2019 ᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠰᠦᠯᠵᠢᠶᠡᠨ ᠳᠡᠭᠡᠷ᠎ᠡ ᠡᠯᠰᠡᠬᠦ ᠠᠵᠢᠯ 2 ᠤᠨ ᠡᠳᠦᠷ ᠠᠴᠠ ᠡᠬᠢᠯᠡᠨ᠎ᠡ
ᠨᠡᠶᠢᠲᠡᠯᠡᠭᠰᠡᠨ ᠴᠠᠭ᠄
2019-07-03
     7 ᠳ᠋ᠤᠭᠠᠷ ᠰᠠᠷ᠎ᠠ ᠶᠢᠨ 2 ᠤᠨ ᠡᠳᠦᠷ᠂ 2019 ᠣᠨ ᠤ ᠮᠠᠨ ᠤ ᠣᠷᠣᠨ ᠤ ᠡᠩ ᠤᠨ ᠶᠡᠭᠡ ᠳᠡᠭᠡᠳᠦ  ᠰᠤᠷᠭᠠᠭᠤᠯᠢ ᠶᠢᠨ ᠰᠤᠷᠤᠭᠴᠢ ᠡᠯᠰᠡᠯᠲᠡ ᠶᠢᠨ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠳᠤ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠦᠯᠦᠭ ᠤᠨ ᠤᠷᠠᠯᠢᠭ ᠤᠨ ᠲᠥᠷᠥᠯ ᠪᠣᠯᠣᠨ ᠪᠡᠶ᠎ᠡ ᠶᠢᠨ ᠲᠠᠮᠢᠷ ᠤᠨ ᠲᠥᠷᠥᠯ ᠤᠨ ᠰᠢᠯᠭᠠᠭᠤᠯᠤᠭᠴᠢ ᠨᠢᠭᠡᠳᠦᠭᠡᠷ ᠤᠳᠠᠭᠠᠨ ᠤ ᠡᠷᠡᠮᠡᠯᠵᠡᠯ ᠢᠶᠠᠨ ᠲᠠᠭᠯᠠᠵᠤ ᠡᠬᠢᠯᠡᠪᠡ᠃ 2019 ᠣᠨ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠯᠲᠡ ᠶᠢᠨ ᠰᠦᠯᠵᠢᠶᠡᠨ ᠳᠡᠭᠡᠷ᠎ᠡ ᠡᠯᠰᠡᠬᠦ ᠠᠵᠢᠯ ᠵᠢᠩᠬᠢᠨᠢ ᠪᠠᠷ ᠡᠬᠢᠯᠡᠪᠡ᠃      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠣᠶᠢᠯᠠᠭᠠᠭᠰᠠᠨ ᠢᠶᠠᠷ᠂ 2019 ᠣᠨ ᠤ ᠮᠠᠨ ᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠳᠤ ︽ᠬᠥᠳᠡᠯᠦᠩᠭᠦᠶ ᠪᠠᠷ ᠨᠡᠷᠡᠰ ᠵᠢᠭᠰᠠᠭᠠᠬᠤ᠂ ᠣᠨᠣᠪᠴᠢᠲᠠᠶ ᠪᠠᠷ ᠪᠠᠶᠢᠷᠢ ᠲᠣᠭᠲᠠᠭᠠᠬᠤ︾ ᠰᠦᠯᠵᠢᠶᠡᠨ ᠮᠡᠳᠡᠭᠦᠯᠦᠯᠲᠡ ᠶᠢᠨ ᠵᠠᠭᠪᠤᠷ ᠢ ᠦᠷᠭᠦᠯᠵᠢᠯᠡᠨ ᠬᠡᠷᠡᠭᠵᠢᠭᠦᠯᠦᠨ᠎ᠡ᠃ ᠰᠦᠯᠵᠢᠶᠡᠨ ᠳᠡᠭᠡᠷ᠎ᠡ ᠰᠤᠷᠤᠭᠴᠢ ᠡᠯᠰᠡᠬᠦ ᠠᠵᠢᠯ ᠢ 8ᠱᠠᠲᠤ ᠬᠤᠪᠢᠶᠠᠵᠤ ᠶᠠᠪᠤᠭᠳᠠᠭᠤᠯᠤᠨ᠎ᠠ᠂ ᠲᠤᠬᠠᠶᠢᠯᠠᠪᠠᠯ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A᠂ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ B᠂ ᠵᠢᠩᠬᠢᠨᠢ ᠠᠩᠭᠢ ᠶᠢᠨ ᠨᠢᠭᠡᠳᠦᠭᠡᠷ ᠪᠦᠯᠦᠭ᠂ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ B᠂ ᠵᠢᠩᠬᠢᠨᠢ ᠠᠩᠭᠢ ᠶᠢᠨ ᠬᠤᠶᠠᠳᠤᠭᠠᠷ ᠪᠦᠯᠦᠭ᠂ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ B᠂ ᠲᠤᠰᠬᠠᠶ ᠮᠡᠷᠭᠡᠵᠢᠯ ᠤᠨ ᠠᠩᠭᠢ ᠶᠢᠨ ᠤᠷᠢᠳᠴᠢᠯᠠᠨ ᠡᠯᠰᠡᠬᠦ ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠪᠣᠯᠣᠨ᠎ᠠ᠂ ᠵᠢᠱᠢᠯᠲᠡ ᠪᠠᠷ 7 ᠳ᠋ᠤᠭᠠᠷ ᠰᠠᠷ᠎ᠠ ᠶᠢᠨ 30 ᠤ ᠡᠳᠦᠷ ᠳᠠᠭᠤᠰᠤᠨ᠎ᠠ᠃      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠰᠢᠯᠭᠠᠭᠤᠯᠤᠭᠴᠢ ᠵᠢᠴᠢ ᠭᠡᠷ ᠤᠨ ᠠᠬᠠᠮᠠᠳ ᠲᠤ ᠰᠠᠨᠠᠭᠤᠯᠬᠤ ᠨᠢ᠂ ᠰᠤᠷᠤᠭᠴᠢ ᠡᠯᠰᠡᠬᠦ ᠲᠥᠯᠥᠪᠯᠡᠭᠡ ᠪᠠ ᠰᠤᠷᠤᠭᠴᠢ ᠡᠯᠰᠡᠬᠦ ᠳᠦᠷᠢᠮ ᠤᠨ ᠨᠢᠭᠡᠳᠦᠯᠲᠡᠶ ᠰᠢᠯᠭᠠᠯᠲᠠ ᠶᠢᠨ ᠶᠡᠷᠦᠩᠬᠡᠶ ᠬᠤᠪᠢ᠂ ᠳᠠᠩ ᠬᠢᠴᠢᠶᠡᠯ ᠲᠦᠷᠦᠯ ᠤᠨ ᠬᠢᠷᠢ ᠪᠦᠲᠦᠮᠵᠢ ᠵᠢᠴᠢ ᠪᠡᠶ᠎ᠡ ᠶᠢᠨ ᠨᠥᠬᠦᠴᠡᠯ ᠵᠡᠷᠭᠡ ᠳᠠᠬᠢ ᠱᠠᠭᠠᠷᠳᠠᠯᠭ᠎ᠠ ᠶᠢ ᠨᠠᠷᠢᠨ ᠬᠢᠨᠠᠮᠠᠭᠠᠶ ᠤᠩᠰᠢᠬᠤ ᠬᠡᠷᠡᠭᠲᠡᠶ︔ ᠳᠠᠭᠤᠤ ᠬᠥᠭᠵᠢᠮ ᠤᠨ ᠲᠥᠷᠥᠯ ᠤᠨ ᠰᠢᠯᠭᠠᠭᠤᠯᠤᠭᠴᠢ ᠰᠦᠯᠵᠢᠶᠡᠨ ᠳᠡᠭᠡᠷ᠎ᠡ ᠡᠷᠡᠮᠡᠯᠵᠡᠯ ᠮᠡᠳᠡᠭᠦᠯᠬᠦ ᠳᠤ ᠪᠠᠨ ᠰᠤᠷᠤᠭᠴᠢ ᠡᠯᠰᠡᠬᠦ ᠶᠡᠭᠡ ᠳᠡᠭᠡᠳᠦ ᠰᠤᠷᠭᠠᠭᠤᠯᠢ ᠶᠢᠨ ᠳᠠᠭᠤᠯᠠᠬᠤᠶ ᠠᠷᠭ᠎ᠠ ᠪᠤᠶᠤ ᠬᠥᠭᠵᠢᠮᠳᠡᠭᠦᠷ ᠤᠨ ᠲᠥᠷᠥᠯ ᠵᠦᠢᠯ ᠤᠨ ᠱᠠᠭᠠᠷᠳᠠᠯᠭ᠎ᠠ ᠶᠢ ᠡᠷᠬᠡᠪᠰᠢ ᠰᠠᠶᠢᠲᠤᠷ ᠠᠩᠬᠠᠷᠬᠤ ᠬᠡᠷᠡᠭᠲᠡᠶ︔ ᠡᠮᠦᠨᠡᠬᠢ ᠬᠤᠭᠤᠴᠠᠭᠠᠨ ᠳᠤ ᠨᠢᠭᠡᠨᠲᠡ ᠴᠡᠷᠢᠭ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ ᠵᠡᠷᠭᠡ ᠡᠷᠡᠮᠡᠯᠵᠡᠯ ᠮᠡᠳᠡᠭᠦᠯᠦᠭᠰᠡᠨ ᠪᠥᠭᠡᠳ ᠤᠯᠤᠰ ᠲᠥᠷᠥ ᠶᠢᠨ ᠬᠢᠨᠠᠯᠲᠠ᠂ ᠨᠢᠭᠤᠷᠳᠠᠯ ᠰᠢᠯᠭᠠᠯᠲᠠ᠂ ᠪᠡᠶ᠎ᠡ ᠶᠢᠨ ᠪᠠᠶᠢᠴᠠᠭᠠᠯᠲᠠ᠂ ᠪᠡᠶ᠎ᠡ ᠶᠢᠨ ᠲᠠᠮᠢᠷ ᠤᠨ ᠰᠢᠯᠭᠠᠯᠲᠠ ᠳᠤ ᠣᠷᠣᠯᠴᠠᠭᠰᠠᠨ ᠤᠷᠠᠯᠢᠭ ᠪᠣᠯᠣᠨ ᠪᠡᠶ᠎ᠡ ᠶᠢᠨ ᠲᠠᠮᠢᠷ ᠤᠨ ᠲᠥᠷᠥᠯ ᠤᠨ ᠰᠢᠯᠭᠠᠭᠤᠯᠤᠭᠴᠢ᠂ ᠬᠡᠷᠪᠡ 7 ᠳ᠋ᠤᠭᠠᠷ ᠰᠠᠷ᠎ᠠ ᠶᠢᠨ 5 ᠤ ᠡᠳᠦᠷ ᠤᠨ 22:00 ᠪᠣᠯᠲᠠᠯ᠎ᠠ ᠡᠯᠧᠺᠳ᠋ᠷᠣᠨ ᠳᠠᠩᠰᠠ ᠡᠪᠬᠡᠮᠡᠯ ᠤᠨ ᠪᠠᠶᠢᠳᠠᠯ ᠨᠢ ︽ᠴᠢᠯᠥᠭᠡᠲᠡᠶ ᠥᠭᠴᠦ ᠪᠣᠯᠬᠤ︾ ᠬᠡᠮᠡᠨ ᠢᠯᠡᠷᠡᠵᠦ ᠪᠠᠶᠢᠪᠠᠯ ᠰᠠᠶ᠋ᠢ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠶᠢᠨ ᠡᠩ ᠤᠨ ᠲᠥᠷᠥᠯ ᠤᠨ ᠡᠷᠡᠮᠡᠯᠵᠡᠯ ᠲᠠᠭᠯᠠᠬᠤ ᠳᠤ ᠣᠷᠣᠯᠴᠠᠵᠤ ᠪᠣᠯᠤᠨ᠎ᠠ︔ ᠰᠢᠯᠭᠠᠭᠤᠯᠤᠭᠴᠢ ᠡᠷᠬᠡᠪᠰᠢ ᠲᠣᠭᠲᠠᠭᠰᠠᠨ ᠴᠠᠭ ᠤᠨ ᠳᠣᠲᠣᠷ᠎ᠠ ᠡᠷᠡᠮᠡᠯᠵᠡᠯ ᠢᠶᠠᠨ ᠲᠠᠭᠯᠠᠬᠤ ᠬᠡᠷᠡᠭᠲᠡᠶ᠂ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠡᠷᠡᠮᠡᠯᠵᠡᠯ ᠢᠶᠠᠨ ᠲᠠᠭᠯᠠᠬᠤ ᠦᠭᠡᠢ ᠪᠣᠯ ᠰᠠᠶᠢᠨ ᠳᠤᠷ᠎ᠠ ᠠᠴᠠ ᠪᠠᠨ ᠲᠣᠰ ᠤᠳᠠᠭᠠᠨ ᠤ ᠡᠷᠡᠮᠡᠯᠵᠡᠯ ᠲᠠᠭᠯᠠᠬᠤ ᠡᠷᠬᠡ ᠪᠠᠨ ᠬᠠᠶᠠᠭᠰᠠᠨ ᠢᠶᠠᠷ ᠦᠵᠡᠨ᠎ᠡ᠃      ᠡᠭᠦᠨ ᠡᠴᠠ‌ᠭᠠᠳᠠᠨ᠎ᠠ᠂ ᠰᠦᠯᠵᠢᠶᠡᠨ ᠳᠡᠭᠡᠷ᠎ᠡ ᠡᠷᠡᠮᠡᠯᠵᠡᠯ ᠮᠡᠳᠡᠭᠦᠯᠬᠦ ᠳᠤ᠂ ᠰᠢᠯᠭᠠᠭᠤᠯᠤᠭᠴᠢᠳ ᠰᠢᠯᠭᠠᠭᠤᠯᠬᠤ ᠨᠣᠮᠧᠷ ᠵᠢᠴᠢ ᠨᠢᠭᠤᠴᠠ ᠨᠣᠮᠧᠷ ᠢᠶᠠᠷ ᠢᠶᠠᠨ ︽ᠰᠢᠯᠭᠠᠭᠤᠯᠤᠭᠴᠢ ᠶᠢᠨ ᠦᠢᠯᠡᠴᠢᠯᠡᠭᠡ ᠵᠢᠴᠢ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠲᠠᠪᠴᠠᠩ︾ ᠳᠤ ᠭᠠᠷᠤᠨ᠎ᠠ᠃ ᠰᠢᠯᠭᠠᠭᠤᠯᠤᠭᠴᠢᠳ ᠡᠷᠬᠡᠪᠰᠢ ᠥᠪᠡᠷ ᠤᠨ ᠰᠢᠯᠭᠠᠭᠤᠯᠬᠤ ᠨᠣᠮᠧᠷ ᠪᠠ ᠨᠢᠭᠤᠴᠠ ᠨᠣᠮᠧᠷ ᠵᠡᠷᠭᠡ ᠬᠤᠪᠢ ᠬᠥᠮᠦᠨ ᠤ ᠮᠡᠳᠡᠭᠡ ᠵᠠᠩᠭᠢ ᠪᠠᠨ ᠲᠣᠬᠢᠲᠠᠶ ᠬᠠᠳᠠᠭᠠᠯᠠᠨ ᠬᠠᠮᠢᠶᠠᠷᠴᠤ᠂ ᠨᠢᠭᠤᠴᠠ ᠨᠣᠮᠧᠷ ᠵᠠᠳᠠᠷᠠᠭᠰᠠᠨ ᠠᠴᠠ ᠪᠣᠯᠵᠤ ᠬᠤᠬᠢᠷᠠᠯ ᠭᠠᠷᠬᠤ ᠪᠤᠶᠤ ᠵᠢᠭᠤᠷᠠᠯᠳᠤᠭᠠᠨ ᠡᠭᠦᠰᠬᠦ ᠠᠴᠠ ᠰᠡᠷᠭᠡᠶᠢᠯᠡᠬᠦ ᠬᠡᠷᠡᠭᠲᠡᠶ᠃                              ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ                              ᠪᠡᠯᠡᠳᠭᠡᠭᠰᠡᠨ ᠨᠢ᠄ ᠪᠣᠣ ᠬᠤᠩ ᠯᠢᠶᠠᠩ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号