ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠰᠢᠶᠠᠩ ᠶᠤᠸᠠᠢ ᠠᠭᠠᠷ ᠤᠨ ᠠᠶᠠᠯᠠᠯ ᠤᠨ ᠬᠢᠵᠠᠭᠠᠷᠲᠤ ᠺᠣᠮᠫᠠᠨᠢ ᠲᠠᠢ ᠲᠥᠷᠥᠯ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠶᠣᠰᠣᠯᠠᠯ ᠶᠠᠪᠤᠨᠨᠳᠠᠭᠤᠯᠪᠠ
ᠨᠡᠶᠢᠲᠡᠯᠡᠭᠰᠡᠨ ᠴᠠᠭ᠄
2019-08-02
            7 ᠰᠠᠷ᠎ᠠ ᠶᠢᠨ 28 ᠤ ᠡᠳᠦᠷ᠂ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠰᠢᠶᠠᠩ ᠶᠤᠸᠠᠢ ᠠᠭᠠᠷ ᠤᠨ ᠠᠶᠠᠯᠠᠯ ᠤᠨ ᠬᠢᠵᠠᠭᠠᠷᠲᠤ ᠺᠣᠮᠫᠠᠨᠢ  ᠲᠥᠷᠥᠯ ᠵᠦᠶ᠋ᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠶᠣᠰᠣᠯᠠᠯ ᠶᠠᠪᠤᠨᠨᠳᠠᠭᠤᠯᠪᠠ᠃ ᠰᠢᠶᠠᠩ ᠶᠤᠸᠠᠢ ᠠᠭᠠᠷ ᠤᠨ ᠠᠶᠠᠯᠠᠯ ᠤᠨ ᠬᠢᠵᠠᠭᠠᠷᠲᠤ ᠺᠣᠮᠫᠠᠨᠢ ᠶᠢᠨ ᠬᠡᠷᠡᠭ  ᠮᠡᠳᠡᠭᠴᠢ ᠶᠢᠨ ᠳᠠᠷᠤᠭ᠎ᠠ ᠺᠠᠩ ᠶᠠᠨ ᠰᠢᠶᠠᠩ᠂ ᠥᠪᠥᠷ ᠮᠣᠩᠭᠤᠯ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠨᠡᠶᠢᠭᠡᠮᠯᠢᠭ ᠤᠨ ᠳᠠᠷᠤᠭ᠎ᠠ ᠯᠢ ᠪᠢᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ  ᠤᠨ ᠣᠷᠳᠣᠨ ᠤ ᠳᠠᠷᠤᠭ᠎ᠠ ᠭᠤᠤ ᠰᠧᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠳ᠋ᠦᠩ ᠰᠢᠤᠸᠠᠢ ᠴᠢᠩ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃

      ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠰᠢᠶᠠᠩ ᠶᠣᠸᠠᠢ ᠨᠢᠰᠬᠡᠯ ᠤᠨ ᠪᠠᠭᠤᠳᠠᠯ ᠤᠨ ᠲᠥᠷᠥᠯ

ᠵᠦᠢᠯ ᠳᠤ 3 ᠳ᠋ᠦᠩᠰᠢᠭᠤᠷ ᠰᠢᠬᠠᠮ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠵᠢᠱᠢᠯᠲᠡ ᠪᠠᠷ ᠲᠠᠪᠤᠨ

ᠵᠢᠯ ᠤᠨ ᠳᠣᠲᠣᠷ᠎ᠠ ᠵᠢᠩᠬᠢᠨᠢ ᠪᠠᠷ ᠠᠰᠢᠭᠯᠠᠯᠲᠠ ᠳᠤ ᠣᠷᠣᠭᠤᠯᠤᠨ᠎ᠠ᠂ ᠲᠣᠰ ᠲᠥᠷᠥᠯ ᠵᠦᠢᠯ ᠨᠢ A 1 ᠲᠥᠷᠥᠯ ᠤᠨ

ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠷᠢᠮᠵᠢᠶ᠎ᠠ ᠪᠠᠷ ᠨᠢᠰᠬᠡᠯ ᠤᠨ ᠪᠠᠭᠤᠳᠠᠯ ᠪᠠᠶᠢᠭᠤᠯᠵᠤ᠂ ᠨᠢᠰᠦᠯᠲᠡ ᠶᠢᠨ

ᠳᠡᠰ ᠨᠢ 2 B ᠪᠠᠶᠢᠵᠤ᠂ ᠭᠤᠤᠯᠳᠠᠭᠤ ᠭᠦᠶᠦᠯᠲᠡ ᠶᠢᠨ ᠵᠠᠮ ᠤᠨ ᠤᠷᠳᠤ ᠨᠢ 1200X 30 ᠮᠧᠲᠷ᠂ ᠨᠢᠰᠬᠡᠯ

ᠵᠣᠭᠰᠣᠬᠤ ᠭᠠᠵᠠᠷ᠂ ᠠᠶᠠᠯᠠᠯ ᠤᠨ ᠥᠷᠲᠡᠭᠡᠨ ᠤ ᠠᠰᠠᠷ᠂ ᠲᠡᠷᠭᠡᠨ ᠵᠣᠭᠰᠣᠭᠠᠯ᠂ ᠲᠡᠷᠭᠡᠨ ᠵᠣᠭᠰᠣᠭᠠᠯ ᠵᠢᠴᠢ ᠳᠡᠭᠡᠷ᠎ᠡ

ᠳᠤᠷᠠᠳᠤᠭᠰᠠᠨ ᠲᠥᠬᠦᠭᠡᠷᠦᠮᠵᠢ ᠲᠠᠢ ᠲᠣᠬᠢᠷᠠᠯᠴᠠᠵᠤ᠂ ᠴᠢᠮᠡᠭᠡ ᠬᠤᠯᠪᠣᠭ᠎ᠠ᠂ ᠴᠠᠭ ᠠᠭᠤᠷ᠂ ᠠᠶᠠᠯᠠᠯ ᠳᠤ ᠲᠤᠰᠠᠯᠠᠬᠤ

ᠳ᠋ᠧᠩ ᠤᠨ ᠭᠡᠷᠡᠯ ᠤᠨ ᠪᠡᠯᠡᠳᠬᠡᠮᠵᠢ ᠪᠣᠯᠤᠨ ᠢᠵᠢ ᠪᠦᠷᠢᠳᠦᠭᠰᠡᠨ ᠠᠵᠢᠯᠯᠠᠬᠤ᠂ ᠠᠮᠢᠳᠤᠷᠠᠯ᠂ ᠦᠢᠯᠡᠳᠪᠦᠷᠢᠯᠡᠯ ᠵᠢᠴᠢ

ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢ ᠪᠠᠶᠢᠷᠢᠯᠠᠭᠤᠯᠤᠨ᠎ᠠ᠃ ᠨᠢᠰᠬᠡᠯ ᠤᠨ ᠴᠠᠭ ᠠᠭᠤᠷ ᠤᠨ ᠨᠥᠬᠦᠴᠡᠯ ᠳᠣᠤᠷ᠎ᠠ

ᠬᠡᠷᠡᠭᠯᠡᠬᠦ ᠱᠠᠭᠠᠷᠳᠠᠯᠭ᠎ᠠ ᠶᠢ ᠬᠠᠩᠭᠠᠬᠤ ᠱᠠᠭᠠᠷᠳᠠᠯᠭ᠎ᠠ ᠶᠣᠰᠣᠭᠠᠷ᠂ ᠨᠢᠭᠡ ᠯᠡ ᠤᠳᠠᠭ᠎ᠠ ᠳᠤ ᠲᠦᠯᠦᠪᠵᠢᠭᠦᠯᠭᠡ ᠬᠢᠵᠦ

ᠪᠦᠲᠦᠭᠡᠨ ᠪᠠᠶᠢᠭᠤᠯᠤᠨ᠎ᠠ᠃

       ᠳ᠋ᠦᠡᠭ ᠰᠢᠤᠸᠠᠢ ᠴᠢᠩ᠂ ᠺᠠᠩ ᠶᠠᠨ ᠰᠢᠶᠠᠩ ᠲᠣᠰ ᠲᠣᠰ ᠬᠤᠶᠠᠷ ᠲᠠᠯ᠎ᠠ ᠶᠢ ᠲᠥᠯᠥᠭᠡᠯᠡᠨ ᠴᠠᠬᠠᠷ ᠪᠠᠷᠠᠭᠤᠨ

ᠭᠠᠷᠤᠨ ᠲᠣᠮᠳᠡᠳᠣ ᠬᠤᠰᠢᠭᠤᠨ ᠤ ᠰᠢᠶᠠᠩ ᠶᠤᠸᠠᠢ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠲᠤᠬᠠᠶ ᠭᠡᠷ᠎ᠡ

ᠲᠣᠭᠲᠠᠪᠠ᠃

      ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠭᠠᠵᠠᠷ

ᠰᠢᠷᠣᠶ ᠨᠥᠭᠡᠴᠡᠯᠡᠬᠦ ᠠᠷᠠᠯᠵᠢᠶᠠᠨ ᠤ ᠲᠥᠪ ᠤᠨ ᠬᠠᠷᠢᠭᠤᠴᠠᠯᠭᠠᠲᠠᠨ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ

       

                      ᠵᠣᠬᠢᠶ᠋ᠬᠠᠴᠢ᠄  ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ

                                 ᠬᠠᠮ ᠵᠠᠭᠤᠴᠢᠯᠠᠭᠤᠷ ᠤᠨ ᠲᠥᠪ

                      ᠢᠷᠡᠯᠲᠡ᠄  ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ

                                 ᠬᠠᠮ ᠵᠠᠭᠤᠴᠢᠯᠠᠭᠤᠷ ᠤᠨ ᠲᠥᠪ

                     ᠣᠷᠴᠢᠭᠤᠯᠣᠨᠨᠴᠢ᠄  ᠭᠧ ᠲᠣᠸᠠᠨ ᠯᠢᠶᠡᠨ

     

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号