ᠤᠯᠠᠭᠠᠨᠴᠠᠪ ᠬᠤᠲᠠ ᠶᠢᠨ ᠬᠦᠢᠳᠡᠨᠰᠢᠯᠢ ᠵᠢᠭᠤᠯᠴᠢᠯᠠᠯ ᠤᠨ ᠲᠥᠪ              — ᠤᠯᠤᠰ ᠤᠨ ᠳᠡᠰ ᠤᠨ A A A ᠦᠵᠡᠮᠵᠢ ᠶᠢᠨ
ᠨᠡᠶᠢᠲᠡᠯᠡᠭᠰᠡᠨ ᠴᠠᠭ᠄
2019-07-26
                ᠣᠯᠠᠭᠠᠨᠴᠠᠪ ᠤᠨ ᠬᠦᠢᠳᠡᠨᠰᠢᠯᠢ ᠵᠢᠭᠤᠯᠴᠢᠯᠠᠯ ᠤᠨ ᠲᠥᠪ ᠢ ᠪᠠᠰᠠ ᠤᠯᠠᠭᠠᠨᠴᠠᠪ ᠤᠨ ᠭᠠᠳᠠᠭᠠᠳᠤ ᠶᠠᠪᠤᠳᠠᠯ ᠤᠨ ᠵᠢᠭᠤᠯᠴᠢᠯᠠᠯ ᠤᠨ ᠬᠦᠯᠢᠶᠡᠨ ᠠᠪᠬᠤ ᠲᠥᠪ ᠭᠡᠳᠡᠭ᠂ ᠲᠤᠰ ᠦᠵᠡᠮᠵᠢ ᠶᠢᠨ ᠣᠷᠣᠨ ᠨᠢ  ᠵᠥᠸᠧᠽᠢ ᠱᠠᠨ ᠠᠭᠤᠯᠠ ᠶᠢᠨ G6 ᠦᠨᠳᠣᠷ ᠬᠤᠷᠳᠣᠴᠠᠳᠣ ᠵᠠᠰᠠᠮᠠᠯ ᠵᠠᠮ ᠠᠴᠠ 35 ᠺᠢᠯᠣᠮᠧᠲᠷ᠂ G7 ᠦᠨᠳᠣᠷ ᠬᠤᠷᠳᠣᠴᠠᠳᠣ ᠵᠠᠰᠠᠮᠠᠯ ᠵᠠᠮ ᠣᠷᠣᠬᠤ ᠭᠠᠵᠠᠷ ᠠᠴᠠ 15 ᠺᠢᠯᠣᠮᠧᠲᠷ᠂ ᠬᠥᠬᠡᠪᠦᠷ ᠪᠠᠯᠭᠠᠰᠤ ᠠᠴᠠ 20 ᠺᠢᠯᠣᠮᠧᠲᠷ ᠵᠠᠶᠢᠲᠠᠶ ᠪᠠᠶᠢᠵᠤ᠂ ᠦᠵᠡᠮᠵᠢ ᠶᠢᠨ ᠣᠷᠣᠨ ᠤ ᠭᠤᠤᠯ ᠵᠠᠮ ︵ᠵᠦᠸᠧᠴᠢ ᠲᠣᠮᠳᠡᠳᠣ ᠬᠤᠰᠢᠭᠤᠨ ᠤ ᠵᠠᠰᠠᠮᠠᠯ ᠵᠠᠮ︶ ᠠᠴᠠ 7 . 5 ᠺᠢᠯᠣᠮᠧᠲᠷ ᠵᠠᠶᠢᠲᠠᠶ ᠪᠠᠶᠢᠨ᠎ᠠ᠃ 2007 ᠣᠨ ᠳᠤ ᠲᠤᠰ ᠦᠵᠡᠮᠵᠢ ᠶᠢᠨ ᠣᠷᠣᠨ ᠢ ᠤᠯᠤᠰ  ᠤᠨ ᠲᠡᠰ ᠤᠨ 3 A ᠦᠵᠡᠮᠵᠢ ᠶᠢᠨ ᠣᠷᠣᠨ ᠪᠣᠯᠭᠠᠪᠠ᠃ ᠤᠤᠯ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠬᠤᠷᠢᠶᠠᠨ ᠳᠠᠷᠤᠭ᠎ᠠ ᠪᠥᠬᠡ ᠠᠳᠡ ᠢᠷᠡᠵᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ᠃ ᠲᠤᠰ ᠦᠵᠡᠮᠵᠢ ᠶᠢᠨ ᠣᠷᠣᠨ ᠤ ᠲᠠᠯᠠᠪᠠᠢ ᠨᠢ ᠪᠠᠷᠤᠭ 800 ᠮᠤ᠋ ᠪᠠᠶᠢᠵᠤ᠂ 60 ᠭᠠᠷᠤᠶ ᠮᠣᠩᠭᠤᠯ ᠭᠡᠷ᠂ 20 ᠪᠠᠶᠢᠯᠳᠤᠭᠠᠨ ᠤ ᠲᠡᠷᠭᠡ᠂ 10 ᠲᠣᠮᠣ ᠬᠤᠯᠪᠣᠭᠠᠯᠬᠠᠰᠠᠨ ᠮᠣᠩᠭᠤᠯ ᠭᠡᠷ᠂ 25 ᠡᠩ ᠤᠨ ᠮᠣᠩᠭᠤᠯ ᠭᠡᠷ᠂ 3 ᠲᠣᠮᠣ ᠬᠤᠭᠤᠯᠠᠨ ᠭᠡᠷ ᠵᠡᠷᠭᠡ ᠪᠠᠶᠢᠵᠦ ᠬᠠᠮᠳᠣᠪᠡᠷ 600 ᠬᠥᠮᠥᠨ ᠬᠤᠭᠤᠯᠯᠠᠵᠦ ᠪᠠᠭᠳᠠᠨ᠎ᠠ᠃ ᠲᠡᠷᠭᠡᠨ ᠵᠣᠭᠰᠣᠭᠠᠯ᠂ ᠬᠦᠯᠢᠶᠡᠨ ᠲᠣᠰᠬᠤ ᠬᠡᠯᠲᠡᠰ᠂ ᠲᠠᠸᠠᠷ ᠤᠨ ᠬᠡᠯᠲᠡᠰ᠂ ᠵᠢᠭᠤᠯᠴᠢᠯᠬᠠᠴᠢ ᠶᠢᠨ ᠦᠢᠯᠡᠴᠢᠯᠡᠭᠡᠨ ᠤ ᠲᠥᠪ ᠵᠡᠷᠭᠡ ᠲᠥᠬᠦᠭᠡᠷᠦᠮᠵᠢ ᠪᠠᠶᠢᠳᠠᠭ᠃         ᠵᠤᠭ᠎ᠠ ᠴᠡᠩᠭᠡᠯ ᠤᠨ ᠵᠦᠢᠯ ᠳᠤ ᠮᠣᠷᠢ ᠤᠷᠤᠯᠳᠤᠬᠤ᠂ ᠪᠥᠬᠡ ᠪᠠᠷᠢᠯᠳᠤᠬᠤ᠂ ᠰᠤᠷ ᠬᠠᠷᠪᠤᠬᠤ᠂  ᠬᠠᠰᠠᠭ ᠲᠡᠷᠭᠡᠨ ᠳᠤ ᠰᠠᠭᠤᠬᠤ᠂ ᠮᠣᠩᠭᠤᠯ ᠦᠨᠳᠦᠰᠦᠲᠡᠨ ᠤ ᠬᠤᠷᠢᠮ ᠤᠨ ᠶᠣᠰᠣᠯᠠᠯ ᠰᠣᠨᠢᠷᠬᠠᠬᠤ᠂ ᠣᠪᠣᠭ᠎ᠠ ᠳᠠᠬᠢᠬᠤ᠂ ᠮᠠᠯᠴᠢᠨ ᠠᠶᠢᠯ ᠳᠤ ᠠᠶᠢᠯᠴᠢᠯᠠᠬᠤ᠂ ᠮᠣᠷᠢ ᠤᠨᠤᠬᠤ᠂ ᠬᠠᠰᠠᠭ ᠲᠡᠷᠭᠡᠨ ᠳᠤ ᠰᠠᠭᠤᠵᠤ ᠲᠠᠯ᠎ᠠ ᠨᠤᠲᠤᠭ ᠢᠶᠠᠷ ᠵᠤᠭᠠᠴᠠᠬᠤ᠂ ᠢᠷᠦᠭᠡᠯ ᠮᠬᠠᠳᠠᠭᠠᠯ ᠰᠣᠨᠣᠰᠬᠤ᠂ ᠨᠠᠷᠠ ᠮᠠᠨᠳᠤᠬᠤ ᠶᠢ ᠦᠵᠡᠬᠦ᠂ ᠬᠠᠳᠠᠭ ᠡᠷᠭᠦᠬᠦ᠂ ᠲᠦᠳᠡᠭ ᠭᠠᠯ ᠤᠨ ᠦᠳᠡᠰᠢᠯᠡᠭᠡ᠂ ᠮᠣᠷᠢᠨ ᠬᠤᠭᠤᠷ ᠤᠨ ᠢᠷᠦᠭᠡᠯ ᠵᠡᠷᠭᠡ ᠬᠡᠳᠦᠨ ᠠᠷᠪᠠᠨ ᠵᠦᠢᠯ ᠪᠣᠢ᠃       ᠣᠳᠣᠬᠠᠨ ᠳᠤ ᠮᠣᠩᠭᠤᠯ ᠦᠨᠳᠦᠰᠦᠲᠡᠨ ᠤ ᠣᠨᠴᠠᠯᠢᠭᠲᠤ ᠢᠳᠡᠭᠡᠨ ᠤᠮᠳᠠᠭᠠᠨ ᠳᠤ ᠭᠤᠤᠯᠳᠠᠭᠤ ᠬᠠᠭᠤᠷᠠᠭᠰᠠᠨ ᠪᠤᠳᠠᠭ᠎ᠠ᠂ ᠰᠦ ᠲᠠᠢ ᠴᠠᠢ᠂ ᠴᠡᠭᠡ ᠵᠡᠷᠭᠡ ᠪᠤᠢ᠂ ᠡᠳᠡᠭᠡᠷ ᠢᠳᠡᠭᠡᠨ ᠤᠮᠳᠠᠭᠠᠨ ᠨᠢ ᠴᠥᠮ ᠲᠤᠬᠠᠶ ᠶᠢᠨ ᠭᠠᠵᠠᠷ ᠤᠨ ᠥᠪᠡᠷ ᠢᠶᠠᠨ ᠦᠢᠯᠡᠳᠪᠦᠷᠢᠯᠡᠭᠰᠡᠨ ᠪᠣᠬᠢᠷᠲᠤᠯ ᠥᠬᠡᠶ ᠡᠷᠡᠬᠦᠯ ᠴᠢᠬᠢᠷᠠᠭ  ᠢᠳᠡᠭᠡᠨ ᠪᠣᠯᠤᠨ᠎ᠠ᠃                               ᠬᠠᠷᠢᠯᠴᠠᠬᠤ ᠬᠥᠮᠥᠨ᠄ ᠳᠠᠩ ᠴᠢᠩ ᠳ᠋ᠦᠩ                       ᠤᠲᠠᠰᠤ᠄ 13947471964                                                         ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号