ᠲᠡᠰᠭᠢ ᠪᠠᠯᠭᠠᠰᠤᠨ ᠤ ᠭᠤᠤᠯ ᠪᠠᠭ᠎ᠠ ᠰᠤᠷᠭᠠᠭᠤᠯᠢ ᠭᠡᠷ ᠢᠶᠠᠨ ᠰᠠᠬᠢᠵᠤ ᠬᠤᠴᠣᠷᠤᠭᠰᠠᠨ ᠬᠡᠤᠬᠡᠳ ᠢ ᠬᠠᠯᠠᠮᠵᠢᠯᠠᠵᠤ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2019-07-24
          ᠲᠡᠰᠭᠢ ᠪᠠᠯᠭᠠᠰᠤ ᠶᠢᠨ ᠭᠤᠤᠯ ᠪᠠᠭ᠎ᠠ ᠰᠤᠷᠭᠠᠭᠤᠯᠢ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠲᠣᠭᠤᠰᠢᠯᠠᠭᠤᠯᠤᠨ  ᠨᠠᠶᠢᠳᠠᠪᠦᠷᠢᠵᠢᠭᠤᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠭᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠵᠤ᠂ ᠲᠡᠳᠡᠨ ᠳᠤ ᠰᠤᠷᠭᠠᠭᠤᠯᠢ ᠶᠢᠨ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠦᠨᠡᠨᠬᠦ ᠮᠡᠳᠡᠷᠡᠬᠦᠯᠪᠡ᠃

       ᠰᠢᠶᠣᠤ ᠬᠤᠩ ᠪᠣᠯ ᠲᠡᠰᠭᠢ ᠪᠠᠯᠭᠠᠰᠤᠨ ᠤ ᠭᠤᠤᠯ ᠪᠠᠭ᠎ᠠ ᠰᠤᠷᠭᠠᠭᠤᠯᠢ ᠶᠢᠨ ᠲᠠᠪᠣᠳᠣᠭᠠᠷ ᠣᠨ ᠤ

ᠰᠤᠷᠤᠭᠴᠢ᠂ ᠤᠷᠳᠤ ᠬᠤᠭᠤᠴᠠᠭᠠᠨ ᠤ ᠲᠤᠷᠰᠢ ᠡᠮᠡᠭᠡ ᠲᠠᠢ ᠪᠠᠨ ᠬᠠᠮᠲᠤ ᠠᠮᠢᠳᠤᠷᠠᠭᠰᠠᠭᠠᠷ ᠢᠷᠡᠵᠡᠢ᠂ ᠲᠡᠭᠦᠨ ᠤ

ᠰᠤᠷᠤᠯᠭ᠎ᠠ ᠶᠢᠨ ᠬᠢᠷᠢ ᠪᠦᠲᠦᠮᠵᠢ ᠨᠢ ᠠᠩᠭᠢ ᠳᠠᠭᠠᠨ ᠡᠮᠦᠨ᠎ᠡ ᠡᠩᠨᠡᠭᠡᠨ ᠳᠤ ᠵᠢᠭᠰᠠᠵᠤ ᠪᠠᠶᠢᠨ᠎ᠠ᠃ ᠡᠩ ᠤᠨ

ᠴᠠᠭ ᠲᠠᠭᠠᠨ ᠳᠠᠰᠬᠠᠯ ᠢᠶᠠᠨ ᠬᠢᠵᠦ ᠪᠠᠷᠠᠪᠠᠯ ᠡᠮᠡᠭᠡ ᠳᠡᠭᠡᠨ ᠦᠯᠢᠭᠡᠷ ᠶᠠᠷᠢᠵᠤ ᠥᠭᠴᠦ᠂ ᠭᠡᠷ ᠤᠨ ᠠᠵᠢᠯ ᠳᠤ

ᠬᠠᠪᠰᠣᠷᠳᠠᠭ᠃

       ᠣᠶᠢᠯᠠᠭᠠᠭᠰᠠᠨ ᠢᠶᠠᠷ᠂ ᠲᠡᠰᠭᠢ ᠪᠠᠯᠭᠠᠰᠤᠨ ᠤ ᠭᠤᠤᠯ ᠪᠠᠭ᠎ᠠ ᠰᠤᠷᠭᠠᠭᠤᠯᠢ ᠶᠢᠨ ᠬᠠᠭᠠᠰ ᠣᠷᠴᠢᠮ ᠤᠨ

ᠬᠡᠤᠬᠡᠳ ᠨᠢ ᠪᠦᠷ ᠭᠡᠷ ᠢᠶᠠᠨ ᠰᠠᠬᠢᠵᠤ ᠬᠤᠴᠣᠷᠤᠭᠰᠠᠨ ᠬᠡᠤᠬᠡᠳ ᠪᠠᠶᠢᠵᠤ᠂ ᠲᠡᠳᠡᠨ ᠢ ᠬᠠᠶᠢᠷᠠᠯᠠᠬᠤ ᠬᠥᠮᠦᠨ ᠲᠠᠢ᠂

ᠬᠠᠪᠰᠤᠷᠬᠤ ᠬᠥᠮᠦᠨ ᠲᠠᠢ᠂ ᠡᠷᠡᠭᠦᠯ ᠢᠶᠠᠷ ᠦᠰᠦᠨ ᠪᠣᠶᠢᠵᠢᠭᠤᠯᠬᠤ ᠶᠢᠨ ᠲᠥᠯᠥᠭᠡ᠂ ᠰᠤᠷᠭᠠᠭᠤᠯᠢ ᠠᠴᠠ

ᠲᠣᠭᠲᠠᠭᠰᠠᠨ ᠬᠤᠭᠤᠴᠠᠭ᠎ᠠ ᠲᠠᠢ ᠪᠠᠷ ᠪᠠᠭᠰᠢ ᠲᠣᠮᠢᠯᠠᠨ ᠭᠡᠷ ᠲᠤ ᠨᠢ ᠣᠴᠢᠭᠤᠯᠵᠤ ᠬᠠᠪᠰᠤᠷᠤᠨ ᠵᠢᠯᠣᠭᠤᠳᠴᠤ᠂

ᠭᠡᠷ ᠢᠶᠠᠨ ᠰᠠᠬᠢᠵᠤ ᠬᠤᠴᠣᠷᠤᠭᠰᠠᠨ ᠬᠡᠤᠬᠡᠳ ᠤᠨ ᠰᠤᠷᠤᠯᠭ᠎ᠠ ᠠᠮᠢᠳᠤᠷᠠᠯ ᠢ ᠠᠩᠬᠠᠷᠴᠤ ᠪᠠᠶᠢᠨ᠎ᠠ᠃

         

       

                     ᠵᠣᠬᠢᠶ᠋ᠬᠠᠴᠢ᠄  ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ

                                  ᠬᠠᠮ ᠵᠠᠭᠤᠴᠢᠯᠠᠭᠤᠷ ᠤᠨ ᠲᠥᠪ

                     ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ‌‍ᠲ᠋ᠣᠮᠳᠡᠳᠣ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号