ᠬᠠᠶᠢᠷ᠎ᠠ ᠬᠠᠯᠠᠮᠵᠢᠯᠠᠯᠳᠤ ᠠᠵᠢᠯᠯᠠᠭ᠎ᠠ ᠨᠢ ᠬᠠᠮᠤᠭ ᠤᠯᠠᠨ ᠢ  ᠪᠠᠶᠠᠰᠬᠠᠪᠠ
ᠨᠡᠶᠢᠲᠡᠯᠡᠭᠰᠡᠨ ᠴᠠᠭ᠄
2019-08-02
       ᠤᠶᠢᠷ᠎ᠠ ᠳᠤ᠂ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭ ᠨᠡᠶᠢᠭᠡᠮ ᠢ ᠪᠡᠶᠡᠯᠡᠭᠦᠯᠬᠦ ᠨᠡᠶᠢᠭᠡᠮᠯᠢᠭ ᠬᠥᠬᠡᠪᠦᠷ ᠪᠠᠯᠭᠠᠰᠤᠨ ᠤ ᠠᠳᠤᠭᠤᠨ ᠭᠦᠷᠢᠶ᠎ᠡ ᠵᠠᠰᠠᠭ ᠵᠠᠬᠢᠷᠭᠠᠨ ᠤ ᠲᠣᠰᠬᠤᠨ ᠳᠤ  ᠬᠠᠶᠢᠷ᠎ᠠ ᠬᠠᠯᠠᠮᠵᠢᠯᠠᠭ᠎ᠠ ᠶᠢᠨ ᠠᠵᠢᠯᠯᠠᠭ᠎ᠠ ᠥᠷᠨᠢᠭᠦᠯᠪᠡ᠃

 

     ᠠᠵᠢᠯᠯᠠᠭ᠎ᠠ ᠳᠤᠮᠳᠠ᠂ ᠰᠠᠶᠢᠨ ᠲᠣᠷᠠᠴᠣᠳ ᠲᠤᠬᠠᠶ ᠶᠢᠨ ᠭᠠᠵᠠᠷ ᠤᠨ ᠣᠯᠠᠨ ᠲᠦᠮᠡᠨ ᠳᠤ ᠴᠢᠰᠤᠨ

ᠳᠠᠷᠤᠯᠲᠠ ᠬᠡᠮᠵᠢᠬᠦ᠂ ᠰᠤᠳᠠᠯ  ᠪᠠᠷᠢᠵᠦ ᠣᠨᠣᠰᠢᠯᠠᠯᠲᠠ ᠬᠢᠵᠦ᠂ ᠡᠳᠦᠷ ᠲᠤᠲᠤᠮ ᠤᠨ ᠡᠷᠡᠭᠦᠯᠵᠢᠯ ᠪᠠ ᠪᠠᠶᠢᠩᠭᠤ

ᠲᠣᠬᠢᠶᠠᠯᠳᠤᠳᠠᠭ ᠡᠪᠡᠳᠴᠢᠨ ᠭᠢᠭᠡᠳ ᠣᠯᠠᠨ ᠲᠣᠬᠢᠶᠠᠯᠳᠣᠬᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠠᠵᠢᠯ ᠢ

ᠵᠢᠭᠠᠨ ᠵᠢᠯᠣᠭᠤᠳᠪᠠ᠃ ᠡᠭᠦᠨ ᠤ ᠬᠠᠮᠲᠤ᠂ ᠰᠠᠶᠢᠨ ᠲᠣᠷᠠᠴᠣᠳ ᠪᠠᠰᠠ ᠲᠤᠬᠠᠶ ᠶᠢᠨ ᠭᠠᠵᠠᠷ ᠤᠨ ᠣᠯᠠᠨ

ᠲᠦᠮᠡᠨ ᠳᠤ ᠠᠯᠪᠠᠨ ᠵᠢᠷᠤᠮ ᠤᠨ ᠦᠰᠦ  ᠵᠠᠰᠠᠬᠤ᠂ ᠨᠠᠰᠤᠳᠠᠨ ᠢ ᠠᠰᠠᠷᠠᠬᠤ ᠬᠦᠷᠢᠶᠡᠯᠡᠩ ᠳᠤ ᠠᠷᠢᠭᠤᠨ ᠴᠡᠪᠡᠷᠯᠡᠭᠡ

ᠭᠢᠵᠦ᠂ ᠲᠣᠰᠬᠤᠨ ᠤ ᠠᠷᠠᠳ ᠤᠨ ᠲᠠᠭᠠᠰᠢᠶᠠᠯ ᠪᠠ  ᠥᠨᠳᠣᠷ ᠦᠨᠡᠯᠡᠯᠳᠡ ᠶᠢ ᠤᠯᠤᠭᠰᠠᠨ ᠪᠠᠶᠢᠨ᠎ᠠ᠃

     ᠡᠨᠡ ᠵᠢᠯ 81 ᠨᠠᠰᠤᠲᠠᠶ ᠪᠠᠶ ᠹᠦ᠋ ᠬᠤ᠋ ᠨᠠᠰᠤᠲᠠᠨ ᠡᠮᠡᠭᠡᠨ ᠲᠠᠢ ᠪᠠᠨ ᠬᠤᠶᠠᠭᠤᠯᠨ ᠣᠯᠠᠨ ᠵᠢᠯ ᠤᠨ

ᠡᠪᠡᠳᠴᠢᠨ ᠡᠮᠭᠡᠭ ᠲᠤ ᠬᠦᠷᠳᠡᠭᠰᠡᠨ ᠠᠴᠠ ᠭᠦᠳᠡᠯᠵᠦ ᠪᠠᠷᠢᠬᠤ ᠨᠢ ᠲᠦᠭᠦᠮ ᠦᠭᠡᠢ᠂ ᠭᠡᠷ ᠢᠶᠠᠨ ᠴᠦ ᠡᠮᠬᠢᠯᠡᠵᠦ

ᠲᠢᠭᠯᠡᠬᠦ ᠠᠷᠭ᠎ᠠ ᠦᠭᠡᠢ ᠪᠤᠯᠵᠠᠢ᠂ ᠢᠩᠭᠢᠭᠡᠳ ᠰᠠᠶᠢᠨ ᠲᠣᠷᠠᠴᠣᠳ ᠭᠡᠷ ᠲᠤᠨᠢ ᠬᠦᠷᠴᠦ ᠲᠡᠳᠡᠨ ᠢ ᠬᠠᠪᠰᠤᠷᠤᠨ

ᠭᠦᠷᠢᠶ᠎ᠡ ᠬᠠᠰᠢᠶ᠎ᠠ ᠶᠢ ᠨᠢ ᠴᠡᠪᠡᠷᠯᠡᠵᠦ᠂ ᠨᠠᠰᠤᠲᠠᠨ ᠤ   ᠬᠢᠨ ᠳᠤ ᠬᠠᠯᠠᠭᠤᠨ ᠲᠤᠯᠠᠭᠠᠨ  ᠬᠦᠷᠭᠡᠪᠡ᠃

     ᠰᠤᠷᠪᠤᠯᠵᠢᠯᠠᠭ᠎ᠠ᠄  ᠬᠥᠬᠡᠪᠦᠷ ᠪᠠᠯᠭᠠᠰᠤᠨ ᠤ ᠠᠳᠤᠭᠤᠨ ᠭᠦᠷᠢᠶ᠎ᠡ ᠵᠣᠯ ᠵᠢᠷᠭᠠᠯᠳᠦ ᠬᠦᠷᠢᠶᠡᠯᠡᠩ ᠤᠨ

ᠰᠠᠭᠤᠭᠠᠯᠢ ᠠᠷᠠᠳ           ᠪᠠᠶ ᠹᠦ᠋ ᠬᠤ᠋ :

ᠪᠢ ᠡᠨᠡ ᠵᠢᠯ 81 ᠨᠠᠰᠤᠳᠠᠢ᠂ ᠰᠢᠬᠢᠷ ᠰᠢᠵᠢᠩ ᠡᠪᠡᠳᠴᠢᠨ ᠲᠠᠢ ᠪᠦᠭᠡᠳ ᠴᠢᠰᠤᠨ ᠳᠠᠷᠤᠯᠲᠠ ᠴᠦ ᠥᠨᠳᠥᠷ  

ᠪᠠᠶᠢᠳᠠᠭ᠂ ᠬᠠᠶᠢᠷ᠎ᠠ ᠬᠠᠯᠠᠮᠵᠢ ᠶᠢᠨ ᠪᠥᠯᠭᠦᠮ ᠤᠨ ᠳᠤᠭᠤᠶᠢᠯᠠᠩ  ᠤᠨ ᠬᠢᠨ ᠢᠷᠡᠵᠦ ᠨᠠᠳᠠ ᠳᠤ ᠰᠢᠯ ᠵᠦᠯᠭᠦᠵᠦ᠂

ᠭᠠᠵᠠᠷ ᠱᠦᠭᠦᠷᠳᠡᠨ᠂ ᠭᠦᠷᠢᠶ᠎ᠡ ᠬᠠᠰᠢᠶ᠎ᠠ ᠶᠢ ᠴᠡᠪᠡᠷᠯᠡᠵᠦ ᠦᠭᠭᠦᠭᠰᠡᠨ ᠪᠠᠶᠢᠨ᠎ᠠ᠂  ᠨᠠᠳᠠ ᠳᠤ ᠲᠤᠩ ᠰᠠᠶᠢᠨ ᠭᠡᠵᠦ

ᠪᠠᠶᠠᠷᠳᠠᠶᠢᠬᠠᠨ ᠶᠠᠷᠢᠯ᠎ᠠ᠃

ᠣᠳᠣᠬᠠᠨ ᠳᠤ᠂ ᠮᠠᠨ ᠤ ᠬᠤᠰᠢᠭᠤᠨ  ᠳᠤ 43 ᠬᠠᠶᠢᠷ᠎ᠠ ᠬᠠᠯᠠᠮᠵᠢᠳᠦ ᠪᠦᠯᠬᠦᠮ ᠪᠠᠶᠢᠵᠦ᠂ ᠲᠡᠳᠡᠨᠠᠷ ᠡᠯ᠎ᠡ ᠰᠤᠮᠤ

ᠰᠢᠶᠠᠩ ᠪᠠᠯᠭᠠᠰᠤᠨ ᠳᠤ ᠶᠠᠳᠠᠭᠤ ᠶᠢ ᠲᠡᠳᠬᠦᠬᠦ ᠠᠵᠢᠯ ᠳᠤ ᠢᠳᠡᠪᠬᠢᠲᠡᠢ ᠣᠷᠣᠯᠴᠠᠵᠤ᠂ ᠣᠯᠠᠨ ᠲᠦᠮᠡᠨ ᠳᠤ

ᠬᠠᠯᠠᠭᠤᠨ ᠳᠣᠲᠣᠨᠣ  ᠦᠢᠯᠡᠴᠢᠯᠡᠭᠡ ᠬᠦᠷᠭᠡᠳᠡᠭ ᠶᠤᠮ᠃

     ᠰᠤᠷᠪᠤᠯᠵᠢᠯᠠᠭ᠎ᠠ᠄ ᠠᠳᠤᠭᠤᠨ ᠭᠦᠷᠢᠶ᠎ᠡ ᠵᠠᠰᠠᠭ ᠵᠠᠭᠢᠷᠭᠠᠨ ᠤ ᠲᠤᠰᠬᠤᠨ ᠤ ᠨᠠᠮ ᠤᠨ  ᠡᠭᠦᠷ ᠤᠨ ᠱᠦᠵᠢ    

   ᠯᠢ ᠶᠠᠨ ᠴᠢᠩ

     ᠴᠠᠬᠠᠷ ᠪᠠᠷᠠᠭᠤᠨ ᠭᠠᠷᠤᠨ ᠲᠤᠮᠳᠠᠳᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭ ᠨᠡᠶᠢᠭᠡᠮ

 ᠢ ᠪᠡᠶᠡᠯᠡᠭᠦᠯᠭᠦ ᠨᠡᠶᠢᠭᠡᠮᠯᠢᠭ ᠤᠨ ᠬᠢᠨ ᠤ ᠡᠶᠢᠮᠦᠷᠬᠦᠦ ᠬᠠᠶᠢᠷ᠎ᠠ ᠬᠠᠯᠠᠮᠵᠢ ᠶᠢᠨ  ᠪᠥᠯᠭᠦᠮ ᠢ ᠵᠣᠬᠢᠶᠠᠨ ᠪᠠᠶᠢᠭᠤᠯᠵᠦ

ᠬᠠᠨᠳᠢᠪ ᠤᠨ ᠠᠵᠢᠯᠯᠠᠭ᠎ᠠ ᠦᠷᠨᠢᠭᠦᠯᠵᠦ ᠪᠠᠶᠢᠭ᠎ᠠ ᠲᠤᠨᠢ ᠲᠤᠩ ᠶᠡᠭᠡ ᠲᠠᠯᠠᠷᠬᠠᠵᠤ ᠪᠠᠶᠢᠨ᠎ᠠ᠃ ᠡᠨᠡᠬᠦ ᠠᠵᠢᠯᠯᠠᠭ᠎ᠠ ᠨᠢ

ᠣᠯᠠᠨ ᠲᠦᠮᠡᠨ ᠤ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠬᠦ ᠪᠠᠷ ᠪᠠᠷᠠᠬᠤ ᠥᠬᠡᠶ ᠪᠠᠰᠠ‌‍ᠲ᠋ᠡᠳᠡᠨ ᠳᠤ

ᠥᠪᠡᠷ ᠤᠨ ᠭᠢᠨᠢ ᠡᠷᠡᠭᠦᠯ ᠮᠡᠨᠳᠦ  ᠶᠢᠨ ᠪᠠᠶᠢᠳᠠᠯ ᠢ ᠨᠢ ᠭᠦᠢᠴᠡᠳ ᠲᠠᠨᠢᠭᠤᠯᠤᠭᠰᠠᠨ ᠪᠠᠶᠢᠨ᠎ᠠ᠃ ᠬᠤᠶᠢᠰᠢᠳᠠ ᠡᠶᠢᠮᠤ

ᠠᠵᠢᠯᠯᠠᠭ᠎ᠠ ᠶᠢ ᠢᠯᠡᠭᠦᠬᠡᠨ ᠥᠷᠨᠢᠭᠦᠯᠵᠦ᠂ ᠮᠠᠨ ᠤ ᠠᠳᠤᠭᠤᠨ ᠭᠦᠷᠢᠶ᠎ᠡ ᠲᠤᠰᠬᠤᠨ ᠤ ᠠᠷᠠᠳ ᠲᠦᠮᠡᠨ ᠤ ᠡᠷᠡᠭ᠊ ‍ᠦᠯ

ᠮᠡᠨᠳᠦ ᠶᠢ ᠬᠠᠮᠠᠭᠠᠯᠠᠬᠤ ᠶᠢ ᠬᠦᠰᠡᠵᠦ ᠪᠠᠶᠢᠨ᠎ᠠ ᠭᠡᠯ᠎ᠠ᠃

    ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭ ᠨᠡᠶᠢᠭᠡᠮ ᠢ ᠪᠡᠶᠡᠯᠡᠭᠦᠯᠬᠦ ᠨᠡᠶᠢᠭᠡᠮᠯᠢᠭ ᠤᠨ

 ᠬᠢᠨ ︽ᠲᠤᠷᠰᠢᠯᠲᠠ ᠶᠢᠨ ᠴᠢᠭ ᠪᠠᠶᠢᠭᠤᠯᠵᠦ᠂ ᠲᠠᠭᠢᠨ ᠬᠠᠭᠤᠯᠪᠤᠷᠢᠯᠠᠵᠤ᠂ ᠠᠯᠬᠤᠮ ᠠᠯᠬᠤᠮ ᠢᠶᠠᠷ ᠳᠡᠯᠭᠡᠷᠡᠭᠦᠯᠬᠦ︾

ᠵᠠᠷᠴᠢᠮ ᠶᠣᠰᠣᠭᠠᠷ᠂ ᠶᠠᠳᠠᠭᠤ ᠶᠢ ᠲᠡᠳᠬᠦᠬᠦ ᠪᠣᠯᠪᠠᠰᠤᠷᠠᠯ ᠤᠨ ᠠᠵᠤ ᠦᠢᠯᠡᠰ ᠤᠨ ᠳᠠᠭᠠᠭᠤᠯᠤᠭᠴᠢ᠂ ᠲᠤᠰᠬᠠᠶ

ᠵᠢᠱᠢᠶ᠎ᠡ ᠦᠵᠡᠭᠦᠯᠬᠦ ᠡᠷᠦᠬᠡ ᠪᠠ ᠦᠯᠢᠭᠡᠷ ᠳᠠᠭᠤᠷᠢᠶᠠᠯ ᠭᠢᠭᠡᠳ ᠴᠢᠳᠠᠪᠤᠷᠢ ᠲᠠᠢ ᠬᠥᠮᠦᠨ ᠢᠶᠠᠷ ᠲᠠᠶᠢᠴᠢᠯᠠᠭᠤᠯᠬᠤ᠂

︽ᠲᠣᠰᠬᠤᠨ ᠤ ᠳᠠᠭᠠᠭᠤᠯᠤᠭᠴᠢ︾  ᠵᠡᠷᠭᠡ ᠬᠡᠯᠪᠡᠷᠢ ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠣᠯᠠᠨ

ᠲᠦᠮᠡᠨ ᠳᠤ ᠬᠠᠶᠢᠷ᠎ᠠ ᠬᠠᠯᠠᠮᠵᠢ ᠭᠦᠷᠭᠡᠭᠰᠡᠨ ᠪᠠᠶᠢᠨ᠎ᠠ᠃

     ᠰᠤᠷᠪᠤᠯᠵᠢᠯᠠᠭ᠎ᠠ᠄ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭ ᠨᠡᠶᠢᠭᠡᠮ ᠢ ᠪᠡᠶᠡᠯᠡᠭᠦᠯᠬᠦ ᠨᠡᠶᠢᠭᠡᠮᠯᠢᠭ ᠤᠨ

ᠲᠤᠰᠠᠯᠠᠭᠴᠢ  ᠄   ᠼᠦᠢ ᠶᠧ

     2013 ᠣᠨ ᠠᠴᠠ ᠡᠬᠢᠯᠡᠨ᠂ ᠪᠢᠳᠡ ᠪᠥᠬᠦ ᠬᠤᠰᠢᠭᠤᠨ ᠤ 80 ᠭᠠᠷᠤᠶ ᠵᠢᠱᠢᠶ᠎ᠡ ᠦᠵᠡᠭᠦᠯᠬᠦ ᠴᠡᠭ  ᠢ

4 ᠬᠡᠰᠡᠭ ᠣᠷᠣᠨ ᠪᠣᠯᠭᠠᠨ ᠬᠤᠪᠢᠶᠠᠵᠤ 28 ᠤᠳᠠᠭ᠎ᠠ ᠬᠠᠶᠢᠷ᠎ᠠ ᠬᠠᠯᠠᠮᠵᠢ ᠶᠢᠨ ᠠᠵᠢᠯᠯᠠᠭ᠎ᠠ ᠦᠷᠨᠢᠭᠦᠯᠦᠭᠰᠡᠨ

ᠪᠠᠶᠢᠨ᠎ᠠ᠂ ᠡᠨᠡᠬᠦ ᠠᠵᠢᠯᠯᠠᠭ᠎ᠠ ᠳᠤ ᠪᠢᠳᠡ ᠠᠯᠪᠠᠨ ᠵᠢᠷᠦᠮ ᠢᠶᠠᠷ ᠦᠰᠦ ᠵᠠᠰᠠᠬᠤ᠂ ᠬᠠᠶᠢᠷ᠎ᠠ ᠬᠠᠯᠠᠮᠵᠢ ᠶᠢᠨ ᠡᠮᠴᠢᠯᠡᠭᠡ

ᠭᠢᠳᠡᠭ᠂ ᠡᠶᠢᠮᠦᠷᠬᠦᠦ ᠠᠵᠢᠯᠯᠠᠭ᠎ᠠ ᠪᠠᠷ ᠲᠠᠮᠵᠢᠨ  ᠮᠠᠰᠢ ᠣᠯᠠᠨ ᠰᠠᠶᠢᠨ ᠲᠣᠷᠠᠴᠣᠳ ᠮᠠᠨ ᠤ ᠪᠦᠯᠬᠦᠮ ᠳᠤ

ᠤᠷᠤᠯᠴᠠᠵᠦ᠂  ᠨᠡᠩ ᠶᠡᠭᠡ ᠭᠦᠴᠦ ᠨᠡᠮᠡᠷᠢᠯᠡᠵᠦ  ᠂ ᠠᠷᠠᠳ ᠲᠦᠮᠡᠨ ᠤ ᠠᠮᠢᠳᠤᠷᠠᠯ ᠢ ᠨᠠᠩ ᠵᠣᠯ ᠵᠢᠷᠭᠠᠯ ᠲᠠᠢ  

ᠪᠤᠯᠭᠠᠳᠠᠭ ᠰᠢᠦ ᠭᠡᠯ᠎ᠠ᠃

     

                       ᠣᠷᠴᠢᠭᠤᠯᠣᠨᠨᠴᠢ᠄  ᠬᠠᠶᠢᠷᠬᠠᠨ

                       ᠵᠣᠬᠢᠶ᠋ᠬᠠᠴᠢ᠄  ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ

                                     ᠬᠠᠮ ᠵᠠᠭᠤᠴᠢᠯᠠᠭᠤᠷ ᠤᠨ ᠲᠥᠪ

                       ᠬᠠᠷᠢᠭᠤᠴᠬᠠᠰᠠᠨ ᠨᠠᠶᠢᠷᠠᠭᠤᠯᠤᠨᠨᠴᠢ᠄  ᠭᠧ ᠲᠤᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号