ᠴᠠᠬᠠᠷ ᠪᠠᠷᠠᠭᠤᠨ‌ᠭᠠᠷᠤᠨ ᠲᠤᠮᠲᠠᠲᠤ ᠬᠤᠰᠢᠭᠤᠨ ᠤ ᠨᠠᠮ ᠵᠠᠰᠠᠭ ᠤᠨ ᠤᠳᠤᠷᠢᠳᠤᠯᠭ᠎ᠠ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠢ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-07-03
    ᠣᠯᠠᠨ ᠲᠦᠮᠡᠨ ᠳᠤ ᠲᠠᠭᠠᠰᠢᠶᠠᠭᠳᠠᠭᠰᠠᠨ ᠰᠠᠨᠠᠭ᠎ᠠ ᠠᠮᠤᠷ ᠢᠨᠵᠧᠨᠧᠷᠢᠩ᠂ ᠰᠣᠳᠣᠨ ᠢᠨᠵᠧᠨᠧᠷᠢᠩ ᠢ ᠪᠦᠬᠦ ᠬᠦᠴᠦᠨ ᠢᠶᠠᠷ ᠪᠠᠶᠢᠭᠤᠯᠤᠨ᠎ᠠ᠃ 7 ᠰᠠᠷ᠎ᠠ ᠶᠢᠨ 1 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢᠦ ᠴᠤᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠭᠤᠤ ᠰᠧᠨ ᠵᠡᠷᠭᠡ ᠤᠳᠤᠷᠢᠳᠤᠯᠭ᠎ᠠ ᠮᠠᠨ ᠤ ᠬᠤᠰᠢᠭᠤᠨ ᠤ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃

    ᠮᠠᠨ ᠤ ᠬᠤᠰᠢᠭᠤᠨ ᠤ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠢᠨᠵᠧᠨᠧᠷᠢᠩ ᠤᠨ ᠪᠦᠲᠦᠭᠡᠨ

ᠪᠠᠶᠢᠭᠤᠯᠤᠯᠲᠠ ᠶᠢᠨ ᠲᠤᠬᠠᠶ ᠶᠢᠨ ᠲᠠᠯᠠᠪᠠᠢ ᠳᠤ᠂ ᠯᠢᠦ ᠴᠤᠤ᠂ ᠭᠤᠤ ᠰᠧᠨ ᠵᠡᠷᠭᠡ ᠤᠳᠤᠷᠢᠳᠤᠯᠭ᠎ᠠ

ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ ᠦᠵᠡᠵᠦ᠂ ᠪᠠᠷᠢᠯᠭ᠎ᠠ ᠶᠢᠨ ᠨᠢᠭᠡᠴᠡ ᠶᠢᠨ

ᠠᠵᠢᠯ ᠤᠨ ᠠᠬᠢᠴᠠ ᠶᠢ ᠰᠣᠨᠣᠰᠴᠤ᠂ ᠳᠠᠷᠠᠭ᠎ᠠ ᠠᠯᠬᠤᠮ ᠤᠨ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ

ᠢᠨᠵᠧᠨᠧᠷᠢᠩ ᠢ ᠲᠤᠬᠢᠷᠠᠭᠤᠯᠤᠨ ᠪᠠᠶᠢᠷᠢᠯᠠᠭᠤᠯᠪᠠ᠃

    ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂

ᠯᠢᠦ ᠴᠤᠤ᠂ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠪᠣᠯ ᠥᠷᠭᠡᠨ ᠣᠯᠠᠨ ᠶᠠᠳᠠᠭᠤ ᠬᠦᠴᠢᠷᠳᠡᠯᠲᠡᠶ

ᠣᠯᠠᠨ ᠲᠦᠮᠡᠨ ᠳᠤ ᠠᠰᠢᠭ ᠬᠦᠷᠲᠡᠭᠡᠬᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠳᠤ ᠬᠤᠯᠪᠣᠭᠳᠠᠬᠤ ᠤᠷᠤᠭᠰᠢᠲᠠᠶ

ᠶᠠᠳᠠᠭᠤ ᠠᠴᠠ ᠠᠩᠭᠢᠵᠢᠷᠠᠭᠤᠯᠬᠤ ᠨᠢᠭᠡ ᠵᠦᠶᠯ ᠤᠨ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠬᠠᠮᠢᠶ᠎ᠠ

ᠪᠦᠬᠦᠢ ᠬᠠᠷᠢᠭᠤᠴᠠᠯᠭᠠᠲᠤ ᠨᠢᠭᠡᠴᠡ ᠡᠷᠬᠡᠪᠰᠢ ᠢᠨᠵᠧᠨᠧᠷᠢᠩ ᠤᠨ ᠠᠬᠢᠴᠠ ᠶᠢ ᠴᠢᠩᠭ᠎ᠠ ᠠᠩᠬᠠᠷᠴᠤ᠂ ᠬᠥᠮᠦᠨ ᠬᠠᠷ᠎ᠠ

ᠨᠡᠮᠡᠵᠦ᠂ ᠠᠵᠢᠯ ᠶᠢᠨ ᠬᠤᠭᠤᠴᠠᠭ᠎ᠠ ᠶᠢ ᠨᠢ ᠲᠣᠩᠭᠤᠷᠤᠭᠤᠯᠤᠨ ᠲᠣᠬᠢᠷᠠᠭᠤᠯᠵᠤ᠂ ᠶᠠᠳᠠᠭᠤ ᠬᠦᠴᠢᠷᠳᠡᠯᠲᠡᠶ

ᠡᠷᠦᠬᠡ ᠶᠢ ᠤᠷᠤᠭᠰᠢᠲᠠᠶ ᠨᠡᠭᠦᠯᠭᠡᠨ ᠰᠠᠭᠤᠯᠭᠠᠬᠤ ᠶᠢ ᠪᠡᠶᠡᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃

    ᠯᠢᠦ ᠴᠤᠤ ᠴᠢᠬᠤᠯᠠᠴᠢᠯᠠᠭᠰᠠᠨ ᠨᠢ᠂ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ

ᠴᠢᠩᠭᠠᠳᠬᠠᠵᠤ᠂ ᠠᠶᠤᠯᠭᠦᠶ ᠦᠶᠯᠡᠳᠪᠦᠷᠢᠯᠡᠯ ᠢ ᠪᠠᠲᠤᠯᠠᠭᠰᠠᠨ ᠤᠷᠢᠲᠠᠯ ᠳᠣᠤᠷ᠎ᠠ᠂ ᠪᠠᠷᠢᠯᠭ᠎ᠠ ᠶᠢᠨ ᠠᠬᠢᠴᠠ ᠶᠢ

ᠦᠨᠡᠨ ᠬᠦ ᠲᠦᠷᠭᠡᠳᠬᠡᠵᠦ᠂ ᠲᠥᠷᠥᠯ ᠵᠦᠶᠯ ᠢ ᠴᠠᠭ ᠤᠨ ᠵᠠᠩᠭᠢᠯᠠᠭ᠎ᠠ ᠶᠢᠨ ᠴᠡᠭ ᠢᠶᠠᠷ ᠲᠤᠭ᠎ᠠ ᠶᠣᠰᠣᠭᠠᠷ

ᠪᠡᠶᠡᠯᠡᠭᠦᠯᠬᠦ ᠶᠢ ᠪᠠᠲᠤᠯᠠᠵᠤ᠂ ᠨᠡᠭᠦᠯᠭᠡᠬᠦ ᠣᠯᠠᠨ ᠲᠦᠮᠡᠨ ᠢ ᠡᠷᠲᠡᠬᠡᠨ ᠰᠢᠨ᠎ᠡ ᠣᠷᠣᠨ ᠰᠠᠭᠤᠴᠠ ᠳᠤ ᠰᠠᠭᠤᠯᠭᠠᠬᠤ

ᠬᠡᠷᠡᠭᠲᠡᠶ᠃ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠤᠯᠤᠰ ᠲᠥᠷᠥ ᠶᠢᠨ

ᠬᠦᠴᠦᠨ ᠢᠶᠠᠨ ᠳᠡᠭᠡᠭᠰᠢᠯᠡᠭᠦᠯᠵᠦ᠂ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠢᠨᠵᠧᠨᠧᠷᠢᠩ ᠤᠨ ᠪᠦᠲᠦᠭᠡᠨ

ᠪᠠᠶᠢᠭᠤᠯᠤᠯᠲᠠ ᠶᠢᠨ ᠠᠵᠢᠯ ᠢ ᠲᠡᠭᠡᠲᠤ ᠬᠡᠮᠵᠢᠶ᠎ᠡ ᠪᠠᠷ ᠴᠢᠬᠤᠯᠠᠴᠢᠯᠠᠵᠤ᠂ ᠨᠡᠭᠦᠯᠭᠡᠨ ᠰᠢᠯᠵᠢᠭᠦᠯᠬᠦ ᠡᠷᠦᠬᠡ ᠳᠤ ᠴᠡᠪᠡᠷ

ᠲᠡᠭᠰᠢ ᠣᠷᠣᠨ ᠰᠠᠭᠤᠴᠠ ᠶᠢᠨ ᠣᠷᠴᠢᠨ ᠲᠣᠭᠤᠷᠢᠨ ᠢ ᠬᠠᠩᠭᠠᠵᠤ᠂ ᠠᠮᠢᠳᠤᠷᠠᠯ ᠤᠨ ᠶᠠᠰᠤ ᠴᠢᠨᠠᠷ ᠢ

ᠳᠡᠭᠡᠭᠰᠢᠯᠡᠭᠦᠯᠦᠨ᠂ ᠨᠡᠭᠦᠯᠭᠡᠨ ᠰᠢᠯᠵᠢᠭᠦᠯᠬᠦ ᠣᠯᠠᠨ ᠲᠦᠮᠡᠨ ᠤ ᠡᠮᠬᠢ ᠳᠢᠭᠯᠢᠮ ᠲᠠᠢ ᠨᠡᠭᠦᠯᠭᠡᠬᠦ ᠶᠢ ᠦᠨᠡᠨᠬᠦ ᠪᠠᠲᠤᠯᠠᠬᠤ

ᠬᠡᠷᠡᠭᠲᠡᠶ᠃

    ᠭᠤᠤ ᠰᠧᠨ᠂ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠲᠥᠷᠥᠯ ᠵᠦᠶᠯ ᠨᠢ ᠠᠷᠠᠳ ᠤᠨ

ᠠᠮᠢᠳᠤᠷᠠᠯ ᠤᠨ ᠭᠤᠤᠯᠳᠠᠯᠭ᠎ᠠ ᠲᠠᠢ ᠢᠨᠵᠧᠨᠧᠷᠢᠩ ᠪᠣᠯᠤᠭᠰᠠᠨ ᠤ ᠬᠤᠪᠢ ᠳᠤ᠂ ᠡᠷᠬᠡᠪᠰᠢ ᠶᠠᠰᠤ ᠴᠢᠨᠠᠷ ᠢ

ᠴᠢᠩᠭᠠᠳᠬᠠᠵᠤ᠂ ᠬᠢᠨᠠᠯᠲᠠ ᠲᠠᠯᠪᠢᠬᠤ ᠶᠢ ᠴᠢᠩᠭᠠᠳᠬᠠᠵᠤ᠂ ᠣᠯᠠᠨ ᠲᠦᠮᠡᠨ ᠳᠤ ᠲᠠᠭᠠᠰᠢᠶᠠᠭᠳᠠᠭᠰᠠᠨ ᠰᠠᠨᠠᠭ᠎ᠠ ᠠᠮᠤᠷ

ᠢᠨᠵᠧᠨᠧᠷᠢᠩ᠂ ᠰᠣᠳᠣᠨ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠶ ᠭᠡᠵᠡᠢ᠃ ᠬᠠᠮᠢᠶ᠎ᠠ

ᠪᠦᠬᠦᠢ ᠰᠠᠯᠠᠭ᠎ᠠ ᠮᠥᠴᠢᠷ ᠤᠳ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠠᠩᠬᠠᠷᠴᠤ᠂ ᠬᠢᠨᠠᠨ ᠬᠠᠮᠢᠶᠠᠷᠬᠤ ᠰᠠᠯᠠᠭ᠎ᠠ

ᠮᠥᠴᠢᠷ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠡ ᠨᠦᠭᠦᠳ ᠡᠷᠬᠡᠪᠰᠢ ᠡᠭᠦᠷᠭᠡ ᠬᠠᠷᠢᠭᠤᠴᠠᠯᠭ᠎ᠠ ᠪᠠᠨ

ᠴᠢᠩᠭ᠎ᠠ ᠭᠦᠶᠴᠡᠳᠬᠡᠵᠦ᠂ ᠶᠠᠳᠠᠭᠤ ᠬᠦᠴᠢᠷᠳᠡᠯᠲᠡᠶ ᠡᠷᠦᠬᠡ ᠶᠢ ᠰᠡᠳᠬᠢᠯ ᠠᠮᠤᠷ ᠨᠡᠭᠦᠯᠭᠡᠬᠦ ᠪᠠ ᠰᠡᠳᠬᠢᠯ ᠠᠮᠤᠷ

ᠰᠠᠭᠤᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠵᠠᠢ᠃

    ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂

ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ

ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃

      ᠢᠷᠡᠯᠲᠡ᠄ ᠴᠠᠬᠠᠷ ᠪᠠᠷᠠᠭᠤᠨ ᠭᠠᠷᠤᠨ ᠲᠤᠮᠲᠠᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ

      ᠣᠷᠴᠢᠭᠤᠯᠤᠭᠴᠢ᠄ ᠪᠦᠦ ᠬᠤᠩ ᠯᠢᠶᠠᠩ

 
ᠢᠷᠡᠯᠲᠡ᠄ ᠴᠠᠬᠠᠷ ᠪᠠᠷᠠᠭᠤᠨ ᠭᠠᠷᠤᠨ ᠲᠤᠮᠲᠠᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号