦᠵᠡᠭᠦᠯᠵᠡᠶ᠃

      ᠢ ᠱᠧᠩ ᠡᠾᠧ ᠭᠡᠷᠡᠯ ᠸᠣᠯᠲ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠪᠣᠯ ᠪᠦᠬᠦ

ᠬᠤᠰᠢᠭᠤᠨ ᠤ 14 ᠲᠣᠰᠬᠤᠨ ᠤ ᠲᠡᠰ ᠤᠨ ᠭᠡᠷᠡᠯ ᠸᠣᠯᠲ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠶᠢᠨ

ᠨᠢᠭᠡ ᠪᠣᠯᠤᠨ᠎ᠠ᠃ ᠬᠤᠰᠢᠭᠤ ᠵᠠᠰᠠᠭ ᠤᠨ ᠣᠷᠳᠣᠨ ᠠᠴᠠ ᠲᠠᠷᠢᠶᠠᠯᠠᠩ ᠳᠤ ᠬᠤᠯᠪᠣᠭᠳᠠᠭᠰᠠᠨ ᠶᠠᠳᠠᠭᠤ ᠶᠢ ᠲᠡᠳᠬᠦᠬᠦ

ᠪᠠᠯᠠ ᠮᠥᠩᠭᠦ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠠᠯᠠ ᠮᠥᠩᠭᠦ᠂ ᠲᠡᠭᠡᠳᠦ ᠱᠠᠲᠤᠨ ᠤ

ᠨᠥᠬᠦᠪᠥᠷᠢ ᠪᠠᠯᠠ ᠮᠥᠩᠭᠦ ᠪᠠᠷ ᠳᠠᠮᠵᠢᠭᠤᠯᠤᠨ ᠪᠦᠲᠦᠭᠡᠨ ᠪᠠᠶᠢᠭᠤᠯᠤᠯᠲᠠ ᠬᠢᠨ᠎ᠡ᠃ ᠭᠡᠷᠡᠯ ᠴᠡᠨᠡᠭ ᠢᠶᠠᠷ ᠶᠠᠳᠠᠭᠤ ᠶᠢ

ᠲᠡᠳᠬᠦᠬᠦ 14 ᠴᠠᠬᠢᠯᠭᠠᠨ ᠥᠷᠲᠡᠭᠡ ᠶᠢᠨ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠭᠡᠷᠡᠯ ᠴᠡᠨᠡᠭ ᠢᠶᠠᠷ

ᠶᠠᠳᠠᠭᠤ ᠶᠢ ᠲᠡᠳᠬᠦᠬᠦ ᠢᠨᠵᠧᠨᠧᠷᠢᠩ ᠢᠶᠠᠷ ᠳᠠᠮᠵᠢᠭᠤᠯᠤᠨ 4713 ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ

ᠶᠠᠳᠠᠭᠤ ᠬᠦᠴᠢᠷᠳᠡᠯᠲᠡᠶ ᠡᠷᠦᠬᠡ ᠶᠢᠨ ᠲᠣᠭᠲᠠᠪᠤᠷᠢᠲᠠᠶ ᠠᠰᠢᠭ ᠣᠷᠣᠯᠭ᠎ᠠ ᠣᠯᠬᠤ ᠶᠢ ᠪᠠᠲᠤᠯᠠᠵᠤ ᠴᠢᠳᠠᠨ᠎ᠠ᠃

      ᠴᠢ ᠴᠧᠩ ᠶᠤᠸᠠᠨ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠠᠪᠤᠴᠠ ᠳᠤ᠂

ᠵᠠᠰᠠᠭ ᠤᠨ ᠣᠷᠳᠣᠨ᠂ ᠠᠵᠤ ᠠᠬᠤᠶᠢᠯᠠᠯ᠂ ᠨᠡᠶᠢᠭᠡᠮ ᠤᠨ ᠬᠠᠮᠵᠢᠯᠴᠠᠨ ᠠᠬᠢᠭᠤᠯᠤᠭᠰᠠᠨ ᠶᠠᠳᠠᠭᠤ ᠶᠢ ᠲᠡᠳᠬᠦᠬᠦ ᠶᠡᠭᠡ

ᠪᠠᠶᠢᠷᠢᠰᠢᠯ ᠢ ᠪᠡᠶᠡᠯᠡᠭᠦᠯᠵᠦ᠂ ᠠᠷᠢᠭᠤᠨ ᠴᠡᠪᠡᠷ ᠡᠨᠧᠷᠭᠢ ᠶᠢ ᠦᠷᠭᠦᠯᠵᠢᠯᠡᠨ ᠶᠡᠬᠡᠪᠡᠷ ᠬᠥᠭᠵᠢᠭᠦᠯᠵᠦ᠂ ᠪᠣᠬᠢᠷᠲᠤᠯ

ᠦᠭᠡᠢ ᠥᠷᠬᠦᠯᠵᠢᠯᠡᠬᠦᠶᠢᠴᠡ ᠬᠥᠭᠵᠢᠯᠲᠡ ᠶᠢ ᠠᠬᠢᠭᠤᠯᠬᠤ ᠬᠡᠷᠡᠭᠲᠡᠶ᠃

 

             

                                     ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ

                                                  ᠬᠠᠮ ᠵᠠᠭᠤᠴᠢᠯᠠᠭᠤᠷ ᠤᠨ ᠲᠥᠪ

                                     ᠣᠷᠴᠢᠭᠤᠯᠣᠨᠨᠴᠢ  ᠄  ᠭᠧ ᠲᠣᠸᠠᠨ ᠯᠢᠶᠡᠨ

 

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号