| ᠲᠡᠰᠭᠢ ᠪᠠᠯᠭᠠᠰᠤ ᠶᠢᠨ ᠭᠤᠤᠯ ᠪᠠᠭ᠎ᠠ ᠰᠤᠷᠭᠠᠭᠤᠯᠢ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠲᠣᠭᠤᠰᠢᠯᠠᠭᠤᠯᠤᠨ ᠨᠠᠶᠢᠳᠠᠪᠦᠷᠢᠵᠢᠭᠤᠯᠵᠦ᠂ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠭᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ | ᠬᠠᠶᠢᠷᠠᠯᠠᠵᠤ᠂ ᠲᠡᠳᠡᠨ ᠳᠤ ᠰᠤᠷᠭᠠᠭᠤᠯᠢ ᠶᠢᠨ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠦᠨᠡᠨᠬᠦ ᠮᠡᠳᠡᠷᠡᠬᠦᠯᠪᠡ᠃ | | | | | | ᠰᠢᠶᠣᠤ ᠬᠤᠩ ᠪᠣᠯ ᠲᠡᠰᠭᠢ ᠪᠠᠯᠭᠠᠰᠤᠨ ᠤ ᠭᠤᠤᠯ ᠪᠠᠭ᠎ᠠ ᠰᠤᠷᠭᠠᠭᠤᠯᠢ ᠶᠢᠨ ᠲᠠᠪᠣᠳᠣᠭᠠᠷ ᠣᠨ ᠤ | ᠰᠤᠷᠤᠭᠴᠢ᠂ ᠤᠷᠳᠤ ᠬᠤᠭᠤᠴᠠᠭᠠᠨ ᠤ ᠲᠤᠷᠰᠢ ᠡᠮᠡᠭᠡ ᠲᠠᠢ ᠪᠠᠨ ᠬᠠᠮᠲᠤ ᠠᠮᠢᠳᠤᠷᠠᠭᠰᠠᠭᠠᠷ ᠢᠷᠡᠵᠡᠢ᠂ ᠲᠡᠭᠦᠨ ᠤ | ᠰᠤᠷᠤᠯᠭ᠎ᠠ ᠶᠢᠨ ᠬᠢᠷᠢ ᠪᠦᠲᠦᠮᠵᠢ ᠨᠢ ᠠᠩᠭᠢ ᠳᠠᠭᠠᠨ ᠡᠮᠦᠨ᠎ᠡ ᠡᠩᠨᠡᠭᠡᠨ ᠳᠤ ᠵᠢᠭᠰᠠᠵᠤ ᠪᠠᠶᠢᠨ᠎ᠠ᠃ ᠡᠩ ᠤᠨ | ᠴᠠᠭ ᠲᠠᠭᠠᠨ ᠳᠠᠰᠬᠠᠯ ᠢᠶᠠᠨ ᠬᠢᠵᠦ ᠪᠠᠷᠠᠪᠠᠯ ᠡᠮᠡᠭᠡ ᠳᠡᠭᠡᠨ ᠦᠯᠢᠭᠡᠷ ᠶᠠᠷᠢᠵᠤ ᠥᠭᠴᠦ᠂ ᠭᠡᠷ ᠤᠨ ᠠᠵᠢᠯ ᠳᠤ | ᠬᠠᠪᠰᠣᠷᠳᠠᠭ᠃ | | | | | ᠣᠶᠢᠯᠠᠭᠠᠭᠰᠠᠨ ᠢᠶᠠᠷ᠂ ᠲᠡᠰᠭᠢ ᠪᠠᠯᠭᠠᠰᠤᠨ ᠤ ᠭᠤᠤᠯ ᠪᠠᠭ᠎ᠠ ᠰᠤᠷᠭᠠᠭᠤᠯᠢ ᠶᠢᠨ ᠬᠠᠭᠠᠰ ᠣᠷᠴᠢᠮ ᠤᠨ | ᠬᠡᠤᠬᠡᠳ ᠨᠢ ᠪᠦᠷ ᠭᠡᠷ ᠢᠶᠠᠨ ᠰᠠᠬᠢᠵᠤ ᠬᠤᠴᠣᠷᠤᠭᠰᠠᠨ ᠬᠡᠤᠬᠡᠳ ᠪᠠᠶᠢᠵᠤ᠂ ᠲᠡᠳᠡᠨ ᠢ ᠬᠠᠶᠢᠷᠠᠯᠠᠬᠤ ᠬᠥᠮᠦᠨ ᠲᠠᠢ᠂ | ᠬᠠᠪᠰᠤᠷᠬᠤ ᠬᠥᠮᠦᠨ ᠲᠠᠢ᠂ ᠡᠷᠡᠭᠦᠯ ᠢᠶᠠᠷ ᠦᠰᠦᠨ ᠪᠣᠶᠢᠵᠢᠭᠤᠯᠬᠤ ᠶᠢᠨ ᠲᠥᠯᠥᠭᠡ᠂ ᠰᠤᠷᠭᠠᠭᠤᠯᠢ ᠠᠴᠠ | ᠲᠣᠭᠲᠠᠭᠰᠠᠨ ᠬᠤᠭᠤᠴᠠᠭ᠎ᠠ ᠲᠠᠢ ᠪᠠᠷ ᠪᠠᠭᠰᠢ ᠲᠣᠮᠢᠯᠠᠨ ᠭᠡᠷ ᠲᠤ ᠨᠢ ᠣᠴᠢᠭᠤᠯᠵᠤ ᠬᠠᠪᠰᠤᠷᠤᠨ ᠵᠢᠯᠣᠭᠤᠳᠴᠤ᠂ | ᠭᠡᠷ ᠢᠶᠠᠨ ᠰᠠᠬᠢᠵᠤ ᠬᠤᠴᠣᠷᠤᠭᠰᠠᠨ ᠬᠡᠤᠬᠡᠳ ᠤᠨ ᠰᠤᠷᠤᠯᠭ᠎ᠠ ᠠᠮᠢᠳᠤᠷᠠᠯ ᠢ ᠠᠩᠬᠠᠷᠴᠤ ᠪᠠᠶᠢᠨ᠎ᠠ᠃ | | | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ | ᠬᠠᠮ ᠵᠠᠭᠤᠴᠢᠯᠠᠭᠤᠷ ᠤᠨ ᠲᠥᠪ | ᠣᠷᠴᠢᠭᠤᠯᠣᠨᠨᠴᠢ᠄ ᠭᠧ ᠲᠣᠸᠠᠨ ᠯᠢᠶᠡᠨ |