ᠬᠠᠶᠢᠷ᠎ᠠ ᠬᠠᠯᠠᠮᠵᠢᠯᠠᠯᠳᠤ  ᠠᠵᠢᠯᠯᠠᠭ᠎ᠠ ᠨᠢ  ᠬᠠᠮᠤᠭ ᠤᠯᠠᠨ ᠢ  ᠪᠠᠶᠠᠰᠬᠠᠪᠠ
ᠨᠡᠶᠢᠲᠡᠯᠡᠭᠰᠡᠨ ᠴᠠᠭ᠄
2019-08-02
                                         ᠤᠶᠢᠷ᠎ᠠ ᠳᠤ᠂ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭ ᠨᠡᠶᠢᠭᠡᠮ ᠢ ᠪᠡᠶᠡᠯᠡᠭᠦᠯᠬᠦ ᠨᠡᠶᠢᠭᠡᠮᠯᠢᠭ ᠬᠥᠬᠡᠪᠦᠷ ᠪᠠᠯᠭᠠᠰᠤᠨ ᠤ ᠠᠳᠤᠭᠤᠨ ᠭᠦᠷᠢᠶ᠎ᠡ ᠵᠠᠰᠠᠭ ᠵᠠᠬᠢᠷᠭᠠᠨ ᠤ ᠲᠣᠰᠬᠤᠨ ᠳᠤ  ᠬᠠᠶᠢᠷ᠎ᠠ ᠬᠠᠯᠠᠮᠵᠢᠯᠠᠭ᠎ᠠ ᠶᠢᠨ ᠠᠵᠢᠯᠯᠠᠭ᠎ᠠ ᠥᠷᠨᠢᠭᠦᠯᠪᠡ᠃    

   

      ᠠᠵᠢᠯᠯᠠᠭ᠎ᠠ ᠳᠤᠮᠳᠠ᠂ ᠰᠠᠶᠢᠨ ᠲᠣᠷᠠᠴᠣᠳ ᠲᠤᠬᠠᠶ ᠶᠢᠨ ᠭᠠᠵᠠᠷ ᠤᠨ ᠣᠯᠠᠨ ᠲᠦᠮᠡᠨ ᠳᠤ ᠴᠢᠰᠤᠨ

ᠳᠠᠷᠤᠯᠲᠠ ᠬᠡᠮᠵᠢᠬᠦ᠂ ᠰᠤᠳᠠᠯ  ᠪᠠᠷᠢᠵᠦ ᠣᠨᠣᠰᠢᠯᠠᠯᠲᠠ ᠬᠢᠵᠦ᠂ ᠡᠳᠦᠷ ᠲᠤᠲᠤᠮ ᠤᠨ ᠡᠷᠡᠭᠦᠯᠵᠢᠯ ᠪᠠ ᠪᠠᠶᠢᠩᠭᠤ

ᠲᠣᠬᠢᠶᠠᠯᠳᠤᠳᠠᠭ ᠡᠪᠡᠳᠴᠢᠨ ᠭᠢᠭᠡᠳ ᠣᠯᠠᠨ ᠲᠣᠬᠢᠶᠠᠯᠳᠣᠬᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠠᠵᠢᠯ ᠢ

ᠵᠢᠭᠠᠨ ᠵᠢᠯᠣᠭᠤᠳᠪᠠ᠃ ᠡᠭᠦᠨ ᠤ ᠬᠠᠮᠲᠤ᠂ ᠰᠠᠶᠢᠨ ᠲᠣᠷᠠᠴᠣᠳ ᠪᠠᠰᠠ ᠲᠤᠬᠠᠶ ᠶᠢᠨ ᠭᠠᠵᠠᠷ ᠤᠨ ᠣᠯᠠᠨ

ᠲᠦᠮᠡᠨ ᠳᠤ ᠠᠯᠪᠠᠨ ᠵᠢᠷᠤᠮ ᠤᠨ ᠦᠰᠦ  ᠵᠠᠰᠠᠬᠤ᠂ ᠨᠠᠰᠤᠳᠠᠨ ᠢ ᠠᠰᠠᠷᠠᠬᠤ ᠬᠦᠷᠢᠶᠡᠯᠡᠩ ᠳᠤ ᠠᠷᠢᠭᠤᠨ ᠴᠡᠪᠡᠷᠯᠡᠭᠡ

ᠭᠢᠵᠦ᠂ ᠲᠣᠰᠬᠤᠨ ᠤ ᠠᠷᠠᠳ ᠤᠨ ᠲᠠᠭᠠᠰᠢᠶᠠᠯ ᠪᠠ  ᠥᠨᠳᠣᠷ ᠦᠨᠡᠯᠡᠯᠳᠡ ᠶᠢ ᠤᠯᠤᠭᠰᠠᠨ ᠪᠠᠶᠢᠨ᠎ᠠ᠃

ᠡᠨᠡ ᠵᠢᠯ 81 ᠨᠠᠰᠤᠲᠠᠶ ᠪᠠᠶ ᠹᠦ᠋ ᠬᠤ᠋ ᠨᠠᠰᠤᠲᠠᠨ ᠡᠮᠡᠭᠡᠨ ᠲᠠᠢ ᠪᠠᠨ ᠬᠤᠶᠠᠭᠤᠯᠨ ᠣᠯᠠᠨ ᠵᠢᠯ ᠤᠨ ᠡᠪᠡᠳᠴᠢᠨ

ᠡᠮᠭᠡᠭ ᠲᠤ ᠬᠦᠷᠳᠡᠭᠰᠡᠨ ᠠᠴᠠ ᠭᠦᠳᠡᠯᠵᠦ ᠪᠠᠷᠢᠬᠤ ᠨᠢ ᠲᠦᠭᠦᠮ ᠦᠭᠡᠢ᠂ ᠭᠡᠷ ᠢᠶᠠᠨ ᠴᠦ ᠡᠮᠬᠢᠯᠡᠵᠦ ᠲᠢᠭᠯᠡᠬᠦ

ᠠᠷᠭ᠎ᠠ ᠦᠭᠡᠢ ᠪᠤᠯᠵᠠᠢ᠂ ᠢᠩᠭᠢᠭᠡᠳ ᠰᠠᠶᠢᠨ ᠲᠣᠷᠠᠴᠣᠳ ᠭᠡᠷ ᠲᠤᠨᠢ ᠬᠦᠷᠴᠦ ᠲᠡᠳᠡᠨ ᠢ ᠬᠠᠪᠰᠤᠷᠤᠨ ᠭᠦᠷᠢᠶ᠎ᠡ

ᠬᠠᠰᠢᠶ᠎ᠠ ᠶᠢ ᠨᠢ ᠴᠡᠪᠡᠷᠯᠡᠵᠦ᠂ ᠨᠠᠰᠤᠲᠠᠨ ᠤ   ᠬᠢᠨ ᠳᠤ ᠬᠠᠯᠠᠭᠤᠨ ᠲᠤᠯᠠᠭᠠᠨ  ᠬᠦᠷᠭᠡᠪᠡ᠃

      ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭ ᠨᠡᠶᠢᠭᠡᠮ ᠢ ᠪᠡᠶᠡᠯᠡᠭᠦᠯᠬᠦ

ᠨᠡᠶᠢᠭᠡᠮᠯᠢᠭ ᠤᠨ ᠬᠢᠨ ︽ᠲᠤᠷᠰᠢᠯᠲᠠ ᠶᠢᠨ ᠴᠢᠭ ᠪᠠᠶᠢᠭᠤᠯᠵᠦ᠂ ᠲᠠᠭᠢᠨ ᠬᠠᠭᠤᠯᠪᠤᠷᠢᠯᠠᠵᠤ᠂ ᠠᠯᠬᠤᠮ ᠠᠯᠬᠤᠮ ᠢᠶᠠᠷ

ᠳᠡᠯᠭᠡᠷᠡᠭᠦᠯᠬᠦ︾ ᠵᠠᠷᠴᠢᠮ ᠶᠣᠰᠣᠭᠠᠷ᠂ ᠶᠠᠳᠠᠭᠤ ᠶᠢ ᠲᠡᠳᠬᠦᠬᠦ ᠪᠣᠯᠪᠠᠰᠤᠷᠠᠯ ᠤᠨ ᠠᠵᠤ ᠦᠢᠯᠡᠰ ᠤᠨ ᠳᠠᠭᠠᠭᠤᠯᠤᠭᠴᠢ

᠂ ᠲᠤᠰᠬᠠᠶ ᠵᠢᠱᠢᠶ᠎ᠡ ᠦᠵᠡᠭᠦᠯᠬᠦ ᠡᠷᠦᠬᠡ ᠪᠠ ᠦᠯᠢᠭᠡᠷ ᠳᠠᠭᠤᠷᠢᠶᠠᠯ ᠭᠢᠭᠡᠳ ᠴᠢᠳᠠᠪᠤᠷᠢ ᠲᠠᠢ ᠬᠥᠮᠦᠨ ᠢᠶᠠᠷ

ᠲᠠᠶᠢᠴᠢᠯᠠᠭᠤᠯᠬᠤ᠂ ︽ᠲᠣᠰᠬᠤᠨ ᠤ ᠳᠠᠭᠠᠭᠤᠯᠤᠭᠴᠢ︾  ᠵᠡᠷᠭᠡ ᠬᠡᠯᠪᠡᠷᠢ ᠪᠠᠷ ᠳᠠᠮᠵᠢᠭᠤᠯᠤᠨ᠂ ᠶᠠᠳᠠᠭᠤ

ᠬᠦᠴᠢᠷᠳᠡᠯᠲᠡᠶ ᠣᠯᠠᠨ ᠲᠦᠮᠡᠨ ᠳᠤ ᠬᠠᠶᠢᠷ᠎ᠠ ᠬᠠᠯᠠᠮᠵᠢ ᠭᠦᠷᠭᠡᠭᠰᠡᠨ ᠪᠠᠶᠢᠨ᠎ᠠ᠃

                   

                    ᠣᠷᠴᠢᠭᠤᠯᠣᠨᠨᠴᠢ᠄  ᠬᠠᠶᠢᠷᠬᠠᠨ

                   

                    ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ

                                 ᠬᠠᠮ ᠵᠠᠭᠤᠴᠢᠯᠠᠭᠤᠷ ᠤᠨ ᠲᠥᠪ

                    ᠬᠠᠷᠢᠭᠤᠴᠬᠠᠰᠠᠨ ᠨᠠᠶᠢᠷᠠᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号