ᠮᠠᠨ ᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠣᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠠᠭᠢᠭᠤᠯᠤᠭᠰᠠᠨ ᠪᠠᠶᠢᠨ᠎ᠠ
ᠨᠡᠶᠢᠲᠡᠯᠡᠭᠰᠡᠨ ᠴᠠᠭ᠄
2019-07-26
     ᠡᠨᠡ ᠵᠢᠯ᠂ ᠮᠠᠨ ᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ︽ᠨᠢᠭᠡ ᠲᠡᠯᠭᠡᠭᠦᠷ ᠲᠤ ᠨᠢᠭᠡ ᠬᠤᠭ ᠤᠨ ᠰᠠᠪᠠ︾ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯᠯᠠᠭ᠎ᠠ ᠶᠢ ᠥᠷᠨᠢᠭᠦᠯᠵᠦ᠂ ᠡᠯ᠎ᠡ ᠭᠤᠤᠯ ᠳᠡᠳ᠋ ᠵᠠᠮ ᠳᠡᠭᠡᠷᠡᠬᠢ ᠵᠡᠭᠡᠯᠢ ᠭᠤᠳᠤᠮᠵᠢ ᠶᠢᠨ ᠬᠤᠳᠠᠯᠳᠤᠭᠠᠨ ᠤ ᠡᠷᠦᠬᠡ ᠶᠢᠨ ᠭᠠᠳᠠᠨ᠎ᠠ ᠲᠥᠷᠥᠯ  ᠬᠤᠪᠢᠶᠠᠬᠤ ᠬᠤᠭ ᠤᠨ ᠰᠠᠪᠠ ᠶᠢ ᠲᠠᠯᠪᠢᠬᠤ ᠶᠢᠨ ᠬᠠᠮᠲᠤ ᠪᠠᠰᠠ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠨᠠᠷᠢᠨ ᠬᠢᠨᠠᠮᠠᠭᠠᠶ ᠤᠬᠠᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠵᠢᠷᠤᠮᠵᠢᠭᠤᠯᠬᠤ᠂ ᠪᠠᠶᠢᠩᠭᠤᠵᠢᠭᠤᠯᠬᠤ᠂ ᠤᠷᠲᠤ ᠬᠤᠭᠤᠴᠠᠭ᠎ᠠ ᠪᠦᠲᠦᠮᠵᠢᠲᠡᠶ ᠪᠣᠯᠭᠠᠬᠤ ᠠᠵᠢᠯ ᠤᠨ ᠲᠣᠭᠲᠠᠴᠠ ᠶᠢ ᠠᠯᠬᠤᠮ ᠠᠯᠬᠤᠮ ᠢᠶᠠᠷ  ᠲᠡᠭᠦᠯᠳᠡᠷᠵᠢᠭᠦᠯᠦᠭᠰᠡᠨ ᠪᠠᠶᠢᠨ᠎ᠠ  ᠃

      ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ

ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ

ᠬᠤᠪᠢᠶᠠᠬᠤ ᠠᠵᠢᠯ ᠢ ᠡᠷᠴᠢᠮ ᠲᠠᠢ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ︽ᠲᠥᠷᠥᠯ ᠬᠤᠪᠢᠶᠠᠨ

ᠲᠠᠯᠪᠢᠬᠤ᠂ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ᠂ ᠲᠥᠷᠥᠯ ᠬᠤᠪᠢᠶᠠᠨ

ᠰᠢᠢᠳᠪᠤᠷᠢᠯᠡᠭᠦ︾  ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠭ ᠨᠣᠪᠰᠢ ᠶᠢ ᠲᠥᠷᠥᠯ

ᠬᠤᠪᠢᠶᠠᠬᠤ ᠳᠦᠷᠢᠮ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠬᠤᠭ ᠨᠣᠪᠰᠢ ᠶᠢ

ᠲᠥᠷᠥᠯ ᠬᠤᠪᠢᠶᠠᠬᠤ ᠠᠵᠢᠯ ᠢ ᠯᠠᠪᠳᠠᠭᠤᠨ ᠪᠠᠲᠤᠲᠠᠶ᠂ ᠦᠷᠭᠦᠯᠵᠢᠯᠡᠨ᠂ ᠪᠦᠲᠦᠮᠵᠢᠲᠡᠶ ᠠᠬᠢᠭᠤᠯᠵᠤ᠂ ᠬᠤᠭ

ᠨᠣᠪᠰᠢ ᠶᠢ ᠲᠥᠷᠥᠯ ᠬᠤᠪᠢᠶᠠᠬᠤ ᠠᠵᠢᠯ ᠢ  ᠰᠠᠶᠢᠳᠤᠷ ᠭᠢᠵᠦ ᠭᠥᠮᠤᠰ ᠤᠨ ᠰᠠᠨᠠᠭᠠᠨ ᠳᠤ ᠭᠦᠷᠭᠡᠵᠦ᠂ ᠤᠯᠠᠨ

ᠲᠦᠮᠡᠨ ᠳᠤ ᠶᠡᠭᠡᠳᠡ ᠲᠠᠭᠠᠯᠠᠭᠳᠠᠭᠰᠠᠨ ᠪᠠᠶᠢᠨ᠎ᠠ  ᠃

      ᠰᠤᠷᠪᠤᠯᠵᠢᠯᠠᠭ᠎ᠠ᠄  ᠶᠢ ᠰᠢᠶᠠᠩ ᠶᠤᠸᠠᠨ ᠬᠤᠭᠤᠯᠠᠨ ᠭᠡᠷ ᠤᠨ ᠬᠠᠷᠢᠭᠤᠴᠠᠯᠭᠠᠲᠠᠨ            ᠵᠠᠩ

ᠯᠢᠨ ᠢᠦᠶ  ᠄

     ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠪᠢᠳᠡᠨ ᠳᠤ ᠡᠨᠡ ᠬᠤᠭ ᠤᠨ ᠰᠠᠪᠠ ᠶᠢ  ᠬᠤᠪᠢᠶᠠᠵᠦ

ᠥᠭᠭᠦᠭᠰᠡᠨ ᠪᠠᠶᠢᠨ᠎ᠠ᠂ ᠠᠵᠢᠯᠳᠡᠨ ᠠᠴᠠ ᠪᠢᠳᠡᠨ ᠳᠤ ᠬᠤᠭ ᠨᠣᠪᠰᠢ ᠶᠢ ᠲᠥᠷᠥᠯ ᠬᠤᠪᠢᠶᠠᠬᠤ ᠳᠦᠷᠢᠮ  

ᠲᠣᠨᠨᠳᠠᠭᠠᠯ ᠢ ᠲᠠᠶᠢᠯᠪᠦᠷᠢᠯᠠᠵᠦ ᠥᠭᠴᠡᠢ᠂ ᠮᠠᠨ ᠤ ᠶᠢ ᠰᠢᠶᠠᠩ ᠶᠤᠸᠠᠨ ᠬᠤᠭᠤᠯᠠᠨ ᠭᠡᠷ ᠯᠠᠪ ᠬᠤᠲᠠ ᠶᠢᠨ

ᠬᠠᠮᠢᠶᠠᠷᠤᠯᠲᠠ ᠶᠢᠨ ᠲᠣᠪᠴᠢᠶ᠎ᠠ ᠶᠢᠨ ᠱᠠᠭᠠᠷᠳᠠᠯᠭ᠎ᠠ ᠶᠣᠰᠣᠭᠠᠷ ᠬᠤᠭ ᠨᠣᠪᠰᠢ ᠶᠢ ᠲᠥᠷᠥᠯ  ᠬᠤᠪᠢᠶᠠᠵᠦ ᠬᠠᠶᠠᠨ᠎ᠠ  ᠂

 ᠲᠡᠭᠡᠭᠡᠳ ᠪᠢᠳᠡᠨ ᠥᠪᠡᠷ ᠤᠨ ᠴᠢᠷᠮᠠᠶᠢᠯᠭ᠎ᠠ ᠪᠠᠷ ᠢᠶᠠᠨ  ᠲᠠᠮᠵᠢᠨ ᠲᠤᠮᠳᠠᠳᠤ ᠬᠤᠰᠢᠭᠤᠨ ᠤ ᠪᠠᠨ ᠵᠡᠭᠡᠯᠢ

ᠭᠤᠳᠤᠮᠵᠢ ᠶᠢᠨ ᠣᠷᠴᠢᠨ ᠲᠣᠭᠤᠷᠢᠨ  ᠢ ᠤᠯᠠᠮ ᠰᠠᠶᠢᠨ ᠪᠣᠯᠭᠠᠬᠤ ᠶᠢ ᠬᠦᠰᠡᠵᠦ ᠪᠠᠶᠢᠨ᠎ᠠ  ᠃

     ᠣᠳᠣᠬᠠᠨ ᠳᠤ᠂ 15 ᠵᠡᠭᠡᠯᠢ ᠭᠤᠳᠤᠮᠵᠢ ᠶᠢᠨ 1800 ᠭᠠᠷᠤᠶ ᠭᠦᠷᠰᠢ ᠵᠡᠷᠭᠡᠯᠡᠳᠡᠭᠡ ᠵᠡᠭᠡᠯᠢ ᠶᠢᠨ

ᠬᠤᠳᠠᠯᠳᠤᠭᠠᠨ ᠤ ᠡᠷᠦᠬᠡ ᠶᠢᠨ ᠭᠠᠳᠠᠨ᠎ᠠ ᠲᠥᠷᠥᠯ ᠬᠤᠪᠢᠶ᠋ᠬᠠᠰᠠᠨ ᠬᠤᠭ ᠤᠨ  ᠰᠠᠪᠠ ᠶᠢ ᠲᠠᠯᠪᠢᠵᠤ᠂ ᠣᠷᠴᠢᠨ

ᠲᠣᠭᠤᠷᠢᠨ ᠤ ᠬᠠᠮᠠᠭᠠᠯᠠᠯᠲᠠ ᠶᠢᠨ ᠬᠤᠭ ᠨᠣᠪᠰᠢ ᠶᠢ ᠬᠤᠷᠢᠶᠠᠨ ᠴᠤᠭᠯᠠᠭᠤᠯᠬᠤ ᠮᠠᠰᠢᠨ ᠲᠡᠷᠭᠡ ᠶᠢ ᠲᠤᠬᠢᠷᠠᠭᠤᠯᠤᠨ

ᠲᠣᠭᠲᠠᠭᠰᠠᠨ ᠭᠠᠵᠠᠷ ᠲᠤ ᠬᠤᠭ ᠨᠣᠪᠰᠢ ᠶᠢ ᠬᠤᠷᠢᠶᠠᠨ ᠴᠤᠭᠯᠠᠭᠤᠯᠵᠤ᠂ ᠣᠯᠠᠨ ᠲᠦᠮᠡᠨ ᠤ ᠠᠮᠢᠳᠤᠷᠠᠯ ᠤᠨ

ᠳᠠᠳᠬᠠᠯ ᠢ ᠠᠯᠬᠤᠮ ᠠᠯᠬᠤᠮ ᠢᠶᠠᠷ ᠰᠠᠶᠢᠵᠢᠷᠠᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠰᠠᠶᠢᠲᠤᠷ

ᠬᠢᠬᠦ ᠬᠡᠷᠡᠭᠳᠡᠢ᠃

     ᠰᠤᠷᠪᠤᠯᠵᠢᠯᠠᠭ᠎ᠠ᠄      ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ

ᠬᠡᠷᠡᠭᠵᠢᠭᠦᠯᠬᠦ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠨᠢᠭᠡᠳᠦᠭᠡᠷ ᠶᠡᠭᠡ ᠠᠩᠭᠢ ᠶᠢᠨ ᠳᠠᠷᠤᠭ᠎ᠠ                

ᠸᠠᠩ ᠯᠦ ᠶᠦᠩ  ᠄

      ᠮᠠᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ 7 ᠰᠠᠷ᠎ᠠ ᠶᠢᠨ 15 ᠤ ᠡᠳᠦᠷ ᠠᠴᠠ ᠡᠬᠢᠯᠡᠨ᠂ ᠪᠥᠬᠦ

ᠬᠤᠰᠢᠭᠤᠨ ᠤ ᠭᠤᠤᠯ ᠵᠡᠭᠡᠯᠢ ᠭᠤᠳᠤᠮᠵᠢ ᠶᠢᠨ ᠬᠤᠳᠠᠯᠳᠤᠭᠠᠴᠢᠳ ᠲᠤ ᠬᠤᠭ ᠤᠨ ᠰᠠᠪᠠ ᠲᠦᠭᠡᠭᠡᠵᠦ ᠥᠭᠭᠦᠭᠰᠡᠨ

ᠪᠥᠭᠡᠳ ᠬᠠᠤᠯᠢ ᠬᠡᠷᠡᠭᠵᠢᠭᠦᠯᠬᠦ ᠠᠵᠢᠯᠲᠠᠨ ᠲᠣᠮᠢᠯᠠᠵᠤ ᠡᠯ᠎ᠡ ᠬᠤᠳᠠᠯᠳᠤᠭᠠᠴᠢᠨ ᠳᠤ ᠬᠤᠭ ᠨᠣᠪᠰᠢ ᠶᠢ ᠬᠡᠷᠬᠢᠨ

ᠲᠥᠷᠥᠯ ᠬᠤᠪᠢᠶᠠᠬᠤ᠂ ᠬᠤᠭ ᠨᠣᠪᠰᠢ ᠶᠢ ᠬᠡᠷᠬᠢᠨ ᠰᠢᠢᠳᠪᠤᠷᠢᠯᠡᠬᠦ ᠶᠢ ᠲᠠᠶᠢᠯᠪᠦᠷᠢᠯᠠᠬᠤ ᠥᠭᠴᠡᠢ᠂ ᠠᠳᠡ

ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠥᠷᠭᠡᠨ ᠣᠯᠠᠨ ᠬᠤᠲᠠ ᠶᠢᠨ ᠢᠷᠭᠡᠳ ᠲᠤ ᠲᠣᠭᠲᠠᠭᠰᠠᠨ

ᠴᠠᠭ ᠲᠤ ᠬᠤᠭ ᠨᠣᠪᠰᠢ ᠪᠠᠨ ᠬᠠᠶᠠᠬᠤ ᠶᠢ ᠰᠠᠨᠠᠭᠤᠯᠬᠤ ᠶᠢᠨ ᠬᠠᠮᠲᠤ  ᠬᠠᠷᠢᠯᠴᠠᠨ  ᠭᠢᠨᠠᠯᠳᠠ ᠲᠠᠯᠪᠢᠬᠤ ᠶᠢ

ᠣᠷᠢᠶᠠᠯᠠᠵᠦ ᠪᠠᠶᠢᠨ᠎ᠠ  ᠃

ᠣᠷᠴᠢᠭᠤᠯᠣᠨᠨᠴᠢ᠄  

   

                        ᠬᠠᠷᠢᠭᠤᠴᠬᠠᠰᠠᠨ ᠨᠠᠶᠢᠷᠠᠭᠤᠯᠣᠨᠨᠴᠢ᠄  ᠭᠧ ᠲᠣᠸᠠᠨ ᠯᠢᠶᠡᠨ

   

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号