ᠬᠤᠰᠢᠭᠤ ᠨᠠᠮ ᠤᠨ ᠬᠤᠷᠢᠶ᠎ᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠩᠬᠠᠳᠤᠭᠠᠷ  ᠣᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-08-02
     

     

7 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶ᠎ᠠ ᠥᠭᠡᠷᠡᠴᠢᠯᠡᠯᠲᠡ ᠶᠢ ᠪᠦᠬᠦ ᠲᠠᠯ᠎ᠠ ᠪᠠᠷ

ᠭᠦᠨᠵᠡᠭᠡᠶᠢᠷᠡᠭᠦᠯᠬᠦ ᠵᠥᠪᠯᠡᠯ ᠤᠨ ᠠᠩᠬᠠᠳᠤᠭᠠᠷ ᠣᠳᠠᠭᠠᠨ ᠤ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ

ᠬᠤᠷᠢᠶᠠᠨ ᠤ ᠱᠦᠵᠢ᠂ ᠬᠤᠰᠢᠭᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ

ᠵᠥᠪᠯᠡᠯ ᠤᠨ ᠡᠷᠬᠢᠯᠡᠭᠴᠢ ᠯᠢᠦ ᠴᠤᠤ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠰᠢ ᠶᠢᠨ ᠫᠢᠩ ᠤᠨ ᠰᠢᠨ᠎ᠡ

ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠣᠨᠴᠠᠭᠠᠢᠯᠠᠨ

ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠦᠵᠡᠯ ᠰᠠᠨᠠᠭ᠎ᠠ ᠪᠣᠯᠤᠨ ᠲᠥᠪ ᠤᠨ

ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ

ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠥᠭᠡᠷᠡᠴᠢᠯᠡᠯᠲᠡ ᠶᠢᠨ ᠢᠲᠡᠭᠡᠯ ᠢᠶᠠᠨ ᠪᠠᠲᠤᠳᠬᠠᠵᠤ᠂

ᠥᠭᠡᠷᠡᠴᠢᠯᠡᠯᠲᠡ ᠶᠢᠨ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠥᠭᠡᠷᠡᠴᠢᠯᠡᠯᠲᠡ ᠶᠢᠨ ᠴᠢᠭᠯᠡᠯ ᠢ ᠪᠠᠲᠤ

ᠡᠵᠡᠮᠳᠡᠵᠦ᠂ ᠥᠭᠡᠷᠡᠴᠢᠯᠡᠯᠲᠡ ᠶᠢᠨ ᠦᠢᠯᠡᠳᠣᠯᠭᠡ ᠶᠢ ᠵᠢᠯᠣᠭᠤᠳᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠰᠢᠭᠤ

ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠪᠦᠷᠢᠯᠳᠦᠬᠦᠨ᠂ ᠡᠯ᠎ᠡ

ᠲᠤᠰᠬᠠᠶ ᠠᠵᠢᠯ ᠤᠨ ᠳᠤᠭᠤᠶᠢᠯᠠᠩ ᠤᠨ ᠳᠠᠷᠤᠭ᠎ᠠ᠂ ᠲᠡᠳ᠋ ᠲᠣᠭᠤᠶᠢᠯᠠᠩ ᠤᠨ ᠲᠠᠷᠤᠭ᠎ᠠ ᠬᠤᠷᠠᠯ ᠳᠤ ᠣᠷᠣᠯᠴᠠᠪᠠ᠃

      ᠯᠢᠣ ᠴᠤᠤ ᠠᠴᠠ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠲᠠᠢ ᠬᠠᠷᠢᠴᠠᠭᠤᠯᠵᠤ᠂  ᠡᠭᠦᠷᠭᠡ

ᠬᠠᠷᠢᠭᠤᠴᠠᠯᠭ᠎ᠠ ᠪᠠᠨ ᠴᠢᠩᠭ᠎ᠠ ᠭᠦᠢᠴᠡᠳᠭᠡᠵᠦ᠂ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠠᠳᠬᠤᠬᠤ

ᠪᠠᠶᠢᠭᠤᠯᠣᠮᠵᠢ ᠲᠣᠭᠲᠠᠴᠠ ᠶᠢ ᠲᠡᠭᠦᠯᠳᠡᠷᠵᠢᠭᠦᠯᠬᠦ ᠶᠢ ᠴᠢᠬᠤᠯᠠᠴᠢᠯᠠᠬᠤ ᠬᠡᠷᠡᠭᠲᠡᠶ᠃ ︽ᠨᠠᠶᠢᠳᠠᠪᠤᠷᠢᠵᠢᠭᠤᠯᠤᠯᠲᠠ ᠶᠢ

ᠴᠢᠩᠭ᠎ᠠ ᠠᠳᠬᠤᠬᠤ︾ ᠶᠢ ᠪᠦᠬᠦ ᠵᠢᠯ ᠤᠨ ᠠᠵᠢᠯ ᠢᠶᠠᠨ ᠪᠣᠯᠭᠠᠵᠤ᠂ ᠬᠠᠮᠢᠶ᠎ᠠ ᠪᠦᠬᠦᠢ ᠤᠳᠤᠷᠢᠳᠤᠯᠭ᠎ᠠ᠂

ᠵᠣᠬᠢᠴᠠᠭᠤᠯᠬᠤ ᠪᠠᠶᠢᠭᠤᠯᠣᠮᠵᠢ ᠰᠢᠨ᠎ᠡ ᠳᠦᠷᠢᠮ᠂ ᠨᠠᠷᠢᠨ ᠳᠦᠷᠢᠮ ᠢ ᠴᠢᠩᠭ᠎ᠠ ᠵᠢᠷᠤᠮᠯᠠᠵᠤ᠂ ᠳᠠᠷᠤᠶ ᠲᠦᠷᠭᠡᠨ

ᠠᠵᠢᠯᠯᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠲᠠᠢ ᠬᠠᠷᠢᠴᠠᠭᠤᠯᠵᠤ᠂ ᠰᠠᠨᠠᠭᠠᠴᠢᠯᠠᠭ᠎ᠠ ᠠᠴᠠ ᠪᠠᠨ

ᠲᠠᠨᠢᠵᠤ᠂ ᠰᠠᠨᠠᠭᠠᠴᠢᠯᠠᠭ᠎ᠠ ᠠᠴᠠ ᠪᠠᠨ ᠰᠤᠳᠤᠯᠵᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂

ᠬᠠᠷᠢᠭᠤᠴᠠᠯᠭ᠎ᠠ ᠪᠠᠨ ᠰᠠᠶᠢᠳᠣᠷ ᠭᠦᠢᠴᠡᠳᠭᠡᠬᠦ ᠬᠡᠷᠡᠭᠲᠡᠶ᠃

      ᠬᠤᠰᠢᠭᠤᠨ ᠤ ᠰᠢᠭᠤᠳ ᠬᠠᠷᠢᠶ᠎ᠠ ᠥᠭᠡᠷᠡᠴᠢᠯᠡᠯᠲᠡ ᠳᠤ ᠬᠤᠯᠪᠣᠭᠳᠠᠬᠤ ᠰᠠᠯᠠᠭ᠎ᠠ ᠮᠥᠴᠢᠷ ᠤᠨ ᠭᠤᠤᠯ

ᠬᠠᠷᠢᠭᠤᠴᠠᠯᠭᠠᠲᠠᠨ᠂ ᠥᠭᠡᠷᠡᠴᠢᠯᠡᠯᠲᠡ ᠶᠢᠨ ᠠᠯᠪᠠᠨ ᠭᠡᠷ᠂ ᠬᠠᠷᠢᠯᠴᠠᠬᠤ ᠠᠯᠪᠠᠨ ᠭᠡᠷ ᠤᠨ ᠪᠦᠬᠦ ᠠᠵᠢᠯᠲᠠᠨ

ᠬᠤᠷᠡᠯ ᠳᠤ ᠣᠷᠣᠯᠴᠠᠪᠠ᠃

   

       

                                   ᠢᠷᠡᠯᠲᠡ᠄  ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ

                                                ᠬᠠᠮ ᠵᠠᠭᠤᠴᠢᠯᠠᠭᠤᠷ ᠤᠨ ᠲᠥᠪ

     

                                   ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号