ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠴᠡᠷᠢᠭ ᠪᠠᠶᠢᠭᠤᠯᠣᠨᠨᠳ᠋ᠬᠠᠰᠠᠨ ᠪᠠᠶᠠᠷ ᠤᠨ ᠡᠳᠦᠷ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠭᠠᠯ ᠤᠨᠲᠠᠷᠠᠭᠠᠬᠤ ᠠᠩᠭᠢ ᠶᠢᠨ ᠭᠡᠰᠢᠭᠦᠨ᠂ ᠢᠷᠠᠭᠤ ᠠᠯᠳᠠᠷ ᠤᠨ ᠬᠦᠷᠢᠶᠡᠯᠡᠩ ᠤᠨ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2019-08-02
          ᠴᠡᠷᠢᠭ ᠪᠠᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠣᠲᠣᠨᠣ ᠬᠠᠯᠠᠮᠵᠢᠯᠠᠯ ᠢ ᠠᠪᠴᠤ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠭᠠᠯ ᠤᠨᠲᠠᠷᠠᠭᠠᠬᠤ ᠠᠩᠭᠢ ᠶᠢᠨ ᠭᠡᠰᠢᠭᠦᠨ᠂ ᠢᠷᠠᠭᠤ ᠠᠯᠳᠠᠷ ᠤᠨ ᠬᠦᠷᠢᠶᠡᠯᠡᠩ ᠤᠨ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠢ ᠡᠷᠭᠢᠨ ᠦᠵᠡᠵᠦ ᠲᠣᠬᠤᠨᠢᠭᠤᠯᠤᠨ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ᠃

     ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᠴᠤᠤ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ

ᠬᠡᠯᠲᠡᠰ ᠤᠨ ᠪᠣᠯᠪᠠᠰᠤᠷᠠᠯ ᠤᠨ ᠲᠠᠯᠠᠪᠠᠢ ᠳᠤ ᠬᠦᠷᠴᠦ᠂ ᠬᠤᠰᠢᠭᠤᠨ ᠳᠤ ᠰᠠᠭᠤᠭ᠎ᠠ ᠴᠡᠷᠢᠭ ᠠᠩᠭᠢ ᠶᠢᠨ ᠪᠦᠬᠦ

ᠵᠢᠯᠣᠭᠤᠳᠤᠭᠴᠢ ᠪᠠᠶᠢᠯᠳᠤᠭᠴᠢ ᠪᠣᠯᠤᠨ ᠳᠠᠷᠤᠭ᠎ᠠ ᠪᠠᠶᠢᠯᠳᠤᠭᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ᠃

ᠬᠤᠰᠢᠭᠤᠨ ᠳᠤ ᠰᠠᠭᠤᠭ᠎ᠠ ᠥᠷᠭᠡᠨ ᠣᠯᠠᠨ ᠳᠠᠷᠤᠭ᠎ᠠ ᠪᠠᠶᠢᠯᠳᠤᠭᠴᠢᠳ ᠣᠯᠠᠨ ᠵᠢᠯ ᠤᠨ ᠲᠤᠷᠰᠢ ᠬᠦᠴᠢᠷ ᠵᠣᠪᠠᠯᠠᠩ

ᠠᠮᠰᠠᠵᠤ᠂  ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠠᠵᠦ ᠠᠬᠤᠢ᠂ ᠨᠡᠶᠢᠭᠡᠮ ᠤᠨ ᠬᠦᠭᠵᠢᠯᠳᠡ ᠳᠤ ᠬᠤᠪᠢ

ᠨᠡᠮᠡᠷᠢ ᠦᠵᠡᠬᠦᠯᠦᠭᠰᠡᠨ ᠳᠤ ᠲᠠᠯᠠᠷᠬᠠᠵᠤ ᠪᠠᠶᠢᠨ᠎ᠠ᠃

      ᠯᠢᠣ ᠴᠤᠤ ᠬᠤᠰᠢᠭᠤᠨ ᠳᠤ ᠰᠠᠭᠤᠭ᠎ᠠ ᠴᠡᠷᠢᠭ ᠠᠩᠭᠢ ᠴᠠᠬᠠᠷ ᠪᠠᠷᠠᠭᠤᠨ ᠭᠠᠷᠤᠨ  ᠲᠣᠮᠳᠡᠳᠣ ᠬᠤᠰᠢᠭᠤᠨ ᠤ ᠠᠵᠤ

ᠠᠬᠤᠢ ᠶᠢᠨ ᠪᠦᠲᠦᠭᠡᠨ ᠪᠠᠶᠢᠭᠤᠯᠤᠯᠳᠡ ᠪᠣᠯᠤᠨ ᠨᠡᠶᠢᠭᠡᠮ ᠤᠨ ᠬᠥᠭᠵᠢᠯᠲᠡ ᠶᠢ ᠬᠠᠯᠠᠮᠵᠢᠯᠠᠨ ᠳᠡᠮᠵᠢᠬᠦ ᠶᠢ ᠬᠦᠰᠡᠵᠦ ᠪᠠᠶᠢᠨ᠎ᠠ᠂

ᠪᠦᠬᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠴᠡᠷᠢᠭ ᠢᠶᠠᠨ ᠬᠦᠷᠢᠶᠡᠯᠡᠨ ᠬᠠᠷᠠᠭᠠᠯᠵᠠᠬᠤ ᠠᠵᠢᠯ ᠢ

ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠠᠵᠢᠯ ᠢ

ᠵᠠᠯᠭᠠᠮᠵᠢᠯᠠᠨ ᠪᠠᠳᠠᠷᠠᠭᠤᠯᠵᠤ᠂ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠳᠠᠮᠵᠢᠵᠤ᠂ ᠴᠡᠷᠢᠭ ᠠᠩᠭᠢ ᠳᠤ

ᠤᠯᠠᠮ ᠴᠢᠨᠠᠭᠰᠢᠳᠠ ᠰᠠᠶᠢᠲᠤᠷ ᠦᠢᠯᠡᠴᠢᠯᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ

ᠤᠯᠠᠮ ᠴᠢᠨᠠᠭᠰᠢᠳᠠ ᠴᠢᠬᠤᠯᠠᠴᠢᠯᠠᠵᠤ  ᠂ ᠴᠡᠷᠢᠭ ᠠᠩᠭᠢ ᠪᠣᠯᠤᠨ ᠣᠷᠣᠨ ᠨᠤᠲᠤᠭ ᠤᠨ ᠴᠡᠷᠢᠭ ᠠᠷᠠᠳ ᠤᠨ ᠠᠭᠤᠰᠤᠯᠴᠠᠨ

ᠬᠥᠭᠵᠢᠬᠦ ᠶᠢ ᠨᠠᠩ ᠰᠠᠶᠢᠲᠤᠷ ᠠᠬᠢᠭᠤᠯᠵᠤ᠂ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ

ᠡᠭᠦᠳᠬᠦ ᠶᠢ ᠬᠦᠰᠡᠵᠦ ᠪᠠᠶᠢᠨ᠎ᠠ᠃

     ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠭᠤᠤ ᠰᠧᠨ᠂ ᠬᠤᠰᠢᠭᠤ

ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠯᠢᠦ

ᠰᠢᠤ ᠬᠤᠰᠢᠭᠤᠨ ᠳᠤ ᠰᠠᠭᠤᠭ᠎ᠠ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠤᠭᠰᠠᠨ

ᠪᠥᠭᠡᠳ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠣᠨᠨᠴᠢᠳ ᠲᠠᠢ ᠳᠣᠲᠣᠨᠣ ᠪᠠᠷ ᠭᠠᠷ ᠠᠳᠬᠤᠨ ᠶᠠᠷᠢᠯᠴᠠᠵᠤ᠂ ᠳᠠᠷᠤᠭ᠎ᠠ

ᠪᠠᠶᠢᠯᠳᠤᠭᠴᠢᠳ ᠤᠨ ᠡᠳᠦᠷ ᠲᠤᠲᠤᠮ ᠤᠨ ᠠᠵᠢᠯ᠂ ᠪᠣᠯᠪᠠᠰᠤᠷᠠᠯ ᠵᠢᠴᠢ ᠠᠮᠢᠳᠤᠷᠠᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃

ᠡᠭᠦᠨ ᠤ ᠬᠠᠮᠲᠤ᠂ ᠲᠡᠳᠡᠨ ᠳᠤ ᠲᠣᠬᠤᠨᠢᠭᠤᠯᠭ᠎ᠠ ᠶᠢᠨ ᠮᠥᠩᠭᠦ ᠬᠦᠷᠭᠡᠭᠰᠡᠨ ᠪᠥᠭᠡᠳ ᠵᠡᠪᠰᠡᠭᠲᠦ ᠴᠠᠭᠳᠠᠭ᠎ᠠ ᠶᠢᠨ ᠳᠠᠷᠤᠭ᠎ᠠ

ᠪᠠᠶᠢᠯᠳᠤᠭᠴᠢᠳ ᠤᠨ ᠣᠷᠣᠨ ᠨᠤᠲᠤᠭ ᠤᠨ ᠬᠥᠭᠵᠢᠯᠲᠡ ᠪᠠ ᠨᠡᠶᠢᠭᠡᠮ ᠤᠨ ᠲᠣᠭᠲᠠᠭᠤᠨ ᠪᠠᠢᠳᠠᠯ ᠳᠤ ᠦᠵᠡᠭᠦᠯᠦᠭᠰᠡᠨ

ᠬᠤᠪᠢ ᠨᠡᠮᠡᠷᠢ ᠳᠤ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠭᠦᠯᠦᠭᠰᠡᠨ ᠪᠠᠶᠢᠨ᠎ᠠ᠃

     ᠭᠤᠤ ᠰᠧᠨ᠂ ᠤᠷᠲᠤ ᠬᠤᠭᠤᠴᠠᠭᠠᠨ ᠤ ᠲᠤᠷᠰᠢ᠂ ᠬᠤᠰᠢᠭᠤᠨ ᠳᠤ ᠰᠠᠭᠤᠭ᠎ᠠ ᠵᠡᠪᠰᠡᠭᠲᠦ ᠴᠠᠭᠳᠠᠭ᠎ᠠ ᠶᠢᠨ

ᠴᠡᠷᠢᠭ ᠠᠩᠭᠢ ᠲᠣᠰ ᠪᠡᠶ᠎ᠡ ᠶᠢᠨ ᠪᠠᠶᠢᠭᠤᠯᠤᠯᠲᠠ ᠪᠠᠨ ᠰᠠᠶᠢᠲᠤᠷ ᠠᠳᠬᠤᠬᠤ ᠶᠢᠨ ᠬᠠᠮᠲᠤ᠂ ᠦᠨᠳᠦᠰᠦᠨ ᠱᠠᠲᠤᠨ ᠳᠤ

ᠦᠨᠳᠦᠰᠦᠯᠡᠵᠦ᠂ ᠠᠷᠠᠳ ᠲᠦᠮᠡᠨ ᠳᠤ ᠦᠢᠯᠡᠴᠢᠯᠡᠵᠦ᠂ ᠮᠠᠨ ᠤ ᠬᠤᠰᠢᠭᠤᠨ ᠤ ᠠᠵᠤ ᠠᠬᠤᠢ ᠶᠢᠨ ᠪᠦᠲᠦᠭᠡᠨ

ᠪᠠᠶᠢᠭᠤᠯᠤᠯᠳᠡ᠂ ᠨᠡᠶᠢᠭᠡᠮ ᠤᠨ ᠲᠣᠭᠲᠠᠭᠤᠨ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ ᠬᠤᠰᠢᠭᠤᠨ ᠤ ᠨᠠᠮ ᠤᠨ

ᠬᠤᠷᠢᠶ᠎ᠠ᠂ ᠵᠠᠰᠠᠭ ᠤᠨ ᠣᠷᠳᠣᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠳᠠᠮᠵᠢᠵᠤ᠂ ᠬᠦᠴᠦᠲᠡᠶ ᠦᠢᠯᠡᠴᠢᠯᠡᠭᠡ

ᠬᠠᠩᠭᠠᠵᠤ᠂ ᠬᠠᠮᠲᠤᠪᠠᠷ ᠠᠰᠢᠭ ᠬᠦᠷᠲᠡᠵᠦ ᠬᠠᠮᠲᠤᠪᠠᠷ ᠪᠠᠶᠢᠭᠤᠯᠤᠭᠰᠠᠨ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠦᠭᠡᠢ

ᠪᠠᠬᠢᠵᠢᠭᠦᠯᠦᠨ ᠬᠥᠭᠵᠢᠭᠦᠯᠵᠦ᠂ ᠴᠡᠷᠢᠭ ᠠᠩᠭᠢ ᠶᠢᠨ ᠬᠥᠭᠵᠢᠯᠲᠡ ᠪᠦᠲᠦᠭᠡᠨ  ᠪᠠᠶᠢᠭᠤᠯᠤᠯᠳᠡ ᠳᠤ ᠪᠠᠲᠤ ᠴᠢᠩᠭ᠎ᠠ ᠲᠦᠰᠢᠭ

ᠲᠤᠯᠭᠠᠭᠤᠷᠢ ᠪᠣᠯᠤᠨ᠎ᠠ ᠭᠡᠵᠦ ᠢᠯᠡᠷᠬᠡᠶᠢᠯᠡᠪᠡ᠃

     ᠬᠤᠰᠢᠭᠤᠨ ᠤ ᠠᠷᠠᠳ ᠤᠨ ᠲᠦᠯᠡᠭᠡᠯᠡᠭᠴᠢᠳ ᠤᠨ ᠶᠡᠭᠡ ᠬᠤᠷᠡᠯ ᠤᠨ ᠡᠷᠬᠢᠯᠡᠭᠴᠢ ᠲᠢᠶᠠᠨ ᠱᠧᠩ ᠭᠠᠯ ᠤᠨᠲᠠᠷᠠᠭᠠᠬᠤ

ᠳᠠᠷᠤᠭ᠎ᠠ ᠪᠠᠶᠢᠯᠳᠣᠨᠨᠴᠢᠳ ᠲᠠᠢ ᠳᠣᠲᠣᠨᠣ ᠪᠠᠷ ᠶᠠᠷᠢᠯᠴᠠᠵᠤ᠂ ᠭᠠᠯ ᠤᠨᠲᠠᠷᠠᠭᠠᠬᠤ ᠳᠠᠷᠤᠭ᠎ᠠ ᠪᠠᠶᠢᠯᠳᠤᠭᠴᠢᠳ ᠤᠨ ᠠᠵᠢᠯ

ᠠᠮᠢᠳᠤᠷᠠᠯ ᠵᠡᠷᠭᠡ ᠪᠠᠶᠢᠳᠠᠯ ᠢ ᠨᠠᠷᠢᠨ ᠬᠢᠨᠠᠮᠠᠭᠠᠶ ᠣᠶᠢᠯᠠᠭᠠᠵᠤ᠂ ᠭᠠᠯ ᠤᠨᠲᠠᠷᠠᠭᠠᠬᠤ ᠠᠵᠢᠯ ᠤᠨ ᠠᠮᠵᠢᠯᠲᠠ ᠶᠢ ᠥᠨᠳᠣᠷ

ᠦᠨᠡᠯᠡᠵᠦ᠂ ᠪᠦᠬᠦ ᠭᠠᠯ ᠤᠨᠲᠠᠷᠠᠭᠠᠬᠤ ᠳᠠᠷᠤᠭ᠎ᠠ ᠪᠠᠶᠢᠯᠳᠤᠭᠴᠢᠳ ᠤᠨ ᠤᠷᠲᠤ ᠬᠤᠭᠤᠴᠠᠭ᠎ᠠ ᠪᠠᠷ ᠪᠦᠬᠦ ᠬᠤᠰᠢᠭᠤᠨ ᠤ

ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠯ ᠢᠶᠠᠨ ᠲᠡᠪᠰᠢᠬᠦᠯᠪᠡ᠃

ᠡᠭᠦᠨ ᠤ ᠬᠠᠮᠲᠤ᠂ ᠭᠠᠯ ᠤᠨᠲᠠᠷᠠᠭᠠᠬᠤ ᠪᠦᠬᠦ ᠳᠠᠷᠤᠭ᠎ᠠ ᠪᠠᠶᠢᠯᠳᠤᠭᠴᠢᠳ ᠬᠦᠴᠢᠷ ᠪᠡᠷᠬᠡᠰᠢᠶᠡᠯ ᠠᠴᠠ ᠠᠶᠤᠬᠤ ᠦᠭᠡᠢ᠂

ᠶᠠᠳᠠᠷᠠᠯ ᠵᠦᠳᠡᠷᠡᠯ ᠠᠴᠠ ᠠᠶᠤᠬᠤ ᠦᠭᠡᠢ ᠵᠣᠷᠢᠭ ᠰᠠᠨᠠᠭ᠎ᠠ ᠪᠠᠨ ᠦᠷᠭᠦᠯᠵᠢᠯᠡᠨ ᠪᠠᠳᠠᠷᠠᠭᠤᠯᠵᠤ᠂ ᠪᠦᠬᠦ ᠰᠡᠳᠬᠢᠯ ᠪᠦᠬᠦ

ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠡᠯ᠎ᠡ

ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ

ᠬᠥᠭᠵᠢᠯᠲᠡ ᠳᠤ ᠨᠠᠩ ᠰᠠᠶᠢᠲᠤᠷ  ᠦᠢᠯᠡᠴᠢᠯᠡᠬᠦ ᠶᠢ ᠬᠦᠰᠡᠵᠦ ᠪᠠᠶᠢᠨ᠎ᠠ᠃

     ᠰᠧᠷᠡᠩᠳᠣᠨᠨᠳᠠᠬᠤ ᠴᠡᠷᠢᠭ ᠤᠨ ᠠᠯᠪᠠ ᠠᠴᠠ ᠬᠠᠯᠬᠠᠳ᠋ᠬᠠᠰᠠᠨ ᠠᠬᠠᠮᠠᠳ ᠴᠡᠷᠢᠭ ᠤᠨ ᠠᠮᠢᠳᠣᠷᠡᠯ ᠤᠨ ᠪᠠᠶᠢᠳᠡᠯ ᠪᠣᠯᠤᠨ

ᠡᠷᠡᠭᠦᠯ ᠮᠡᠨᠳᠦ ᠶᠢᠨ ᠪᠠᠶᠢᠳᠠᠯ ᠢ ᠨᠠᠷᠢᠨ ᠬᠢᠨᠠᠮᠠᠭᠠᠶ ᠣᠶᠢᠯᠭᠠᠭᠰᠠᠨ ᠪᠥᠭᠡᠳ ᠴᠡᠷᠢᠭ ᠤᠨ ᠠᠯᠪᠠ ᠠᠴᠠ ᠬᠠᠯᠬᠠᠳ᠋ᠬᠠᠰᠠᠨ

ᠠᠬᠠᠮᠠᠳ ᠴᠡᠷᠢᠭ ᠳᠤ ᠪᠠᠶᠠᠷ ᠤᠨ ᠡᠳᠦᠷ ᠤᠨ ᠮᠡᠨᠳᠣᠴᠢᠯᠡᠯ ᠳᠡᠪᠰᠢᠭᠦᠯᠵᠡᠶ᠃ ᠣᠶᠢᠷ᠎ᠡ ᠶᠢᠨ ᠵᠢᠯ ᠳᠤ᠂ ᠮᠠᠨ ᠤ

ᠬᠤᠰᠢᠭᠤᠨ ᠤ ᠢᠷᠠᠭᠤ ᠠᠯᠳᠠᠷ ᠤᠨ ᠬᠦᠷᠢᠶᠡᠯᠡᠩ ᠦᠢᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠲᠠ ᠥᠬᠡᠶ

ᠳᠡᠭᠡᠭᠰᠢᠯᠡᠭᠦᠯᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠬᠤ᠂

ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ  ᠤᠨ ᠬᠦᠴᠢᠷ ᠠᠰᠠᠭᠤᠳᠠᠯ ᠢ ᠦᠨᠡᠨᠬᠦ  ᠰᠢᠢᠳᠪᠦᠷᠢᠯᠡᠵᠦ᠂ ᠲᠡᠳᠡᠨ ᠳᠤ

ᠪᠠᠲᠤ ᠴᠢᠩᠭ᠎ᠠ ᠪᠠᠲᠤᠯᠠᠭ᠎ᠠ ᠬᠠᠩᠭᠠᠵᠦ ᠪᠠᠶᠢᠨ᠎ᠠ ᠭᠡᠪᠡ᠃

   

                             

                                ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号