| ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠪᠣᠯ ᠤᠯᠤᠰ ᠤᠨ ᠲᠡᠰ ᠤᠨ ᠶᠠᠳᠠᠭᠤ ᠶᠢ ᠲᠡᠳᠬᠦᠵᠦ | ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠬᠤᠰᠢᠭᠤ ᠰᠢᠶᠠᠨ ᠤ ᠨᠢᠭᠡ ᠨᠢ ᠪᠣᠯᠤᠨ᠎ᠠ᠃ ᠣᠯᠠᠭᠠᠨᠴᠠᠪ | ᠬᠤᠳᠡ ᠵᠢᠨᠲ᠋ᠣᠮᠳᠡ ᠬᠡᠰᠡᠭ ᠢᠶᠠᠷ ᠪᠠᠶᠢᠷᠢᠯᠠᠵᠦ᠂ ᠵᠡᠬᠦᠨᠰᠢ ᠴᠠᠬᠠᠷ ᠪᠠᠷᠠᠭᠤᠨ ᠭᠠᠷᠤᠨ ᠬᠤᠶᠢᠳᠦ ᠬᠤᠰᠢᠭᠤ ᠲᠠᠢ | ᠵᠠᠯᠭᠠᠯᠳᠣᠵᠦ᠂ ᠡᠮᠦᠨᠡᠰᠢ ᠵᠦᠸᠧᠽᠢ ᠰᠢᠶᠡᠨ ᠲᠠᠢ ᠵᠠᠯᠭᠠᠯᠳᠣᠵᠦ᠂ ᠪᠠᠷᠠᠭᠤᠨᠰᠢ ᠪᠠ ᠬᠤᠶᠢᠰᠢ ᠲᠦᠷᠪᠡᠳ ᠬᠤᠰᠢᠭᠤ | ᠲᠠᠢ ᠵᠠᠯᠭᠠᠯᠳᠣᠵᠦ ᠪᠠᠶᠢᠨ᠎ᠠ᠃ ᠪᠥᠬᠦ ᠭᠠᠵᠠᠷ ᠰᠢᠷᠣᠶ ᠶᠢᠨ ᠲᠠᠯᠠᠪᠠᠢ ᠨᠢ 4190 . 2 ᠲᠡᠭᠰᠢ ᠳᠥᠷᠪᠡᠯᠵᠢᠨ | ᠺᠢᠯᠣᠮᠧᠲᠷ ᠪᠠᠶᠢᠵᠤ᠂ 2 ᠰᠤᠮᠤ᠂ 4 ᠰᠢᠶᠡᠩ ᠪᠠ 5 ᠪᠠᠯᠭᠠᠰᠤ᠂ 1 ᠬᠦᠷᠢᠶᠡᠯᠡᠩ ᠲᠣᠭᠤᠷᠢᠭ ᠲᠠᠢ ᠪᠠᠶᠢᠵᠦ᠂ | ᠡᠷᠦᠬᠡ ᠠᠮᠠ ᠶᠢᠨ ᠳᠠᠩᠰᠠ ᠲᠠᠢ ᠬᠥᠮᠥᠨ ᠠᠮᠠ 22 . 5 ᠲᠦᠮᠡ᠂ ᠴᠥᠭᠡᠨ ᠲᠣᠭᠠᠲᠤ ᠦᠨᠳᠦᠰᠦᠲᠡᠨ 0 . 65 | ᠲᠦᠮᠡ ᠪᠠᠶᠢᠵᠤ᠂ ᠡᠭᠦᠨ ᠳᠤ ᠮᠣᠩᠭᠤᠯ ᠦᠨᠳᠦᠰᠦᠲᠡᠨ 0 . 47 ᠲᠦᠮᠡᠨ ᠬᠦᠮᠦᠨ ᠪᠠᠶᠢᠨ᠎ᠠ᠃ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠪᠣᠯ ᠵᠦᠩᠶᠤᠸᠠᠨ ᠣᠷᠣᠨ ᠪᠠ ᠪᠠᠷᠠᠭᠤᠨ ᠬᠤᠶᠢᠳᠣ | ᠣᠷᠣᠨ ᠢ ᠬᠤᠯᠪᠣᠭᠰᠠᠨ ᠴᠢᠬᠤᠯᠠ ᠬᠤᠳᠠᠯᠳᠤᠭᠠᠨ ᠤ ᠵᠠᠮ ᠪᠣᠯᠤᠨ᠎ᠠ᠂ ᠣᠳᠣ ᠪᠦᠸᠧᠬᠠᠶ ᠲᠠᠩᠭᠢᠰ ᠢ ᠲᠣᠭᠤᠷᠢᠭᠰᠠᠨ | ᠠᠵᠤ ᠠᠬᠤᠢ ᠶᠢᠨ ᠬᠦᠷᠢᠶ᠎ᠡ᠂ ᠬᠥᠬᠡᠬᠤᠲᠠ ᠪᠤᠭᠤᠲᠤ ᠣᠷᠳᠣᠰ ᠤᠨ ᠬᠡᠰᠡᠭ ᠤᠨ ᠴᠢᠬᠤᠯᠠ ᠰᠠᠴᠤᠷᠠᠯᠲᠠ ᠶᠢᠨ | ᠣᠷᠣᠨ ᠪᠣᠯᠬᠤ ᠪᠥᠭᠡᠳ ᠪᠠᠰᠠ ᠴᠤ ᠣᠯᠠᠭᠠᠨᠴᠠᠪ ᠳ᠋ᠠᠲ᠋ᠦ᠋ᠩ ᠤᠨ ᠠᠵᠤ ᠠᠬᠤᠢ ᠶᠢᠨ ᠬᠠᠮᠵᠢᠯᠴᠠᠭ᠎ᠠ ᠶᠢᠨ ᠴᠢᠬᠤᠯᠠ | ᠴᠢᠳᠠᠮᠵᠢᠲᠤ ᠣᠷᠣᠨ ᠪᠣᠯᠤᠨ᠎ᠠ᠃ ᠬᠤᠰᠢᠭᠤᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠬᠦᠬᠡᠪᠦᠷ ᠪᠠᠯᠭᠠᠰᠣ | ᠨᠢ ᠨᠡᠶᠢᠰᠯᠡᠯ ᠪᠡᠭᠡᠵᠢᠩ ᠠᠴᠠ 390 ᠺᠢᠯᠣᠮᠧᠲᠷ᠂ ᠬᠦᠬᠡᠬᠤᠳᠡ ᠠᠴᠠ 90 ᠺᠢᠯᠣᠮᠧᠲᠷ ᠵᠠᠶᠢᠲᠠᠶ ᠪᠠᠶᠢᠵᠤ᠂ | ᠬᠤᠲᠠ ᠶᠢᠨ ᠵᠠᠰᠠᠭ ᠤᠨ ᠣᠷᠳᠣᠨ ᠤ ᠵᠢᠨᠢᠩ ᠲᠣᠭᠤᠷᠢᠭ ᠠᠴᠠ 55 ᠺᠢᠯᠣᠮᠧᠲᠷ ᠵᠠᠶᠢᠲᠠᠶ ᠪᠠᠶ᠋ᠳᠠᠭ᠄ ᠭᠤᠸᠠᠩᠳᠦ᠋ᠩ | ᠭᠤᠸᠠᠩᠰᠢ ᠶᠢᠨ ᠦᠨᠳᠣᠷ ᠬᠤᠷᠳᠣᠴᠠᠳᠣ ᠵᠠᠰᠠᠮᠠᠯ ᠵᠠᠮ᠂ 208 ᠤᠯᠤᠰ ᠤᠨ ᠵᠠᠮ ᠠᠴᠠ 70 ᠺᠢᠯᠣᠮᠧᠲᠷ ᠵᠠᠶᠢᠲᠠᠶ | ᠪᠠᠶᠢᠳᠠᠭ᠄ ᠵᠢᠨᠢᠩ ᠤᠨ ᠨᠢᠰᠬᠡᠯ ᠤᠨ ᠪᠠᠭᠤᠳᠠᠯ ᠠᠴᠠ 50 ᠺᠢᠯᠣᠮᠧᠲᠷ ᠵᠠᠶᠢᠳᠡᠢ᠂ ᠬᠦᠬᠡᠬᠤᠳᠡ ᠶᠢᠨ ᠨᠢᠰᠬᠡᠯ ᠤᠨ | ᠪᠠᠭᠤᠳᠠᠯ ᠠᠴᠠ 100 ᠺᠢᠯᠣᠮᠧᠲᠷ ᠵᠠᠶᠢᠲᠠᠶ ᠪᠠᠶᠢᠳᠠᠭ᠄ ᠪᠠᠶᠢᠭᠤᠯᠵᠦ ᠪᠠᠶᠢᠭ᠎ᠠ G 27 ᠥᠨᠳᠥᠷ ᠬᠤᠷᠳᠤᠴᠠᠲᠤ | ᠵᠠᠰᠠᠮᠠᠯ ᠵᠠᠮ᠂ ᠪᠠᠶ ᠱᠦᠢ ᠮᠤᠵᠢ ᠶᠢᠨ ᠬᠤᠭᠤᠷᠣᠨᠳᠣᠬᠢ ᠶᠡᠭᠡ ᠵᠠᠮ ᠨᠢ ᠴᠠᠬᠠᠷ ᠪᠠᠷᠠᠭᠤᠨ ᠭᠠᠷᠤᠨ ᠳᠤᠮᠳᠠᠳᠤ | ᠬᠤᠰᠢᠭᠤ ᠪᠠᠷ ᠦᠩᠭᠡᠷᠡᠵᠦ᠂ ᠵᠠᠮ ᠬᠠᠷᠢᠯᠴᠠᠭ᠎ᠠ ᠮᠠᠰᠢ ᠳᠥᠭᠦᠮ ᠪᠠᠶᠢᠳᠠᠭ᠃ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠥᠨᠢ ᠤᠳᠠᠭᠠᠨ ᠲᠡᠦᠬᠡ ᠲᠠᠢ ᠪᠠᠶᠢᠵᠤ᠂ ᠲᠠᠪᠤᠨ ᠮᠢᠩᠭ᠎ᠠ | ᠭᠠᠷᠤᠶ ᠵᠢᠯ ᠤᠨ ᠡᠮᠦᠨ᠎ᠡ ᠳᠠᠷᠤᠶ ᠬᠥᠮᠥᠨ ᠲᠥᠷᠥᠯᠬᠢᠲᠡᠨ ᠦᠷᠡᠵᠢᠨ ᠲᠥᠯᠵᠢᠵᠦ ᠪᠠᠢᠭᠰᠠᠨ ᠪᠥᠭᠡᠳ ᠤᠮᠠᠷᠠᠲᠤ | ᠣᠷᠣᠨ ᠤ ᠴᠥᠭᠡᠨ ᠲᠣᠭᠠᠲᠤ ᠦᠨᠳᠦᠰᠦᠲᠡᠨ ᠣᠷᠣᠰᠢᠨ ᠲᠣᠨᠨᠳᠠᠨᠢᠵᠦ ᠪᠠᠶᠢᠵᠠᠢ᠃ ᠴᠦᠨ ᠴᠢᠦ ᠪᠠᠶᠢᠯᠳᠤᠭᠠᠨᠲᠤ | ᠤᠯᠤᠰ ᠠᠴᠠ ᠥᠶ᠎ᠡ ᠳᠤ ᠡᠾᠦ᠋ᠩᠨᠣ ᠰᠠᠭᠤᠵᠤ᠂ ᠸᠧᠶ ᠤᠯᠤᠰ ᠤᠨ ᠤᠯᠤᠰ ᠤᠨ ᠦᠶ᠎ᠡ ᠳᠤ ᠤᠮᠠᠷᠠᠲᠤ ᠸᠧᠶ | ᠤᠯᠤᠰ ᠤᠨ ᠲᠤᠯᠭᠠᠭᠤᠷ ᠲᠥᠷᠥ ᠶᠢ ᠨᠡᠭᠡᠭᠡᠭᠰᠡᠨ ᠬᠠᠭᠠᠨ ᠳᠦᠫᠡᠨ ᠰᠠᠭᠤᠵᠤ ᠪᠠᠶᠢᠪᠠ᠃ ᠡᠩᠬᠡ ᠠᠮᠤᠭᠤᠯᠠᠩ ᠣᠨ | ᠠᠷᠪᠠᠨ ᠳᠥᠷᠪᠡᠳᠦᠭᠡᠷ ᠣᠨ ᠳᠤ ᠡᠩᠬᠡ ᠠᠮᠤᠭᠤᠯᠠᠩ ᠬᠠᠭᠠᠨ ᠮᠣᠩᠭᠤᠯ ᠴᠠᠬᠠᠷ ᠠᠶᠢᠮᠠᠭ ᠲᠤ ᠨᠡᠭᠦᠳᠡᠯᠯᠡᠨ | ᠮᠠᠯᠵᠢᠵᠤ᠂ ᠪᠠᠷᠠᠭᠤᠨ ᠭᠠᠷᠤᠨ ᠬᠥᠪᠡᠭᠡᠲᠦ ᠤᠯᠠᠭᠠᠨ ᠬᠤᠰᠢᠭᠤ᠂ ᠬᠥᠪᠡᠭᠡᠲᠦ ᠬᠥᠬᠡ ᠬᠤᠰᠢᠭᠤ ᠪᠠᠶᠢᠭᠤᠯᠵᠦ᠂ | ᠬᠤᠶᠠᠷ ᠬᠤᠰᠢᠭᠤᠨ ᠤ ᠬᠢᠯᠢ ᠳᠣᠲᠣᠷ᠎ᠠ ᠲᠤᠤᠯᠢᠨ ᠲᠢᠩᠬᠢᠮ ᠪᠠᠶᠢᠭᠤᠯᠪᠠ᠄ 1954 ᠣᠨ ᠳᠤ ᠬᠥᠪᠡᠭᠡᠲᠦ ᠬᠥᠬᠡ | ᠬᠥᠪᠡᠭᠡᠲᠦ ᠤᠯᠠᠭᠠᠨ ᠬᠤᠯᠪᠣᠭᠠᠲᠤ ᠬᠤᠰᠢᠭᠤ ᠨᠢ ᠲᠤᠤᠯᠢᠨ ᠰᠢᠶᠠᠨ ᠲᠠᠢ ᠨᠡᠶᠢᠯᠡᠵᠦ᠂ ᠴᠠᠬᠠᠷ ᠪᠠᠷᠠᠭᠤᠨ ᠭᠠᠷᠤᠨ | ᠳᠤᠮᠳᠠᠳᠤ ᠬᠤᠰᠢᠭᠤ ᠭᠡᠵᠦ ᠥᠭᠡᠷᠡᠴᠢᠯᠡᠨ ᠪᠠᠶᠢᠭᠤᠯᠪᠠ᠃ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠨᠢ ᠳᠤᠮᠳᠠ ᠰᠡᠷᠢᠭᠦᠨ ᠪᠦᠰᠡ ᠳᠤ ᠪᠠᠶᠢᠷᠢᠯᠠᠵᠤ᠂ | ᠨᠡᠶᠢᠲᠡᠯᠢᠭ ᠡᠬᠡ ᠭᠠᠵᠠᠷ ᠤᠨ ᠴᠢᠨᠠᠷᠲᠠᠶ ᠠᠭᠤᠷ ᠠᠮᠢᠰᠬᠤᠯ ᠳᠤ ᠬᠠᠷᠢᠶᠠᠯᠠᠭᠳᠠᠵᠤ᠂ ᠡᠳᠦᠷ ᠰᠥᠨᠢ ᠶᠢᠨ ᠳᠤᠯᠠᠭᠠᠨ ᠤ | ᠵᠥᠷᠢᠶ᠎ᠡ ᠶᠡᠭᠡ᠂ ᠵᠢᠯ ᠤᠨ ᠬᠤᠷ᠎ᠠ ᠲᠤᠨᠳᠠᠰᠤᠨ ᠤ ᠬᠡᠮᠵᠢᠶ᠎ᠡ ᠨᠢ ᠪᠠᠭ᠎ᠠ ᠮᠥᠷᠲᠡᠭᠡᠨ ᠲᠥᠪᠯᠡᠷᠡᠩᠭᠦᠶ᠂ ᠬᠢᠷᠠᠭᠤ ᠥᠬᠡᠶ | ᠬᠤᠭᠤᠴᠠᠭ᠎ᠠ ᠨᠢ 100 ᠡᠳᠦᠷ ᠣᠷᠴᠢᠮ ᠪᠠᠶᠢᠵᠤ᠂ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ 1 . 3 ℃ | ᠪᠠᠶᠢᠵᠤ᠂ ᠠᠭᠤᠷ ᠠᠮᠢᠰᠬᠤᠯ ᠨᠢ ᠰᠡᠷᠢᠭᠦᠨ ᠲᠠᠭᠠᠯᠠᠮᠵᠢᠲᠠᠶ᠂ ᠬᠤᠷ᠎ᠠ ᠪᠣᠷᠣᠭᠠᠨ ᠨᠢ ᠲᠣᠬᠢᠷᠠᠮᠵᠢᠲᠠᠶ᠂ ᠬᠠᠭᠤᠷᠠᠶ | ᠨᠣᠶᠢᠳᠡᠨ ᠨᠢ ᠲᠣᠬᠢᠷᠠᠮᠵᠢᠲᠠᠶ᠂ ᠬᠥᠮᠦᠰ ᠤᠨ ᠣᠷᠣᠰᠢᠨ ᠠᠮᠢᠳᠤᠷᠠᠬᠤ ᠲᠠᠭᠠᠯᠠᠮᠵᠢᠲᠠᠶ ᠣᠷᠴᠢᠨ ᠲᠣᠭᠤᠷᠢᠨ ᠪᠣᠯᠤᠨ᠎ᠠ᠃ | ᠬᠢᠯᠢ ᠶᠢᠨ ᠳᠣᠲᠣᠷᠠᠬᠢ ᠤᠯᠤᠰ ᠠᠴᠠ 4 A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠦᠢᠳᠡᠨ | ᠰᠢᠯᠢ ᠶᠢᠨ ᠥᠨᠳᠥᠷ ᠠᠭᠤᠯᠠ ᠶᠢᠨ ᠨᠤᠭᠤ ᠨᠤᠲᠤᠭ ᠪᠡᠯᠴᠢᠭᠡᠷ ᠪᠠ ᠬᠦᠷᠢᠶ᠎ᠡ ᠰᠤᠮᠤ ᠶᠢᠨ ᠲᠠᠯ᠎ᠠ ᠭᠠᠵᠠᠷ ᠤᠨ ᠨᠤᠲᠤᠭ | ᠪᠡᠯᠴᠢᠭᠡᠷ ᠬᠠᠷᠢᠯᠴᠠᠨ ᠠᠪᠴᠠᠯᠳᠤᠵᠤ ᠪᠠᠶᠢᠳᠠᠭ᠄ ᠪᠣᠬᠢᠷᠲᠤᠯ ᠥᠬᠡᠶ ᠣᠷᠭᠠᠨᠢᠭ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠡᠬᠢ ᠪᠠᠶᠠᠯᠢᠭ ᠡᠯᠪᠡᠭ ᠪᠠᠶᠢᠵᠤ᠂ ︽ᠴᠡᠪᠡᠷ ᠡᠨᠧᠷᠭᠢ ᠶᠢᠨ ᠨᠡᠶᠢᠰᠯᠡᠯ︾᠂ ︽ | ᠪᠣᠭᠤᠳᠡᠢ ᠶᠢᠨ ᠬᠤᠲᠠ︾᠂ ︽ᠵᠤᠰᠠᠯᠠᠩ ᠤᠨ ᠣᠷᠣᠨ︾ ᠪᠠ ︽ᠤᠯᠠᠭᠠᠨ ᠬᠤᠣᠯᠣᠪᠠᠩ ᠤᠨ ᠨᠤᠲᠤᠭ︾ | ᠬᠡᠮᠡᠭᠳᠡᠭᠰᠡᠨ ᠪᠠᠶᠢᠨ᠎ᠠ᠃ | | | ᠣᠷᠴᠢᠭᠤᠯᠣᠨᠨᠴᠢ᠄ ᠭᠧ ᠲᠣᠸᠠᠨ ᠯᠢᠶᠡᠨ |