ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠲᠤ ᠴᠧᠩ ᠽᠢ ᠰᠢᠶᠠᠩ᠄  ᠬᠦᠴᠦ ᠪᠠᠨ ᠲᠥᠪᠯᠡᠷᠡᠭᠦᠯᠦᠨ ᠬᠥᠭᠵᠢᠭᠦᠯᠵᠦ  ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠵᠤ  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2019-08-02
                       ᠣᠳᠣᠷᠢᠳᠣᠮᠵᠢ᠄ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤᠮᠳᠠ᠂ ᠲᠤ ᠴᠧᠩ ᠽᠢ ᠰᠢᠶᠠᠩ ᠤᠨ ᠪᠤᠭᠤ ᠵᠠᠰᠠᠭ ᠵᠠᠬᠢᠷᠭᠠᠨ ᠤ ᠲᠣᠰᠬᠤᠨ ︽ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠣᠯᠳᠡ + ᠶᠠᠳᠠᠭᠤ ᠬᠦᠴᠢᠷᠳᠡᠯᠲᠡᠶ ᠡᠷᠦᠬᠡ + ᠬᠤᠷᠰᠢᠶ᠎ᠠ︾ ᠶᠢᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠬᠤ ᠪᠠᠷ ᠳᠠᠮᠵᠢᠨ᠂ ᠥᠪᠡᠷᠮᠢᠴᠡ ᠣᠨᠴᠠᠯᠢᠭ ᠲᠠᠢ ᠮᠢᠬᠠᠨ ᠲᠠᠭᠲᠠᠭ᠎ᠠ ᠲᠡᠵᠢᠭᠡᠨ ᠦᠷᠡᠵᠢᠭᠦᠯᠬᠦ ᠠᠵᠤ ᠦᠢᠯᠡᠰ ᠢ ᠬᠥᠭᠵᠢᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠵᠤ ᠣᠷᠣᠯᠭ᠎ᠠ ᠨᠡᠮᠡᠭᠳᠡᠭᠦᠯᠬᠦ ᠰᠢᠨ᠎ᠡ ᠵᠠᠮ ᠢᠶᠠᠷ ᠵᠠᠮᠨᠠᠨ᠎ᠠ᠃

      ᠲᠤ ᠴᠧᠩ ᠽᠢ ᠰᠢᠶᠠᠩ ᠤᠨ ᠪᠤᠭᠤ ᠲᠣᠰᠬᠤᠨ ᠤ ᠶᠠᠳᠠᠭᠤ ᠬᠦᠴᠢᠷᠳᠡᠯᠲᠡᠶ ᠡᠷᠦᠬᠡ ᠲᠠᠨ ᠶᠢᠦ ᠷᠧᠨ ᠡᠨᠡ

ᠵᠢᠯ 69 ᠨᠠᠰᠤᠲᠠᠶ᠂ ᠲᠣᠰᠬᠤᠨ ᠳᠤ ᠮᠢᠬᠠᠨ ᠤ ᠲᠠᠭᠲᠠᠭ᠎ᠠ ᠲᠡᠵᠢᠭᠡᠬᠦ ᠰᠠᠭᠤᠷᠢᠨ ᠭᠠᠵᠠᠷ ᠪᠠᠶᠢᠭᠤᠯᠣᠨᠨᠰᠠᠨ ᠠᠴᠠ

ᠨᠠᠰᠢ ᠲᠡᠷᠡ ᠠᠳᠡ ᠬᠥᠯᠥᠰᠥᠨ ᠠᠵᠢᠯ ᠬᠢᠵᠦ᠂ ᠡᠳᠦᠷ ᠪᠣᠯᠭᠠᠨ ᠲᠠᠭᠲᠠᠭ᠎ᠠ ᠲᠡᠵᠢᠭᠡᠬᠦ ᠪᠠ ᠰᠢᠩᠭᠡᠯᠢᠭ ᠢ ᠴᠡᠪᠡᠷᠯᠡᠨ

ᠬᠥᠯᠥᠰᠥᠨ ᠠᠵᠢᠯ ᠬᠢᠬᠦ ᠶᠢᠨ ᠬᠠᠮᠳᠣ ᠲᠠᠭᠲᠠᠭ᠎ᠠ ᠲᠡᠵᠢᠭᠡᠬᠦ ᠮᠡᠷᠭᠡᠵᠢᠯ ᠰᠤᠷᠴᠤ ᠪᠠᠶᠢᠨ᠎ᠠ᠃

     

     ᠡᠨᠡ ᠵᠢᠯ ᠠᠴᠠ ᠨᠠᠰᠢ᠂ ᠲᠤ ᠴᠧᠩ ᠽᠢ ᠰᠢᠶᠠᠩ ᠤᠨ ᠪᠤᠭᠤ ᠵᠠᠰᠠᠭ ᠵᠠᠬᠢᠷᠭᠠᠨ ᠤ ᠲᠣᠰᠬᠤᠨ ᠨᠠᠮ ᠤᠨ

ᠡᠭᠦᠷ ᠢᠶᠠᠷ ᠳᠠᠭᠠᠭᠤᠯᠬᠤ᠂ ᠬᠠᠮᠲᠤ ᠪᠠᠷ ᠡᠵᠡᠩᠨᠡᠬᠦ᠂ ᠲᠠᠷᠢᠶᠠᠴᠢᠨ ᠡᠷᠦᠬᠡ ᠬᠤᠪᠢ  ᠣᠷᠣᠬᠤ᠂ ᠪᠦᠬᠦ ᠶᠠᠪᠤᠴᠠ ᠳᠤ

ᠨᠠᠶᠢᠳᠡᠨ ᠲᠡᠵᠢᠭᠡᠯᠭᠡᠬᠦ᠂ ᠠᠰᠢᠭ ᠲᠤᠰᠠ ᠶᠢ ᠬᠤᠯᠪᠣᠬᠤ ᠬᠡᠯᠪᠡᠷᠢ ᠶᠢ ᠠᠪᠴᠤ᠂ ᠮᠢᠬᠠᠨ ᠤ ᠲᠠᠭᠲᠠᠭ᠎ᠠ ᠲᠡᠵᠢᠭᠡᠨ

ᠦᠷᠡᠵᠢᠭᠦᠯᠬᠦ ᠠᠵᠤ ᠦᠢᠯᠡᠰ ᠢ ᠬᠥᠭᠵᠢᠭᠦᠯᠪᠡ᠃ ᠣᠳᠣᠬᠠᠨ ᠳᠤ᠂ ᠲᠠᠷᠢᠶᠠᠴᠢᠨ ᠡᠷᠦᠬᠡ ᠨᠡᠶᠢᠲᠡ 150 ᠬᠤᠪᠢ

ᠣᠷᠣᠭᠤᠯᠵᠤ᠂ ᠤᠷᠢᠳ ᠢᠶᠠᠷ 30 ᠲᠦᠮᠡᠨ ᠲᠥᠭᠦᠷᠢᠭ ᠤᠨ ᠪᠡᠯᠡ ᠣᠷᠣᠭᠤᠯᠵᠠᠢ᠃ ᠵᠢᠯ ᠳᠤ 10000 ᠭᠠᠷᠤᠶ

ᠴᠢᠨᠠᠷ ᠰᠠᠶᠢᠲᠠᠶ ᠰᠦᠨ ᠲᠠᠭᠲᠠᠭ᠎ᠠ ᠦᠢᠯᠡᠳᠪᠦᠷᠢᠯᠡᠵᠦ᠂ 15000 ᠲᠠᠭᠲᠠᠭ᠎ᠠ ᠶᠢᠨ ᠥᠨᠳᠡᠭᠡ ᠦᠢᠯᠡᠳᠪᠦᠷᠢᠯᠡᠵᠦ

ᠪᠣᠯᠬᠤ ᠪᠥᠭᠡᠳ ᠵᠢᠯ ᠳᠤ 17 ᠲᠦᠮᠡ ᠭᠠᠷᠤᠢ ᠲᠥᠭᠦᠷᠢᠭ ᠤᠨ ᠠᠰᠢᠭ ᠣᠷᠣᠯᠭ᠎ᠠ ᠣᠯᠵᠤ᠂ 7  ᠲᠦᠮᠡᠨ

ᠲᠥᠭᠦᠷᠢᠭ ᠤᠨ ᠴᠡᠪᠡᠷ ᠠᠰᠢᠭ ᠣᠷᠣᠯᠭ᠎ᠠ ᠣᠯᠣᠨ᠎ᠠ᠃

       

     

     

                   ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ

                               ᠬᠠᠮ ᠵᠠᠭᠤᠴᠢᠯᠠᠭᠤᠷ ᠤᠨ ᠲᠥᠪ

                  ᠣᠷᠴᠢᠭᠤᠯᠣᠨᠨᠴᠢ᠄  ᠭᠧ ᠲᠣᠸᠠᠨ ᠯᠢᠶᠡᠨ

   

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号