ᠲᠣᠮᠣ ᠬᠡᠯᠪᠡᠷᠢ ᠶᠢᠨ ᠪᠣᠳᠠᠲᠤ ᠦᠵᠡᠮᠵᠢ ᠶᠢᠨ ᠲᠣᠭᠯᠠᠯᠲᠠ ᠪᠣᠯᠬᠤ ︽ᠣᠪᠤᠭᠠᠨ ᠲᠠᠬᠢ ᠠᠭᠤᠯᠵᠠᠯᠲᠠ︾ ᠨᠢ ᠬᠦᠢᠲᠡᠨ ᠰᠢᠯᠢ ᠲᠠᠯ᠎ᠠ ᠨᠤᠲᠤᠭ ᠲᠤ ᠠᠩᠬᠠᠨ ᠤ ᠲᠣᠭᠯᠠᠯᠲᠠ ᠪᠠᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2019-07-03
    6 ᠰᠠᠷ᠎ᠠ ᠶᠢᠨ 29 ᠤ ᠣᠷᠣᠢ᠂ ᠲᠣᠮᠣ ᠬᠡᠯᠪᠡᠷᠢ ᠶᠢᠨ ᠨᠡᠭᠦᠳᠡᠯ ᠮᠠᠯᠵᠢᠯ ᠤᠨ ᠵᠠᠩ ᠦᠢᠯᠡ ᠶᠢᠨ ᠭᠡᠷ ᠳᠣᠲᠣᠷᠠᠬᠢ ᠪᠣᠳᠠᠲᠤ ᠦᠵᠡᠮᠵᠢ ᠶᠢᠨ ᠲᠣᠭᠯᠠᠯᠲᠠ ︽ᠣᠪᠤᠭᠠᠨ ᠲᠠᠬᠢ ᠠᠭᠤᠯᠵᠠᠯᠲᠠ︾ ᠨᠢ ᠬᠦᠢᠲᠡᠨ ᠰᠢᠯᠢ ︵ᠬᠤᠩᠬᠤᠷ︶ ᠶᠢᠨ ᠲᠠᠯ᠎ᠠ ᠨᠤᠲᠤᠭ ᠤᠨ ᠵᠤᠭᠠᠴᠠᠯ ᠤᠨ ᠦᠵᠡᠮᠵᠢ ᠶᠢᠨ ᠣᠷᠣᠨ ᠤ ᠶᠡᠭᠡ ᠬᠠᠭᠠᠨ ᠤ ᠠᠭᠤᠳᠠᠮ ᠲᠠᠯᠠᠪᠠᠢ ᠶᠢᠨ ᠲᠣᠭᠯᠠᠯᠲᠠ ᠶᠢᠨ ᠲᠢᠩᠬᠢᠮ ᠳᠤ ᠭᠢᠯᠠᠯᠵᠠᠮ᠎ᠠ ᠠᠩᠬᠠᠨ ᠤ ᠲᠣᠭᠯᠠᠯᠲᠠ ᠭᠠᠷᠭᠠᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠦᠨ ᠬᠤᠸᠠᠢ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠤᠳᠬ᠎ᠠ ᠵᠣᠬᠢᠶᠠᠯ ᠤᠨ ᠵᠤᠭᠠᠴᠠᠯ ᠤᠨ ᠲᠣᠪᠴᠢᠶᠠᠨ ᠤ ᠤᠳᠤᠷᠢᠳᠤᠯᠭ᠎ᠠ ᠪᠣᠯᠤᠨ ᠴᠠᠬᠠᠷ ᠪᠠᠷᠠᠭᠤᠨ ᠭᠠᠷᠤᠨ ᠲᠤᠮᠲᠠᠲᠤ ᠬᠤᠰᠢᠭᠤᠨ ᠤ ᠤᠳᠤᠷᠢᠳᠤᠯᠭ᠎ᠠ ᠯᠢᠦ ᠴᠤᠤ᠂ ᠭᠤᠤ ᠰᠧᠨ᠂ ᠲᠢᠶᠠᠨ ᠱᠧᠩ᠂ ᠰᠧᠷᠡᠩᠲᠣᠭᠲᠠᠬᠤ᠂ ᠸᠠᠩ ᠵᠢᠶᠦ᠋ᠨ ᠵᠡᠷᠭᠡ ᠤᠳᠤᠷᠢᠳᠤᠯᠭ᠎ᠠ ᠠᠩᠬᠠᠨ ᠤ ᠲᠣᠭᠯᠠᠯᠲᠠ ᠳᠤ ᠣᠷᠣᠯᠴᠠᠭᠰᠠᠨ ᠪᠥᠭᠡᠳ ᠲᠣᠭᠯᠠᠯᠲᠠ ᠶᠢ ᠰᠣᠨᠢᠷᠬᠠᠪᠠ᠃

    ᠲᠣᠭᠯᠠᠯᠲᠠ ᠶᠢᠨ ᠠᠬᠤᠶ ᠲᠠᠯᠠᠪᠠᠢ ᠳᠤ᠂ ᠠᠬᠤᠶ ᠲᠠᠯᠠᠪᠠᠢ ᠶᠢᠨ ᠦᠵᠡᠭᠴᠢᠳ ᠪᠦᠭᠦᠳᠡᠭᠡᠷ ᠢᠶᠠᠨ ᠪᠣᠰᠴᠤ

ᠵᠣᠭᠰᠣᠨ᠂ ᠭᠠᠷ ᠲᠠᠬᠢ ᠲᠠᠪᠤᠨ ᠣᠳᠣᠲᠤ ᠤᠯᠠᠭᠠᠨ ᠲᠤᠭ ᠢᠶᠠᠨ ᠬᠤᠷᠦ᠋ᠢᠯᠵᠠᠭᠤᠯᠤᠨ ︽ᠡᠬᠡ ᠤᠯᠤᠰ ᠢᠶᠠᠨ

ᠮᠠᠭᠲᠠᠨ ᠳᠠᠭᠤᠯᠠᠨᠡᠮ︾ ᠭᠡᠬᠦ ᠳᠠᠭᠤᠤ ᠶᠢ ᠬᠠᠮᠲᠤ ᠪᠠᠷ ᠳᠠᠭᠤᠯᠠᠵᠤ᠂ ᠢᠷᠠᠭᠤ ᠤᠶᠠᠩᠭᠠᠯᠢᠭ ᠰᠠᠶᠢᠬᠠᠨ ᠵᠥᠩᠨᠡᠯ ᠢᠶᠠᠷ

ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠬᠤ ᠰᠢᠨ᠎ᠡ ᠮᠠᠭᠲᠠᠭᠠᠯ ᠳᠠᠭᠤᠤ ᠶᠢ

ᠬᠠᠩᠭᠢᠨᠠᠭᠤᠯᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠳᠤ ᠪᠡᠯᠡᠭ ᠬᠦᠷᠭᠡᠪᠡ᠃

    ᠡᠭᠦᠨ ᠳᠤ ︽ᠣᠪᠣᠭᠠᠨ ᠤ ᠢᠷᠦᠭᠡᠯ︾᠂ ︽ᠣᠪᠣᠭᠠᠨ ᠤ ᠰᠡᠳᠬᠢᠯᠭᠡ︾᠂ ︽ᠣᠪᠣᠭᠠᠨ ᠤ ᠬᠤᠷᠠᠯ︾ ᠵᠡᠷᠭᠡ

ᠭᠤᠷᠪᠠᠨ ᠦᠵᠡᠭᠳᠡᠯ ᠲᠠᠢ᠃ ᠦᠪᠡᠳᠡᠭᠰᠢ ᠶᠡᠭᠡ ᠲᠠᠬᠢᠯᠭ᠎ᠠ ᠲᠠᠶᠢᠯᠤᠯᠭ᠎ᠠ ᠶᠢᠨ ᠶᠣᠰᠣᠯᠠᠯ᠂ ᠬᠥᠮᠦᠨ ᠤ ᠰᠡᠳᠬᠢᠯ ᠢ

ᠬᠥᠳᠡᠯᠭᠡᠮ᠎ᠡ ᠮᠣᠷᠢᠨ ᠮᠡᠷᠭᠡᠵᠢᠯ ᠤᠨ ᠲᠣᠭᠯᠠᠯᠲᠠ᠂ ᠣᠪᠣᠭᠠᠨ ᠤ ᠢᠨᠠᠭ ᠳᠤᠷᠠᠯᠠᠯ ᠤᠨ ᠦᠯᠢᠭᠡᠷ᠂ ᠭᠤᠴᠣ ᠰᠠᠶᠢᠬᠠᠨ

ᠳᠠᠭᠤᠤ ᠪᠥᠵᠢᠭ ᠤᠨ ᠲᠣᠭᠯᠠᠯᠲᠠ ᠵᠡᠷᠭᠡ ᠲᠣᠭᠯᠠᠯᠲᠠ ᠬᠤᠶᠢᠨ᠎ᠠ ᠬᠤᠶᠢᠨ᠎ᠠ ᠠᠴᠠ ᠪᠠᠨ ᠲᠣᠭᠯᠠᠭᠳᠠᠵᠤ᠂ ᠭᠤᠶᠢᠳᠠ

ᠰᠠᠶᠢᠬᠠᠨ ᠤᠷᠠᠯᠢᠭ ᠤᠨ ᠬᠡᠯᠪᠡᠷᠢ ᠪᠠᠷ ᠦᠨᠳᠦᠰᠦᠲᠡᠨ ᠤ ᠣᠪᠣᠭᠠᠨ ᠰᠣᠶᠣᠯ ᠤᠨ ᠲᠡᠤᠬᠡᠨ ᠬᠠᠭᠤᠳᠠᠰᠤ ᠶᠢ ᠭᠦᠶᠴᠡᠳ

ᠳᠡᠯᠭᠡᠨ ᠦᠵᠡᠭᠦᠯᠵᠦ᠂ ᠦᠨᠳᠦᠰᠦᠲᠡᠨ ᠤ ᠨᠡᠭᠡᠭᠡᠯᠲᠡ ᠲᠠᠢ ᠪᠠᠭᠲᠠᠭᠠᠮᠵᠢᠲᠠᠶ᠂ ᠡᠷᠡᠰ ᠪᠠᠲᠤ ᠦᠨᠳᠦᠰᠦᠲᠡᠨ ᠤ ᠵᠣᠷᠢᠭ

ᠰᠠᠨᠠᠭ᠎ᠠ ᠶᠢ ᠢᠯᠡᠷᠡᠭᠦᠯᠵᠡᠶ᠃ ᠲᠤᠬᠠᠶ ᠶᠢᠨ ᠲᠠᠯᠠᠪᠠᠢ ᠳᠤ ᠬᠦᠷᠦᠯᠴᠡᠨ ᠢᠷᠡᠭᠰᠡᠨ ᠬᠡᠳᠦᠨ ᠮᠢᠩᠭᠠᠨ ᠦᠵᠡᠮᠵᠢ ᠶᠢᠨ

ᠣᠷᠣᠨ ᠤ ᠵᠤᠭᠠᠴᠠᠭᠰᠠᠳ ᠠᠳᠠᠯᠢ ᠪᠤᠰᠤ ᠦᠨᠳᠦᠰᠦᠲᠡᠨ ᠤ ᠵᠠᠩ ᠦᠢᠯᠡ ᠶᠢ ᠬᠦᠯᠢᠶᠡᠨ ᠠᠪᠴᠤ ᠦᠪᠡᠳᠡᠭᠰᠢ

ᠨᠠᠶᠢᠷ ᠢ ᠰᠣᠨᠣᠰᠪᠠ᠃

    ᠲᠣᠮᠣ ᠬᠡᠯᠪᠡᠷᠢ ᠶᠢᠨ ᠪᠣᠳᠠᠲᠤ ᠦᠵᠡᠮᠵᠢ ᠶᠢᠨ ᠲᠣᠭᠯᠠᠯᠲᠠ ︽ᠣᠪᠤᠭᠠᠨ ᠲᠠᠬᠢ ᠠᠭᠤᠯᠵᠠᠯᠲᠠ︾ ᠪᠣᠯ ᠥᠪᠥᠷ

ᠮᠣᠩᠭᠤᠯ ᠤᠨ ᠬᠦᠢᠲᠡᠨ ᠰᠢᠯᠢ ᠵᠤᠭᠠᠴᠠᠯ ᠤᠨ ᠰᠣᠶᠣᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠠᠴᠠ

ᠭᠤᠷᠪᠠᠨ ᠵᠢᠯ ᠤᠨ ᠴᠠᠭ ᠵᠠᠷᠤᠴᠠᠭᠤᠯᠵᠤ᠂ ᠰᠡᠳᠬᠢᠯ ᠲᠠᠯᠪᠢᠨ ᠡᠭᠦᠳᠦᠨ ᠪᠦᠲᠦᠭᠡᠵᠦ᠂ ᠬᠦᠢᠲᠡᠨ ᠰᠢᠯᠢ ᠲᠠᠯ᠎ᠠ

ᠨᠤᠲᠤᠭ ᠤᠨ ᠪᠠᠰᠠ ᠨᠢᠭᠡᠨ  ᠰᠢᠨ᠎ᠡ ᠦᠵᠡᠮᠵᠢ ᠪᠣᠯᠵᠤ᠂ ᠦᠨᠳᠦᠰᠦᠲᠡᠨ ᠤ ᠤᠷᠠᠯᠢᠭ ᠪᠣᠯᠤᠨ ᠰᠣᠶᠣᠯ ᠤᠨ

ᠵᠤᠭᠠᠴᠠᠯ ᠤᠨ ᠠᠭᠤᠰᠤᠯᠴᠠᠭᠰᠠᠨ ᠪᠠᠰᠠ ᠨᠢᠭᠡᠨ ᠦᠪᠡᠳᠡᠭᠰᠢ ᠨᠠᠶᠢᠷ ᠪᠣᠯᠬᠤ ᠪᠥᠭᠡᠳ ᠳᠤᠮᠳᠠᠳᠤ ᠤᠯᠤᠰ ᠤᠨ

ᠵᠤᠰᠠᠯᠠᠩ ᠤᠨ ᠨᠡᠶᠢᠰᠯᠡᠯ ᠪᠣᠯᠬᠤ ᠪᠠᠰᠠ ᠨᠢᠭᠡᠨ ᠠᠮᠢᠳᠤᠯᠢᠭ ᠨᠡᠷ᠎ᠡ ᠶᠢᠨ ᠬᠠᠭᠤᠳᠠᠰᠤ ᠪᠣᠯᠤᠨ᠎ᠠ᠃

             ᠢᠷᠡᠯᠲᠡ᠄ ᠴᠠᠬᠠᠷ ᠪᠠᠷᠠᠭᠤᠨ ᠭᠠᠷᠤᠨ ᠲᠤᠮᠳᠠᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ

             ᠣᠷᠴᠢᠭᠤᠯᠤᠭᠴᠢ᠄ ᠪᠣᠣ ᠬᠤᠩ ᠯᠢᠶᠠᠩ

 
ᠢᠷᠡᠯᠲᠡ᠄ ᠴᠠᠬᠠᠷ ᠪᠠᠷᠠᠭᠤᠨ ᠭᠠᠷᠤᠨ‌‍ᠲ᠋ᠤᠮᠳᠠᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号