ᠦᠵᠡᠰᠭᠦᠯᠡᠩᠳᠦ ᠰᠠᠶᠢᠬᠠᠨ ᠬᠦᠳᠡᠭᠡ ᠲᠣᠰᠬᠤᠨ ᠢ ᠪᠠᠶᠢᠭᠤᠯᠬᠤ ᠠᠯᠬᠤᠴᠡ ᠪᠠᠨ ᠲᠦᠷᠬᠡᠳᠬᠡᠵᠦ  ᠶᠠᠳᠠᠭᠤ ᠠᠴᠠ ᠠᠩᠭᠢᠵᠢᠷᠠᠭᠤᠯᠬᠤ ᠪᠣᠭᠤᠮᠳᠡ ᠰᠢᠪᠳᠣᠯᠬᠤ ᠳᠤ ᠬᠦᠴᠣᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2019-07-25
                ᠲᠣᠰᠬᠤᠨ ᠤ ᠠᠷᠠᠳ ᠤᠨ ᠠᠮᠢᠳᠣᠷᠠᠯ ᠤᠨ ᠨᠦᠬᠦᠴᠡᠯ ᠪᠠ ᠣᠷᠴᠢᠨ ᠲᠣᠭᠤᠷᠢᠨ ᠤ ᠴᠢᠨᠠᠷ ᠢ ᠣᠯᠠᠮ ᠨᠢᠭᠡ ᠠᠯᠬᠤᠮ ᠰᠠᠶᠢᠵᠢᠷᠠᠭᠤᠯᠬᠤ ᠶᠢᠨ ᠲᠦᠯᠦᠭᠡ᠂ ᠦᠵᠡᠰᠭᠦᠯᠡᠩᠳᠦ ᠰᠠᠶᠢᠬᠠᠨ ᠬᠦᠳᠡᠭᠡ ᠲᠣᠰᠬᠤᠨ ᠢ ᠪᠠᠶᠢᠭᠤᠯᠬᠤ ᠬᠦᠴᠣᠯᠡᠴᠡ ᠪᠠᠨ ᠴᠢᠩᠭᠠᠳᠬᠠᠵᠦ᠂ ᠲᠣᠰᠬᠤᠨ ᠤ ᠡᠷᠦᠬᠡ ᠶᠢᠨ ᠵᠣᠷᠯᠣᠩ ᠢ ᠪᠣᠬᠢᠷᠳᠡᠯ ᠦᠭᠡᠢ ᠦᠭᠡᠷᠡᠴᠢᠯᠡᠬᠦ ᠶᠢ ᠲᠦᠭᠡᠮᠡᠯᠵᠢᠬᠦᠯᠦᠨ᠎ᠡ᠃ ᠦᠪᠣᠷ ᠮᠣᠩᠭᠤᠯ ᠤᠨ ᡁᠢ ᠲᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠬᠢᠵᠠᠭᠠᠷᠳᠣ ᠺᠣᠮᠫᠠᠨᠢ ᠮᠠᠨ ᠤ ᠬᠤᠰᠢᠭᠤᠨ ᠤ ᠰᠣᠮᠣ ᠪᠠᠯᠭᠠᠰᠣᠨ ᠤ ᠵᠢᠱᠢᠶ᠎ᠡ ᠦᠵᠡᠭᠦᠯᠬᠦ ᠭᠠᠵᠠᠷ ᠲᠤ ᠲᠣᠰᠬᠤᠨ ᠤ  ᠵᠣᠷᠯᠦᠩ ᠢ ᠵᠠᠰᠠᠵᠦ  ᠪᠠᠶᠢᠭᠤᠯᠬᠤ ᠠᠵᠢᠯ ᠢ ᠶᠠᠪᠤᠠᠠᠳᠠᠭᠤᠯᠵᠦ᠂ ᠶᠠᠳᠠᠭᠤ  ᠠᠴᠠ ᠠᠩᠭᠢᠵᠢᠷᠠᠭᠤᠯᠬᠤ ᠪᠣᠭᠤᠮᠳᠡ ᠰᠢᠪᠳᠣᠯᠬᠤ   ᠳᠤ ᠬᠦᠴᠣᠨ ᠨᠡᠮᠡᠷᠢᠯᠡᠨ᠎ᠡ᠃

      ᠣᠯᠠᠨ ᠵᠢᠯ ᠤᠨ ᠲᠣᠷᠰᠢ᠂ ᠲᠣᠰᠬᠤᠨ ᠤ ᠵᠣᠷᠯᠣᠩ ᠶᠡᠷᠦ ᠨᠢ ᠬᠠᠭᠠᠯᠲᠠ ᠲᠠᠢ᠂ ᠬᠤᠴᠣᠷᠣᠩᠭᠤᠢ᠂ ᠪᠣᠵᠠᠷ

ᠪᠠᠶᠢᠵᠦ᠂ ᠲᠣᠰᠬᠤᠨ ᠤ ᠡᠷᠦᠬᠡ ᠶᠢᠨ ᠵᠣᠷᠯᠣᠩ ᠢ ᠪᠣᠬᠢᠷᠳᠡᠯ ᠦᠭᠡᠢ ᠪᠠᠷ ᠵᠠᠰᠠᠵᠦ  ᠪᠠᠶᠢᠭᠤᠯᠬᠤ ᠪᠠᠷ ᠲᠠᠮᠵᠢᠨ᠂

ᠣᠳᠤ ᠲᠣᠰᠠᠭᠠᠷ ᠲᠠᠰᠣᠯᠭ᠎ᠠ ᠲᠠᠢ᠂ ᠣᠰᠤ ᠪᠠᠷ ᠴᠡᠪᠡᠷᠯᠡᠬᠦ ᠬᠡᠷᠡᠭᠰᠡᠯ ᠢ ᠲᠣᠬᠢᠷᠠᠭᠤᠯᠣᠨ᠂ ᠠᠷᠢᠭᠤᠨ ᠴᠡᠪᠡᠷ ᠪᠣᠯᠵᠦ᠂

ᠲᠣᠰᠬᠤᠨ ᠤ ᠠᠷᠠᠳ ᠤᠨ ᠬᠦᠷᠲᠡᠮᠵᠢ ᠶᠢᠨ ᠲᠦᠷᠦᠭᠳᠡᠯ ᠪᠠ ᠵᠣᠯ ᠵᠢᠷᠭᠠᠯᠳᠦ ᠲᠦᠷᠦᠭᠳᠡᠯ ᠢ ᠳᠡᠭᠡᠭᠰᠢᠯᠡᠭᠦᠯᠦᠭᠰᠡᠨ

ᠪᠠᠶᠢᠨ᠎ᠠ᠃

ᠰᠣᠷᠪᠣᠯᠵᠢᠯᠠᠭ᠎ᠠ᠄   ᠬᠤᠩ ᠫᠠᠨ ᠰᠢᠶᠠᠩ ᠤᠨ ᠶᠠᠨ ᠬᠠᠢ ᠲᠣᠰᠬᠤᠨ ᠤ ᠶᠠᠳᠠᠭᠤ ᠬᠦᠴᠢᠷᠳᠡᠯᠳᠠᠢ ᠠᠷᠠᠳ    

ᠳ᠋ᠦᠩ ᠡᠯ ᠱᠤᠸᠠᠨ

      ᠡᠨᠡ ᠬᠦ ᠲᠥᠷᠥ ᠶᠢᠨ ᠪᠣᠳᠣᠯᠭ᠎ᠠ ᠨᠡᠯᠢᠶᠡᠳ ᠰᠠᠶᠢᠨ᠂ ᠮᠠᠨ ᠤ ᠵᠡᠮᠳᠡᠭ ᠬᠦᠮᠦᠰ ᠢ ᠤᠯᠤᠰ ᠠᠴᠠ ᠨᠡᠯᠢᠶᠡᠳ

ᠰᠠᠶᠢᠨ ᠬᠠᠷᠠᠭᠠᠯᠵᠠᠵᠦ ᠪᠣᠢ᠂ ᠡᠨᠡ ᠤᠳᠠᠭ᠎ᠠ ᠪᠠᠰᠠ ᠮᠠᠨ ᠤ ᠭᠡᠷ ᠲᠤ ᠳᠥᠭᠦᠮ ᠴᠥᠭᠦᠷᠥᠮ ᠪᠠᠶᠢᠭᠤᠯᠵᠤ ᠥᠭᠴᠡᠶ᠂

ᠨᠡᠯᠢᠶᠡᠳ ᠰᠠᠶᠢᠨ᠂ ᠮᠢᠨᠦ ᠡᠨᠡ ᠵᠡᠮᠳᠡᠭ ᠬᠥᠮᠦᠨ ᠳᠤ ᠠᠪᠴᠤ ᠬᠡᠯᠡᠪᠡᠯ ᠪᠢ ᠪᠠᠰᠠ ᠭᠠᠳᠠᠨ᠎ᠠ ᠭᠠᠷᠴᠤ ᠲᠡᠶᠢᠯᠬᠦ ᠦᠭᠡᠢ

᠂ ᠭᠡᠷ ᠲᠤ ᠪᠠᠨ ᠶᠡᠭᠡ ᠳᠥᠭᠦᠮ᠂ ᠳᠣᠲᠣᠷ᠎ᠠ ᠨᠢ ᠶᠠᠮᠠᠷ ᠴᠤ ᠥᠨᠥᠷ ᠦᠭᠡᠢ᠂ ᠨᠡᠯᠢᠶᠡᠳ ᠰᠠᠶᠢᠨ᠂ ᠡᠨᠡ ᠨᠢ ᠮᠠᠨ ᠤ

ᠬᠥᠳᠡᠭᠡ ᠲᠣᠰᠬᠤᠨ ᠳᠤ ᠠᠪᠴᠦ ᠬᠡᠯᠡᠪᠡᠯ ᠬᠠᠮᠤᠭ ᠤᠨ ᠰᠠᠶᠢᠨ  ᠃

      ᠲᠣᠰᠬᠤᠨ ᠤ ᠵᠣᠷᠯᠣᠩ ᠢ ᠪᠣᠬᠢᠷᠳᠡᠯ ᠦᠭᠡᠢ ᠪᠠᠷ ᠵᠠᠰᠠᠨ ᠦᠭᠡᠷᠡᠴᠢᠯᠡᠬᠦ ᠠᠵᠢᠯ ᠢ ᠬᠡᠷᠡᠭᠵᠢᠬᠦᠯᠦᠭᠰᠡᠨ ᠠᠴᠠ

ᠰᠡᠬᠦᠯᠡᠷ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠨ ᠵᠠᠰᠠᠬᠤ ᠲᠤᠷᠰᠢᠯᠲᠠ ᠶᠢᠨ ᠲᠣᠰᠬᠤᠨ᠂

ᠲᠤᠷᠰᠢᠯᠲᠠ ᠶᠢᠨ ᠴᠢᠭ ᠲᠤ ᠴᠡᠪᠡᠷ ᠲᠡᠭᠰᠢ᠂ ᠣᠷᠴᠢᠨ ᠲᠣᠭᠤᠷᠢᠨ ᠢ ᠬᠠᠮᠠᠭᠠᠯᠠᠬᠤ ᠡᠷᠡᠭᠦᠯ ᠬᠠᠮᠠᠭᠠᠯᠠᠯ ᠤᠨ ᠪᠡᠶ᠎ᠡ ᠪᠠᠨ

ᠳᠠᠭᠠᠭᠠᠭᠰᠠᠨ ᠠᠷᠢᠭᠤᠨ ᠴᠡᠪᠡᠷ ᠤᠨ ᠲᠠᠰᠤᠯᠭ᠎ᠠ ᠶᠢ ᠬᠡᠷᠡᠭᠯᠡᠵᠦ᠂  ᠲᠡᠳᠡᠨ ᠡᠨᠡᠬᠦ ᠠᠷᠠᠳ ᠤᠨ ᠠᠮᠢᠳᠤᠷᠠᠯ ᠤᠨ

ᠢᠨᠵᠧᠨᠧᠷᠢᠩ ᠢ ᠮᠠᠭᠲᠠᠨ ᠰᠠᠶᠢᠰᠢᠶᠠᠵᠤ ᠪᠠᠶᠢᠯ᠎ᠠ᠃

ᠰᠣᠷᠪᠣᠯᠵᠢᠯᠠᠭ᠎ᠠ᠄   ᠣᠰᠣᠳᠣ ᠪᠠᠯᠭᠠᠰᠣᠨ ᠤ ᠠᠷᠠᠳ     ᠰᠢᠶᠠᠩ ᠬᠠᠢ ᠰᠢᠶᠠ

      ᠪᠢ ᠥᠩᠭᠡᠷᠡᠭᠡᠭᠰᠡᠨ ᠳᠤ ᠬᠠᠭᠤᠷᠠᠶ ᠵᠣᠷᠯᠣᠩ ᠬᠡᠷᠡᠭᠯᠡᠵᠦ ᠪᠠᠶᠢᠵᠡᠢ᠂ ᠴᠡᠪᠡᠷᠯᠡᠬᠦ ᠳᠤ ᠳᠥᠭᠦᠮ ᠦᠭᠡᠢ᠂

ᠬᠡᠷᠡᠭᠯᠡᠬᠦ ᠳᠤ ᠪᠠᠰᠠ ᠴᠡᠪᠡᠷ ᠦᠭᠡᠢ᠂ ᠡᠪᠦᠯ ᠳᠤ ᠪᠠᠨ ᠬᠦᠢᠲᠡᠨ᠂ ᠵᠤᠨ ᠮᠠᠭᠤᠬᠠᠢ ᠦᠨᠦᠷ ᠲᠠᠢ᠂ ᠪᠢᠳᠡ ᠡᠨᠡ

ᠳᠥᠭᠦᠮ ᠴᠥᠭᠦᠷᠥᠮ ᠢ ᠬᠡᠷᠡᠭᠯᠡᠭᠰᠡᠨ ᠠᠴᠠ ᠰᠡᠬᠦᠯᠡᠷ ᠴᠡᠪᠡᠷᠯᠡᠬᠦ ᠳᠤ ᠪᠠᠰᠠ ᠳᠥᠭᠦᠮ ᠪᠣᠯᠵᠠᠢ᠃

   

     ᠥᠪᠥᠷ ᠮᠣᠩᠭᠤᠯ ᠤᠨ ᡁᠢ ᠲᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠬᠢᠵᠠᠭᠠᠷᠲᠤ ᠺᠣᠮᠫᠠᠨᠢ ᠮᠠᠨ ᠤ ᠬᠤᠰᠢᠭᠤᠨ ᠤ ᠮᠠᠯᠴᠢᠨ ᠲᠠᠷᠢᠶᠠᠴᠢᠨ ᠤ ᠣᠷᠣᠰᠢᠨ ᠰᠠᠭᠤᠬᠤ ᠨᠥᠬᠦᠴᠡᠯ

ᠵᠢᠴᠢ ᠲᠤᠬᠠᠶ ᠶᠢᠨ ᠭᠠᠵᠠᠷ ᠤᠨ ᠠᠭᠤᠷ ᠠᠮᠢᠰᠬᠤᠯ ᠤᠨ ᠨᠥᠬᠦᠴᠡᠯ ᠲᠠᠢ ᠤᠶᠠᠯᠳᠤᠭᠤᠯᠤᠨ᠂ ᠣᠷᠴᠢᠨ ᠲᠣᠭᠤᠷᠢᠨ ᠤ

ᠬᠠᠮᠠᠭᠠᠯᠠᠯᠲᠠ ᠶᠢ ᠠᠷᠪᠢᠯᠠᠬᠤ᠂ ᠥᠭᠡᠷᠡᠴᠢᠯᠡᠬᠦ ᠵᠠᠷᠤᠳᠠᠯ ᠪᠠᠭ᠎ᠠ᠂ ᠬᠡᠷᠡᠭᠯᠡᠬᠦ ᠳᠤ ᠳᠥᠭᠦᠮ ᠥᠭᠡᠷᠡᠴᠢᠯᠡᠬᠦ ᠲᠥᠰᠦᠯ ᠢ

ᠲᠣᠭᠲᠠᠭᠠᠪᠠ᠃ ᠬᠤᠩ ᠫᠠᠨ ᠰᠢᠶᠠᠩ ᠤᠨ ᠶᠠᠨ ᠬᠠᠢ ᠲᠣᠰᠬᠤᠨ ᠳᠤ ᠲᠤᠷᠰᠢᠯᠲᠠ ᠬᠢᠵᠦ᠂ ᠤᠰᠤᠲᠤ ᠪᠠᠯᠭᠠᠰᠤᠨ ᠳᠤ

ᠳᠥᠷᠪᠡᠨ ᠡᠷᠦᠬᠡ ᠶᠢᠨ ᠵᠣᠷᠯᠣᠩ ᠢ ᠥᠭᠡᠷᠡᠴᠢᠯᠡᠯᠲᠡ ᠬᠢᠵᠦ᠂ ᠲᠣᠰᠬᠤᠨ ᠤ ᠠᠷᠠᠳ ᠤᠨ ᠰᠠᠶᠢᠨ ᠦᠨᠡᠯᠡᠯᠲᠡ ᠶᠢ

ᠣᠯᠵᠠᠶ᠃

      ᠰᠣᠷᠪᠣᠯᠵᠢᠯᠠᠭ᠎ᠠ᠄  ᠥᠪᠥᠷ ᠮᠣᠩᠭᠤᠯ ᠤᠨ ᡁᠢ ᠲᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠳᠣ ᠺᠣᠮᠫᠠᠨᠢ ᠶᠢᠨ ᠶᠡᠷᠣᠩᠭᠡᠢ ᠵᠠᠬᠢᠷᠣᠯ     ᠾᠧᠦ ᡁᠢ ᠭᠠᠩ

      ᠮᠠᠨ ᠤ ᠺᠣᠮᠫᠠᠨᠢ ︽ᠵᠣᠷᠯᠣᠩ ᠤᠨ ᠬᠤᠪᠢᠰᠬᠠᠯ︾ ᠢ ᠴᠢᠬᠤᠯᠠ ᠲᠥᠷᠥᠯ ᠵᠦᠢᠯ ᠪᠣᠯᠭᠠᠨ ᠠᠳᠬᠤᠵᠤ᠂

ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠬᠡᠪᠡᠷ ᠰᠠᠶᠢᠵᠢᠷᠠᠭᠤᠯᠵᠤ᠂ ᠲᠠᠷᠢᠶᠠᠴᠢᠳ ᠤᠨ ᠣᠷᠣᠨ

ᠰᠠᠭᠤᠴᠡ ᠶᠢ ᠨᠠᠩ ᠲᠠᠭᠠᠯᠠᠮᠵᠢᠲᠠᠶ ᠪᠣᠯᠭᠠᠬᠤ ᠶᠢᠨ ᠬᠠᠮᠲᠤ ᠪᠢ ᠨᠠᠩ ᠣᠯᠠᠨ ᠴᠢᠳᠠᠪᠤᠷᠢ ᠲᠠᠢ ᠠᠵᠤ ᠠᠬᠤᠶᠢᠯᠠᠯ ᠢ

ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠣᠯᠳᠡ ᠳᠤ ᠣᠷᠣᠯᠴᠠᠵᠤ᠂ ᠬᠦᠴᠦᠨ

ᠨᠡᠮᠡᠷᠢᠯᠡᠬᠦ ᠶᠢ ᠤᠷᠢᠶᠠᠯᠠᠵᠤ ᠪᠠᠶᠢᠨ᠎ᠠ᠃

      ᠮᠠᠨ ᠤ ᠬᠤᠰᠢᠭᠤ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ︾ ᠤ ᠪᠦᠲᠦᠭᠡᠨ ᠪᠠᠶᠢᠭᠤᠯᠣᠯᠳᠡ ᠪᠠᠷ

ᠭᠠᠷᠳᠠᠵᠦ᠂ ︽ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠪᠣᠯᠪᠠᠰᠤᠨ

ᠰᠢᠨ᠎ᠡ ᠬᠡᠪ ᠰᠤᠷᠲᠠᠯ ᠢ ᠬᠦᠮᠦᠵᠢᠭᠦᠯᠬᠦ᠂ ᠰᠣᠶᠣᠯ ᠢᠶᠠᠷ ᠬᠥᠲᠥᠯᠥᠨ ᠳᠠᠭᠠᠭᠤᠯᠬᠤ ᠶᠢ ᠴᠢᠩᠭᠠᠳᠬᠠᠬᠤ︾ ᠪᠠᠷ

ᠵᠢᠯᠣᠭᠤᠳᠣᠯᠭ᠎ᠠ ᠪᠣᠯᠭᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ

ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠨᠢᠭᠡᠳᠦᠯᠲᠡᠶ ᠳᠤ ᠲᠥᠯᠥᠪᠵᠢᠭᠦᠯᠬᠦ ᠲᠠᠢ

ᠤᠶᠠᠯᠳᠤᠭᠤᠯᠬᠤ ᠶᠢ ᠢᠳᠡᠪᠬᠢᠲᠡᠢ ᠠᠬᠢᠭᠤᠯᠵᠤ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ

ᠲᠣᠭᠤᠷᠢᠨ ᠪᠣᠯᠤᠨ ᠲᠣᠰᠬᠤᠨ ᠤ ᠳᠦᠷᠰᠦ ᠪᠠᠶᠢᠳᠠᠯ ᠢ ᠪᠦᠬᠦ ᠬᠦᠴᠦᠨ ᠢᠶᠠᠷ ᠰᠠᠶᠢᠵᠢᠷᠠᠭᠤᠯᠵᠤ᠂ ᠶᠠᠳᠠᠭᠤ ᠠᠴᠠ

ᠠᠩᠭᠢᠵᠢᠷᠠᠭᠤᠯᠬᠤ ᠪᠣᠭᠤᠮᠲᠠ ᠰᠢᠪᠲᠤᠯᠬᠤ  ᠠᠯᠬᠤᠴᠡ ᠶᠢ ᠲᠦᠷᠭᠡᠳᠬᠡᠨ᠎ᠡ᠃

   

   

                ᠬᠠᠷᠢᠭᠤᠴᠬᠠᠰᠠᠨ ᠨᠠᠶᠢᠷᠠᠭᠤᠯᠣᠨᠨᠴᠢ᠄  ᠭᠧ ᠲᠣᠸᠠᠨ ᠯᠢᠶᠡᠨ

 

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号