ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠢᠤᠢ ᠬᠤᠩ ᡁᠢ ᠨᠡᠷ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠳᠤ ᠭᠦᠨᠵᠡᠭᠡᠶᠢᠷᠡᠨ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠪᠠ ᠲᠡᠭ ᠢ ᠠᠷᠢᠯᠭᠠᠵᠤ ᠪᠠᠷᠢᠮᠵᠢᠶ᠎ᠠ ᠳᠤ ᠬᠦᠷᠭᠡᠬᠦ ᠠᠵᠢᠯ ᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2019-07-29
         7 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ ᠬᠤᠩ ᡁᠢ ᠨᠥᠬᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠬᠤᠶᠠᠳᠤᠭᠠᠷ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠤᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠠᠪᠤᠳᠤᠭᠠᠷ ᠳᠤᠭᠤᠶᠢᠯᠠᠩ ᠤᠨ ᠳᠠᠷᠤᠭ᠎ᠠ ᠯᠢ ᠰᠢᠶᠣᠤ ᠹᠧᠩ ᠨᠥᠬᠦᠷ ᠮᠠᠨ ᠤ ᠬᠤᠰᠢᠭᠤᠨ ᠳᠤ ᠬᠦᠷᠴᠦ ᠢᠷᠡᠭᠡᠳ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠪᠠ ᠲᠡᠭ ᠢ ᠠᠷᠢᠯᠭᠠᠵᠤ ᠪᠠᠷᠢᠮᠵᠢᠶ᠎ᠠ ᠳᠤ ᠬᠦᠷᠦᠭᠦᠯᠬᠦ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠤᠯᠠᠭᠠᠨᠴᠠᠪ ᠬᠤᠲᠠ ᠶᠢᠨ ᠳᠡᠳ᠋ ᠳᠠᠷᠤᠭ᠎ᠠ ᠶᠤᠸᠠᠢ ᠶᠠᠨ ᠮᠧᠶ ᠨᠥᠬᠦᠷ᠂ ᠤᠯᠠᠭᠠᠨᠴᠠᠪ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠬᠦᠶ ᠫᠢᠩ ᠨᠥᠬᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᠴᠤᠤ ᠨᠥᠬᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠵᠢᠶᠧ ᠨᠥᠬᠦᠷ ᠵᠢᠴᠢ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃

       ᠰᠢᠤᠢ ᠬᠤᠩ ᡁᠢ ᠨᠡᠷ ᠤᠷᠢᠳ ᠬᠤᠵᠢᠳ ᠬᠤᠰᠢᠭᠤᠨ ᠤ ᠡᠮᠨᠡᠯᠭᠡ ᠶᠢᠨ ᠬᠤᠷᠢᠶ᠎ᠠ᠂ ᠬᠤᠩ ᠫᠠᠨ ᠰᠢᠶᠠᠩ ᠤᠨ

ᠡᠷᠡᠭᠦᠯ ᠬᠠᠮᠠᠭᠠᠯᠠᠯ ᠤᠨ ᠬᠤᠷᠢᠶ᠎ᠠ᠂ ᠤᠰᠤᠲᠤ ᠪᠠᠯᠭᠠᠰᠤᠨ ᠤ ᠡᠮᠨᠡᠯᠭᠡ ᠶᠢᠨ ᠬᠤᠷᠢᠶ᠎ᠠ᠂ ᠡᠯ ᠳ᠋ᠤᠤ ᠭᠸᠤ ᠶᠢᠨ ᠡᠷᠡᠭᠦᠯ

ᠬᠠᠮᠠᠭᠠᠯᠠᠯ ᠤᠨ ᠲᠠᠰᠤᠭ᠂ ᠤᠰᠤᠲᠤ ᠪᠠᠯᠭᠠᠰᠤᠨ ᠤ ᠶᠡᠭᠡ ᠪᠠᠶᠢᠰᠢᠩ ᠤᠨ ᠡᠷᠡᠭᠦᠯ ᠬᠠᠮᠠᠭᠠᠯᠠᠯ ᠤᠨ ᠲᠠᠰᠤᠭ᠂  ᠵᠡᠭᠡᠷᠡᠲᠦ

ᠬᠤᠲᠠ ᠪᠠᠯᠭᠠᠰᠣᠨ ᠤ ᠡᠷᠡᠭᠦᠯ ᠬᠠᠮᠠᠭᠠᠯᠠᠯ ᠤᠨ ᠲᠠᠰᠤᠭ᠂ ᠭᠤᠸᠠᠩ ᠢ ᠯᠦᠩ ᠪᠠᠯᠭᠠᠰᠤᠨ ᠤ ᠨᠠᠷᠢᠨ ᠡᠷᠡᠭᠦᠯ ᠬᠠᠮᠠᠭᠠᠯᠠᠯ ᠤᠨ

ᠳᠠᠰᠤᠭ ᠲᠤ ᠬᠦᠷᠴᠦ ᠬᠤᠰᠢᠭᠤᠨ ᠤ ᠡᠮᠨᠡᠯᠭᠡ ᠶᠢᠨ ᠬᠤᠷᠢᠶᠠᠨ ᠤ ᠭᠤᠤᠯ ᠪᠣᠯᠬᠤ ᠰᠠᠯᠠᠭ᠎ᠠ ᠲᠠᠰᠤᠭ᠂ ᠡᠮᠴᠢᠯᠡᠭᠡᠨ ᠤ

ᠲᠥᠬᠦᠭᠡᠷᠦᠮᠵᠢ᠂ ᠡᠮᠨᠡᠯᠭᠡ ᠶᠢᠨ ᠠᠵᠢᠯᠲᠠᠨ ᠲᠣᠬᠢᠷᠠᠭᠤᠯᠤᠭᠰᠠᠨ᠂ ᠶᠠᠳᠠᠭᠤ ᠬᠦᠴᠢᠷᠳᠡᠯᠲᠡᠶ ᠡᠪᠡᠳᠴᠢᠲᠡᠨ ᠤ ᠡᠪᠡᠳᠴᠢᠨ

ᠦᠵᠡᠭᠦᠯᠦᠭᠰᠡᠨ ᠶᠠᠪᠤᠴᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠡᠷᠡᠭᠦᠯ ᠬᠠᠮᠠᠭᠠᠯᠠᠯ ᠤᠨ ᠬᠤᠷᠢᠶ᠎ᠠ ᠵᠢᠴᠢ ᠡᠷᠡᠭᠦᠯ

ᠬᠠᠮᠠᠭᠠᠯᠠᠯ ᠤᠨ ᠳᠠᠰᠤᠭ ᠲᠤ᠂ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠶᠠᠳᠠᠭᠤ ᠶᠢ ᠲᠡᠳᠬᠦᠬᠦ ᠪᠣᠭᠤᠮᠲᠠ ᠰᠢᠪᠲᠤᠯᠬᠤ

ᠳᠠᠶᠢᠯᠠᠯᠳᠤᠭᠠᠨ ᠤ ᠢᠯᠠᠯᠲᠠ ᠶᠢ ᠣᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠢ ᠰᠣᠨᠣᠰᠴᠤ᠂

ᠡᠮᠨᠡᠯᠭᠡ ᠶᠢᠨ ᠬᠤᠷᠢᠶ᠎ᠠ ᠶᠢᠨ ᠳᠣᠲᠣᠷᠠᠬᠢ ᠲᠥᠬᠦᠭᠡᠷᠦᠮᠵᠢ ᠲᠣᠬᠢᠷᠠᠭᠤᠯᠤᠭᠰᠠᠨ ᠪᠠᠶᠢᠳᠡᠯ ᠵᠢᠴᠢ ᠲᠠᠷᠢᠯᠭ᠎ᠠ᠂ ᠠᠯᠤᠰ ᠵᠠᠶ ᠶᠢᠨ

ᠡᠮᠴᠢᠯᠡᠭᠡ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠳᠡ ᠵᠢᠴᠢ ᠪᠠᠷᠢᠮᠵᠢᠶ᠎ᠠ ᠳᠤ ᠬᠦᠷᠭᠡᠬᠦ ᠵᠡᠷᠭᠡ ᠠᠵᠢᠯ ᠥᠷᠨᠢᠭᠦᠯᠦᠭᠰᠡᠨ

ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠠᠯᠭᠠᠰᠤᠨ ᠤ ᠵᠠᠰᠠᠭ ᠤᠨ ᠣᠷᠳᠣᠨ ᠳᠤ ᠪᠠᠶᠢᠴᠠᠭᠠᠨ ᠰᠤᠳᠤᠯᠬᠤ ᠶᠠᠷᠢᠯᠴᠠᠬᠤ

ᠬᠤᠷᠠᠯ ᠬᠤᠷᠠᠯᠳᠤᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠪᠠᠶᠢᠭᠤᠯᠤᠮᠵᠢ ᠪᠣᠯᠤᠨ ᠬᠥᠳᠡᠭᠡ

ᠲᠣᠰᠬᠤᠨ ᠤ ᠡᠮᠴᠢ ᠶᠢᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ ᠰᠣᠨᠣᠰᠪᠠ  ᠃

     ᠰᠢᠤᠢ ᠬᠤᠩ ᡁᠢ ᠡᠷᠬᠢᠯᠡᠭᠴᠢ ᠠᠴᠠ ᠲᠠᠷᠠᠭᠠᠴᠢ ᠶᠢᠨ ᠠᠯᠬᠤᠮ ᠤᠨ ᠶᠠᠳᠠᠭᠤ ᠶᠢ ᠲᠡᠳᠬᠦᠬᠦ ᠠᠵᠢᠯ ᠢ ᠦᠨᠡᠨ ᠬᠦ

ᠰᠠᠶᠢᠲᠤᠷ ᠬᠢᠵᠦ᠂ ᠬᠦᠴᠦᠨ ᠢᠶᠠᠨ ᠲᠥᠪᠯᠡᠷᠡᠭᠦᠯᠦᠨ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠳᠤ

ᠲᠤᠯᠭᠠᠷᠠᠵᠤ ᠪᠠᠶᠢᠭ᠎ᠠ ᠲᠣᠪᠦ᠋ᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ

ᠰᠢᠪᠲᠤᠯᠤᠯᠲᠠ ᠶᠢᠨ ᠣᠨ ᠤ ᠬᠠᠷᠠᠯᠲᠠ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢᠨ ᠲᠥᠯᠥᠭᠡ ᠲᠣᠭᠲᠠᠭᠠᠭᠰᠠᠨ

ᠲᠤᠰᠬᠠᠶ ᠠᠵᠢᠯᠯᠠᠭ᠎ᠠ ᠶᠢ ᠦᠨᠡᠨ ᠬᠦ ᠪᠠᠲᠤᠯᠠᠬᠤ ᠬᠡᠷᠡᠭᠲᠡᠶ᠃ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠬᠦᠷᠢᠶᠡᠨ ᠳᠤ

ᠴᠢᠭᠯᠡᠭᠦᠯᠦᠨ᠂ ᠭᠤᠤᠯᠳᠠᠭᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠨᠳᠦᠰᠦᠨ ᠡᠮ ᠡᠮᠨᠡᠯᠭᠡ ᠶᠢᠨ ᠬᠡᠷᠡᠭᠴᠡᠭᠡ

ᠱᠠᠭᠠᠷᠳᠠᠯᠭ᠎ᠠ ᠶᠢ ᠪᠠᠷᠢᠮᠵᠢᠶ᠎ᠠ ᠳᠤ ᠬᠦᠷᠭᠡᠬᠦ ᠶᠢ ᠪᠠᠲᠤᠯᠠᠬᠤ ᠵᠢᠴᠢ ᠦᠨᠳᠦᠰᠦᠨ ᠱᠠᠲᠤᠨ ᠤ ᠲᠥᠯᠥᠭᠡᠯᠡᠭᠴᠢᠳ ᠤᠨ

ᠲᠤᠰᠬᠠᠭᠰᠠᠨ ᠠᠰᠠᠭᠤᠳᠠᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ

ᠦᠨᠳᠦᠰᠦᠨ ᠱᠠᠲᠤᠨ ᠤ ᠡᠮ ᠡᠮᠨᠡᠯᠭᠡ ᠶᠢᠨ  ᠦᠢᠯᠡᠴᠢᠯᠡᠭᠡᠨ ᠤ ᠴᠢᠳᠠᠪᠤᠷᠢ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ

ᠬᠡᠷᠡᠭᠲᠡᠶ ᠭᠡᠵᠦ ᠵᠢᠭᠠᠵᠦ ᠭᠠᠷᠭᠠᠪᠠ᠃

     

       ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠡᠷᠬᠢᠯᠡᠭᠴᠢ ᠰᠢᠤᠢ ᠬᠤᠩ ᡁᠢ ᠮᠠᠨ ᠤ ᠬᠤᠰᠢᠭᠤᠨ ᠤ

ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠪᠠᠷᠢᠮᠵᠢᠶ᠎ᠠ ᠳᠤ ᠬᠦᠷᠦᠭᠰᠡᠨ ᠵᠦᠢᠯ ᠳᠤ ᠰᠡᠳᠬᠢᠯ ᠬᠠᠨᠤᠮᠵᠢᠲᠠᠶ ᠪᠠᠶᠢᠬᠤ

ᠪᠠ ᠦᠨᠳᠣᠷ ᠦᠨᠡᠯᠡᠬᠦ ᠶᠢᠨ ᠬᠠᠮᠲᠤ᠂ ᠤᠯᠠᠨ ᠢ ᠠᠵᠢᠯ ᠢᠶᠠᠨ ᠦᠷᠭᠦᠯᠵᠢᠯᠡᠨ ᠰᠠᠶᠢᠲᠤᠷ ᠬᠢᠵᠦ᠂ ᠦᠨᠳᠦᠰᠦᠨ ᠱᠠᠲᠤᠨ ᠤ

ᠡᠮ ᠡᠮᠨᠡᠯᠭᠡ ᠶᠢᠨ  ᠦᠢᠯᠡᠴᠢᠯᠡᠭᠡ ᠶᠢ ᠨᠠᠷᠢᠨ ᠬᠢᠨᠠᠮᠠᠭᠠᠶ ᠰᠠᠶᠢᠲᠤᠷ ᠬᠢᠵᠦ᠂ ᠪᠠᠭ᠎ᠠ ᠡᠪᠡᠳᠴᠢᠨ ᠢ ᠲᠣᠰᠬᠤᠨ ᠠᠴᠠ ᠪᠠᠨ

ᠭᠠᠷᠭᠠᠬᠤ ᠦᠭᠡᠢ᠂ ᠦᠷᠭᠦᠯᠵᠢ ᠲᠣᠬᠢᠶᠠᠯᠳᠤᠬᠤ ᠡᠪᠡᠳᠴᠢᠨ ᠢ ᠰᠢᠶᠠᠨ ᠠᠴᠠ ᠪᠠᠨ ᠭᠠᠷᠭᠠᠬᠤ ᠦᠭᠡᠢ ᠪᠠᠶᠢᠬᠤ ᠠᠰᠠᠭᠤᠳᠠᠯ ᠢ

ᠦᠨᠡᠨᠬᠦ ᠰᠠᠶᠢᠲᠤᠷ  ᠰᠢᠢᠳᠪᠦᠷᠢᠯᠡᠵᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠪᠣᠭᠤᠮᠲᠠ ᠰᠢᠪᠲᠤᠯᠬᠤ

ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠥᠯᠥᠭᠡ ᠴᠢᠷᠮᠠᠶᠢᠬᠤ ᠬᠡᠷᠡᠭᠲᠡᠶ ᠭᠡᠵᠦ ᠵᠣᠷᠢᠭᠵᠢᠭᠤᠯᠪᠠ᠃

       

                                ᠵᠣᠬᠢᠶ᠋ᠬᠠᠴᠢ᠄  ᠴᠠᠩ ᠸᠧᠢ ᠭᠤᠸᠠᠩ

                                ᠣᠷᠴᠢᠭᠤᠯᠣᠨᠨᠴᠢ᠄  ᠭᠧ ᠲᠣᠸᠠᠨ ᠯᠢᠶᠡᠨ

       

 
ᠢᠷᠡᠯᠲᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号