ᠲᠤ ᠴᠧᠩ ᠽᠢ ᠰᠢᠶᠠᠩ ᠤᠨ ᠰᠢ ᠸᠠᠨ ᠽᠢ ᠲᠣᠰᠬᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 98 ᠵᠢᠯ ᠤᠨ ᠣᠢ ᠶᠢ ᠪᠡᠯᠭᠡᠯᠡᠭᠰᠡᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠎ᠡ︾  ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2019-07-05
    ᠳᠤᠮᠳᠠᠳᠤ ᠤᠯᠤᠰ ᠠᠴᠠ ᠡᠪ ᠬᠠᠮᠲᠤ ᠨᠠᠮ ᠪᠠᠶᠢᠭᠤᠯᠤᠭᠳᠠᠭᠰᠠᠨ 98 ᠵᠢᠯ ᠤᠨ ᠣᠢ ᠶᠢ ᠳᠤᠷᠠᠰᠬᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠣᠭᠲᠠᠭᠠᠯ ᠢ ᠳᠠᠭᠠᠵᠤ ᠪᠦᠬᠦ ᠨᠠᠮ ᠳᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠵᠣᠷᠢᠭ ᠰᠠᠨᠠᠭ᠎ᠠ ᠶᠢ ᠥᠷᠨᠢᠭᠦᠯᠬᠦ ᠶᠢᠨ ᠲᠥᠯᠥᠭᠡ᠂ 7 ᠰᠠᠷ᠎ᠠ ᠶᠢᠨ 2 ᠤ ᠡᠳᠦᠷ᠂ ᠲᠤ ᠴᠧᠩ ᠽᠢ ᠰᠢᠶᠠᠩ ᠤᠨ ᠰᠢ ᠸᠠᠨ ᠽᠢ ᠲᠣᠰᠬᠤᠨ ᠳᠤ ᠳᠤᠮᠳᠠᠳᠤ ᠤᠯᠤᠰ ᠠᠴᠠ ᠡᠪ ᠬᠠᠮᠲᠤ ᠨᠠᠮ ᠪᠠᠶᠢᠭᠤᠯᠤᠭᠳᠠᠭᠰᠠᠨ 98 ᠵᠢᠯ ᠤᠨ ᠣᠢ ᠶᠢ ᠪᠡᠯᠭᠡᠯᠡᠬᠦ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠲᠣᠰᠬᠤᠨ ᠤ ᠨᠠᠮ ᠤᠨ ᠡᠭᠦᠷ ᠤᠨ ᠱᠦᠵᠢ ᠰᠢᠶᠧ ᠵᠦᠩ ᠰᠢᠶᠣᠤ ᠨᠥᠬᠦᠷ ᠠᠵᠢᠯᠯᠠᠭ᠎ᠠ ᠶᠢ ᠡᠷᠬᠢᠯᠡᠪᠡ᠃ ᠲᠤᠰᠬᠤᠨ ᠤ ᠤᠳᠤᠷᠢᠳᠤᠯᠭ᠎ᠠ ᠳᠠᠭᠠᠭᠠᠴᠢᠯᠠᠭᠰᠠᠨ᠂ ᠲᠤ ᠴᠧᠩ ᠽᠢ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠯᠢ ᠱᠣᠣ ᠳ᠋ᠦᠩ᠂ ᠲᠣᠰᠬᠤᠨ ᠳᠤ ᠰᠠᠭᠤᠭ᠎ᠠ ᠪᠦᠬᠦ ᠭᠡᠰᠢᠭᠦᠨ᠂ ᠲᠣᠰᠬᠤᠨ ᠤ ᠬᠤᠶᠠᠷ ᠵᠥᠪᠯᠡᠯ᠂ ᠲᠣᠰᠬᠤᠨ ᠳᠤ ᠪᠠᠶᠢᠭ᠎ᠠ ᠪᠦᠬᠦ ᠨᠠᠮ ᠤᠨ ᠭᠡᠰᠢᠭᠦᠨ ᠠᠵᠢᠯᠯᠠᠭ᠎ᠠ ᠳᠤ ᠣᠷᠣᠯᠴᠠᠵᠠᠶ᠃

    ᠬᠤᠷᠠᠯ ᠳᠡᠭᠡᠷ᠎ᠡ᠂ ᠲᠣᠰᠬᠤᠨ ᠤ ᠨᠠᠮ ᠤᠨ ᠡᠭᠦᠷ ᠤᠨ ᠱᠦᠵᠢ ᠰᠢᠶᠧ ᠵᠦᠩ ᠰᠢᠶᠣᠤ ᠤᠯᠠᠨ ᠢ ᠳᠠᠭᠠᠭᠤᠯᠤᠨ

ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨ ᠡᠷᠭᠢᠴᠡᠭᠦᠯᠵᠦ᠂ ᠥᠪᠡᠷ ᠤᠨ ᠡᠭᠦᠷᠭᠡᠯᠡᠬᠦ ᠳᠤᠷᠠᠲᠠᠶ ᠤᠯᠤᠰ

ᠲᠥᠷᠦ ᠶᠢᠨ ᠬᠠᠷᠢᠭᠤᠴᠠᠯᠭ᠎ᠠ᠂ ᠨᠠᠮ ᠤᠨ ᠡᠷᠡᠰ ᠪᠠᠲᠤ ᠢᠲᠡᠭᠡᠯ ᠪᠢᠰᠢᠷᠡᠯ ᠪᠣᠯᠤᠨ ᠨᠠᠮ ᠤᠨ ᠦᠢᠯᠡᠰ ᠤᠨ ᠲᠥᠯᠥᠭᠡ

ᠲᠡᠮᠡᠴᠡᠬᠦ ᠵᠣᠷᠢᠭ ᠢᠶᠠᠨ ᠢᠯᠡᠳᠬᠡᠪᠡ᠃ ᠦᠨᠳᠦᠰᠦᠨ ᠬᠠᠤᠯᠢ ᠶᠢᠨ ᠬᠡᠰᠡᠭ ᠠᠭᠤᠯᠭ᠎ᠠ ᠶᠢ ᠳᠠᠭᠠᠭᠤᠯᠤᠨ ᠤᠩᠰᠢᠵᠤ᠂

ᠣᠯᠠᠨ ᠳᠤ ᠤᠯᠤᠰ ᠠᠴᠠ ᠦᠨᠳᠦᠰᠦᠨ ᠶᠡᠭᠡ ᠬᠠᠤᠯᠢ ᠶᠢ ᠣᠶᠢᠯᠠᠭᠠᠭᠤᠯᠵᠤ᠂ ᠬᠠᠤᠯᠢ ᠶᠣᠰᠣᠭᠠᠷ ᠤᠯᠤᠰ ᠢᠶᠠᠨ

ᠵᠠᠰᠠᠬᠤ ᠶᠢᠨ ᠴᠢᠬᠤᠯᠠ ᠠᠴᠢ ᠬᠤᠯᠪᠣᠭᠳᠠᠯ ᠢ ᠲᠣᠳᠣᠷᠬᠠᠶ ᠣᠶᠢᠯᠠᠭᠠᠭᠤᠯᠤᠨ᠎ᠠ᠃

    ᠬᠤᠷᠠᠯ ᠳᠡᠭᠡᠷ᠎ᠡ᠂ ᠪᠦᠬᠦ ᠨᠠᠮ ᠤᠨ ᠭᠡᠰᠢᠭᠦᠨ ᠲᠣᠭᠲᠠᠭᠰᠠᠨ ᠬᠤᠭᠤᠴᠠᠭᠠᠨ ᠳᠠᠭᠠᠨ ᠨᠠᠮ ᠤᠨ ᠰᠦᠶᠳᠬᠡᠯ ᠢᠶᠠᠨ

ᠲᠤᠭ᠎ᠠ ᠶᠣᠰᠣᠭᠠᠷ ᠲᠤᠰᠢᠶᠠᠬᠤ ᠬᠡᠷᠡᠭᠲᠡᠶ᠂ ᠨᠠᠮ ᠤᠨ ᠰᠦᠶᠳᠬᠡᠯ ᠢᠶᠠᠨ ᠲᠤᠰᠢᠶᠠᠬᠤ ᠨᠢ ᠨᠠᠮ ᠤᠨ ᠭᠡᠰᠢᠭᠦᠨ ᠤ

ᠨᠠᠮ ᠳᠤ ᠭᠦᠶᠴᠡᠳᠬᠡᠪᠡᠰᠦ ᠵᠣᠬᠢᠬᠤ ᠡᠭᠦᠷᠭᠡ ᠪᠣᠯᠬᠤ ᠪᠠᠷ ᠪᠠᠷᠠᠬᠤ ᠦᠭᠡᠢ᠂ ᠨᠠᠮ ᠤᠨ ᠭᠡᠰᠢᠭᠦᠨ ᠤ ᠨᠠᠮ ᠤᠨ

ᠦᠶᠯᠡᠰ ᠲᠤ ᠰᠠᠨᠠᠭ᠎ᠠ ᠲᠠᠯᠪᠢᠵᠤ ᠪᠠᠶᠢᠭ᠎ᠠ ᠶᠢᠨ ᠪᠣᠳᠠᠲᠠᠶ ᠢᠯᠡᠷᠡᠯ ᠪᠣᠯᠤᠨ᠎ᠠ᠃

    ᠬᠤᠷᠠᠯ ᠳᠡᠭᠡᠷ᠎ᠡ᠂  ᠰᠢᠶᠧ ᠱᠦᠵᠢ ᠣᠯᠠᠨ ᠳᠤ ᠶᠠᠳᠠᠭᠤ ᠶᠢ ᠲᠡᠳᠬᠦᠬᠦ ᠨᠢᠭᠡᠳᠦᠭᠡᠷ ᠹᠷᠣᠨᠲ ᠤᠨ ︽ᠴᠠᠭ

ᠦᠶ᠎ᠡ ᠶᠢᠨ ᠦᠯᠢᠭᠡᠷ ᠳᠠᠭᠤᠷᠢᠶᠠᠯ︾ ᠤᠨ ᠲᠤᠬᠠᠶ ᠬᠤᠸᠠᠩ ᠸᠧᠨ ᠰᠢᠤ ᠨᠥᠬᠦᠷ ᠤᠨ ᠲᠡᠷᠢᠭᠦᠨ ᠤ ᠦᠢᠯᠡ

ᠠᠵᠢᠯᠯᠠᠭ᠎ᠠ ᠶᠢᠨ ᠵᠣᠬᠢᠶᠠᠯ ᠢ ᠤᠩᠰᠢᠵᠤ ᠥᠭᠪᠡ᠂ ᠲᠡᠷᠡ ᠤᠯᠠᠨ ᠢ ᠬᠤᠸᠠᠩ ᠸᠧᠨ ᠰᠢᠤ ᠨᠥᠬᠦᠷ ᠠᠴᠠ

ᠰᠤᠷᠤᠯᠴᠠᠵᠤ᠂ ᠡᠪ ᠬᠠᠮᠲᠤ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠰᠡᠳᠬᠢᠯ ᠲᠠᠯᠪᠢᠨ ᠣᠷᠣᠯᠴᠠᠵᠤ᠂ ᠥᠪᠡᠷ ᠤᠨ ᠪᠣᠳᠠᠲᠤ

ᠠᠵᠢᠯᠯᠠᠭ᠎ᠠ ᠪᠠᠷ ᠢᠶᠠᠨ ᠡᠪ ᠬᠠᠮᠲᠤ ᠶᠢᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠲᠠᠶᠢᠯᠪᠤᠷᠢᠯᠠᠭᠠᠷᠠᠶ ᠭᠡᠵᠦ

ᠵᠣᠷᠢᠭᠵᠢᠭᠤᠯᠪᠠ᠃ ᠲᠡᠷᠡ ︽ᠨᠣᠶᠠᠨ ᠰᠠᠭᠤᠵᠤ᠂ ᠨᠢᠭᠡ ᠭᠠᠵᠠᠷ ᠲᠤ ᠪᠤᠶᠠᠨ ᠦᠶᠯᠡᠳᠬᠦ︾ ᠡᠩ ᠤᠨ ᠠᠷᠠᠯᠵᠢᠶ᠎ᠠ

ᠮᠠᠶᠢᠮᠠᠶ᠂ ︽ᠨᠠᠮ ᠪᠠ ᠤᠯᠤᠰ ᠢᠶᠠᠨ ᠬᠠᠮᠠᠭᠠᠯᠠᠵᠤ᠂ ᠠᠷᠠᠳ ᠲᠦᠮᠡᠨ ᠢᠶᠠᠨ ᠬᠥᠰᠡᠷᠳᠡᠭᠦᠯᠬᠦ ᠦᠭᠡᠢ︾ ᠴᠢᠩ

ᠦᠨᠡᠨᠴᠢ ᠰᠡᠳᠬᠢᠯ᠂ ︽ᠠᠮᠢ ᠪᠡᠶ᠎ᠡ ᠪᠠᠨ ᠮᠠᠷᠲᠠᠵᠤ  ᠂ ᠠᠷᠠᠳ ᠲᠦᠮᠡᠨ ᠢᠶᠠᠨ ᠬᠥᠰᠡᠷᠳᠡᠭᠦᠯᠬᠦ ᠦᠭᠡᠢ︾ ᠵᠠᠩ

ᠰᠤᠷᠲᠠᠯ ᠢᠶᠠᠷ᠂ ᠲᠣᠰᠬᠤᠨ ᠤ ᠠᠷᠠᠳ ᠲᠤ ᠭᠠᠷᠬᠤ ᠵᠠᠮ ᠡᠷᠢᠵᠦ᠂ ᠵᠣᠯ ᠵᠢᠷᠭᠠᠯ ᠣᠯᠭᠤᠵᠤ᠂ ᠥᠪᠡᠷ ᠤᠨ ᠲᠡᠮᠡᠴᠡᠯ

 ᠤᠨ ᠴᠠᠭ ᠮᠥᠴᠡ ᠪᠠᠨ ᠲᠡᠭᠦᠰ ᠲᠡᠭᠦᠯᠳᠡᠷ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠵᠠᠶ᠃

                         

                                        ᠵᠣᠬᠢᠶᠠᠭᠴᠢ᠄ ᠲᠤ ᠴᠧᠩ ᠽᠢ ᠰᠢᠶᠠᠩ

                                        ᠣᠷᠴᠢᠭᠤᠯᠤᠭᠴᠢ᠄ ᠪᠣᠣ ᠬᠤᠩ ᠯᠢᠶᠠᠩ

 
ᠢᠷᠡᠯᠲᠡ᠄  ᠲᠤ ᠴᠧᠩ ᠽᠢ ᠰᠢᠶᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号