ᠲᠦᠷᠪᠡᠳᠣᠭᠡᠷ ᠬᠤᠭᠤᠴᠠᠭᠠᠨ ᠤ ᠥᠪᠦᠷ ᠮᠣᠩᠭᠤᠯ ᠤᠨ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠬᠤᠷᠡᠯ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2019-08-02
                7 ᠰᠠᠷ᠎ᠠ ᠶᠢᠨ 28 ᠤ ᠡᠳᠦᠷ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠪᠣᠯᠤᠨ ᠥᠪᠥᠷ ᠮᠣᠩᠭᠤᠯ ᠤᠨ ᠪᠠᠯᠠ ᠣᠷᠣᠭᠤᠯᠤᠯᠲᠠ ᠶᠢᠨ ᠨᠡᠶᠢᠭᠡᠮᠯᠢᠭ ᠠᠴᠠ ᠬᠠᠮᠲᠤᠷᠠᠨ ᠡᠷᠬᠢᠯᠡᠭᠰᠡᠨ ᠥᠪᠥᠷ ᠮᠣᠩᠭᠤᠯ ᠤᠨ ᠪᠠᠯᠠ ᠣᠷᠣᠭᠤᠯᠤᠯᠲᠠ ᠶᠢᠨ ᠬᠥᠭᠵᠢᠯᠲᠡ ᠶᠢᠨ ᠬᠤᠷᠡᠯ ᠥᠪᠥᠷ ᠮᠣᠩᠭᠤᠯ ᠤᠨ ᠶᠢᠨ ᠱᠠᠨ ᠰᠢᠯᠢᠳᠡᠭ ᠪᠣᠭᠤᠳᠡᠢ ᠶᠢᠨ ᠢᠳᠡᠭᠡᠨ ᠤ ᠬᠢᠵᠠᠭᠠᠷᠲᠤ ᠺᠣᠮᠫᠠᠨᠢ ᠳᠤ ᠶᠠᠪᠤᠭᠳᠠᠪᠠ᠂ ᠲᠣᠰ ᠤᠳᠠᠭᠠᠨ ᠤ ᠬᠤᠷᠡᠯ ᠤᠨ ᠭᠤᠤᠯ ᠰᠡᠳᠦᠪ ᠨᠢ ︽ᠪᠣᠬᠢᠷᠲᠤᠯ ᠥᠬᠡᠶ ᠬᠥᠭᠵᠢᠯᠲᠡ ᠪᠣᠬᠢᠷᠲᠤᠯ ᠥᠬᠡᠶ ᠠᠵᠤ ᠦᠢᠯᠡᠰ ᠤᠨ ᠪᠣᠬᠢᠷᠲᠤᠯ ᠥᠬᠡᠶ ᠪᠠᠯᠠ ᠣᠷᠣᠭᠤᠯᠤᠯᠲᠠ︾ ᠪᠣᠯᠤᠨ᠎ᠠ᠃

      ᠥᠪᠦᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ

ᠱᠦᠵᠢ ᠶᠠᠩ ᠵᠢᠶᠧ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ ᠤᠨ

ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠬᠠᠩ ᠱᠤᠸᠠᠨ ᠵᠤ᠋᠂ ᠥᠪᠡᠷᠲᠡᠭᠡᠨ ᠵᠠᠰᠠᠬᠤ ᠣᠷᠣᠨ ᠤ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠲᠣᠭᠤᠷᠢᠨ

ᠪᠠᠶᠢᠴᠠᠭᠠᠭᠴᠢ ᠾᠧᠦ ᠶᠠᠨ᠂ ᠤᠯᠠᠭᠠᠨᠴᠠᠪ ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠶ᠂ ᠥᠪᠡᠷᠲᠡᠭᠡᠨ ᠵᠠᠰᠠᠬᠤ

ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠤᠤᠯ ᠤᠨ ᠳᠡᠳ᠋ ᠳᠠᠷᠤᠭ᠎ᠠ᠂ ᠥᠪᠥᠷ ᠮᠣᠩᠭᠤᠯ ᠤᠨ ᠠᠵᠤ

ᠠᠬᠤᠢ ᠶᠢᠨ ᠤᠬᠠᠭᠠᠨ ᠤ ᠨᠡᠶᠢᠭᠡᠮᠯᠢᠭ ᠤᠨ ᠳᠠᠷᠤᠭ᠎ᠠ ᠵᠠᠩ ᠲᠠᠢ ᠫᠢᠩ᠂ ᠤᠯᠠᠭᠠᠨᠴᠠᠪ ᠬᠤᠲᠠ ᠶᠢᠨ ᠮᠥᠩᠭᠦᠨ ᠭᠦᠢᠯᠭᠡᠭᠡᠨ ᠤ

ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠠᠩ ᠯᠢ ᠮᠧᠶ᠂ ᠤᠯᠠᠭᠠᠨᠴᠠᠪ

ᠬᠤᠲᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶᠠᠨ ᠤ ᠳᠠᠷᠤᠭ᠎ᠠ ᠭᠦᠩ ᠵᠢᠶᠠᠨ᠂

ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠣᠨ ᠣᠷᠳᠣᠨ ᠤ ᠬᠤᠰᠢᠭᠤ ᠳᠠᠷᠤᠭ᠎ᠠ ᠭᠤᠤ ᠰᠧᠨ᠂

ᠥᠪᠥᠷ ᠮᠣᠩᠭᠤᠯ ᠤᠨ ᠮᠢᠨ ᠹᠧᠩ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢ ᠶᠢᠨ ᠳᠠᠷᠤᠭ᠎ᠠ ᠯᠦ

ᠸᠧᠨ ᠪᠢᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠶᠢᠨ ᠶᠤᠸᠠᠨ᠂ ᠬᠤᠰᠢᠭᠤᠨ ᠤ ᠤᠯᠤᠰ

ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠹᠦ᠋  ᠪᠣᠶᠡᠨ ᠬᠤᠷᠡᠯ ᠳᠤ ᠣᠷᠣᠯᠴᠠᠪᠠ  ᠃

     ᠶᠠᠩ ᠵᠢᠶᠧ ᠬᠤᠷᠠᠯ ᠡᠬᠢᠯᠡᠬᠦ ᠦᠭᠡ ᠶᠠᠷᠢᠬᠤ ᠶᠢᠨ ᠬᠠᠮᠳᠣ ᠵᠢᠭᠠᠵᠦ ᠭᠠᠷᠭᠠᠨᠨᠰᠠᠨ ᠨᠢ ᠥᠪᠥᠷ ᠮᠣᠩᠭᠤᠯ ᠤᠨ ᠪᠠᠯᠠ

ᠣᠷᠣᠭᠤᠯᠤᠯᠲᠠ ᠶᠢᠨ ᠬᠥᠭᠵᠢᠯᠲᠡ ᠶᠢᠨ ᠬᠤᠷᠡᠯ ᠨᠢ ᠨᠡᠶᠢᠭᠡᠮ ᠤᠨ ᠡᠯ᠎ᠡ ᠡᠲᠡᠭᠡᠳ ᠤᠨ ᠨᠡᠪᠲᠡᠷᠡᠯᠴᠡᠬᠦ ᠴᠣᠩᠬᠤ ᠪᠣᠯᠤᠭᠰᠠᠨ ᠤ

ᠬᠤᠪᠢ ᠳᠤ᠂ ᠨᠢᠭᠡᠨᠲᠡ ᠪᠠᠯᠠ ᠣᠷᠣᠭᠤᠯᠤᠯᠲᠠ ᠶᠢᠨ ᠬᠦᠷᠢᠶᠡᠨ ᠳᠠᠬᠢ ᠲᠤᠰᠬᠠᠶ ᠮᠡᠷᠭᠡᠵᠢᠯᠲᠡᠨ ᠡᠷᠳᠡᠮᠲᠡᠳ ᠤᠨ ᠡᠷᠳᠡᠮ

ᠰᠢᠨᠵᠢᠯᠡᠭᠡᠨ ᠤ ᠦᠷ᠎ᠡ ᠪᠦᠲᠦᠭᠡᠯ ᠪᠠ ᠦᠵᠡᠯ ᠰᠠᠨᠠᠭᠠᠨ ᠤ ᠣᠶᠤᠨ ᠤᠬᠠᠭᠠᠨ ᠢ ᠬᠤᠪᠢᠶᠠᠯᠴᠠᠨ ᠡᠳ᠋ᠯᠡᠵᠦ᠂ ᠲᠡᠭᠦᠨ ᠤ

ᠥᠪᠡᠷᠮᠢᠴᠡ ᠦᠵᠡᠯᠲᠡ ᠪᠠ ᠲᠤᠷᠰᠢᠯᠭ᠎ᠠ ᠪᠠᠷ ᠲᠣᠯᠢ ᠪᠣᠯᠭᠠᠬᠤ ᠰᠠᠶᠢᠨ ᠲᠠᠪᠴᠠᠩ ᠪᠣᠯᠵᠤ᠂ ᠬᠤᠭᠤᠴᠠᠭ᠎ᠠ ᠪᠦᠷᠢ ᠶᠢᠨ

ᠬᠤᠷᠡᠯ ᠢ ᠠᠮᠵᠢᠯᠲᠠ ᠲᠠᠢ ᠡᠷᠬᠢᠯᠡᠭᠰᠡᠨ ᠨᠢ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ

ᠠᠬᠢᠭᠤᠯᠬᠤ ᠦᠢᠯᠡᠳᠣᠯ ᠦᠵᠡᠭᠦᠯᠦᠭᠰᠡᠨ ᠪᠥᠭᠡᠳ ᠪᠠᠯᠠ ᠣᠷᠣᠭᠤᠯᠤᠯᠲᠠ ᠶᠢᠨ ᠣᠨᠣᠯ ᠤᠨ ᠰᠤᠳᠤᠯᠭᠠᠨ ᠤ ᠬᠢᠷᠢ

ᠲᠦᠪᠰᠢᠨ ᠢ ᠳᠡᠭᠡᠭᠰᠢᠯᠡᠭᠦᠯᠵᠦ᠂ ᠪᠠᠯᠠ ᠣᠷᠣᠭᠤᠯᠤᠯᠲᠠ ᠶᠢᠨ ᠰᠢᠨᠵᠢᠯᠡᠭᠡᠨ ᠤ ᠬᠥᠭᠵᠢᠯᠲᠡ ᠶᠢ ᠠᠬᠢᠭᠤᠯᠬᠤ ᠳᠤ ᠠᠰᠢᠭᠲᠠᠢ

ᠶᠤᠮ ᠭᠡᠵᠡᠶ᠃

     ᠬᠠᠩ ᠱᠤᠸᠠᠨ ᠵᠦ ︽ᠪᠣᠬᠢᠷᠲᠤᠯ ᠦᠭᠡᠢ ᠬᠥᠭᠵᠢᠯᠲᠡ ᠶᠢᠨ ᠱᠠᠭᠠᠷᠳᠠᠯᠭ᠎ᠠ ᠶᠢᠨ ᠣᠷᠣᠨ ᠵᠠᠶ ᠶᠢᠨ ᠪᠦᠲᠦᠴᠡ ᠶᠢ

ᠪᠦᠷᠢᠯᠳᠦᠭᠦᠯᠬᠦ︾ ᠪᠠᠷ ᠭᠤᠤᠯ ᠵᠣᠷᠢᠯᠲᠠ ᠪᠣᠯᠭᠠᠵᠦ ᠶᠠᠷᠢᠶ᠎ᠠ ᠢᠯᠡᠳᠬᠡᠯ ᠬᠢᠵᠡᠶ᠃ ᠬᠤᠷᠠᠯ ᠳᠤ ᠣᠷᠣᠯᠴᠠᠭᠰᠠᠨ ᠲᠤᠰᠬᠠᠶ

ᠮᠡᠷᠭᠡᠵᠢᠯᠲᠡᠨ ᠡᠷᠳᠡᠮᠲᠡᠳ ᠪᠣᠬᠢᠷᠲᠤᠯ ᠦᠭᠡᠢ ᠬᠥᠭᠵᠢᠯᠲᠡ᠂ ᠥᠪᠥᠷ ᠮᠣᠩᠭᠤᠯ ᠤᠨ ᠪᠡᠯᠡ ᠣᠷᠣᠭᠤᠯᠤᠯᠲᠠ ᠶᠢᠨ

ᠤᠳᠤᠷᠢᠳᠤᠮᠵᠢ ᠵᠡᠷᠭᠡ ᠶᠢᠨ ᠲᠤᠬᠠᠶ ᠭᠤᠤᠯ ᠰᠡᠳᠦᠪᠲᠦ ᠮᠡᠳᠡᠭᠦᠯᠦᠯᠲᠡ ᠬᠢᠪᠡ  ᠃

     ᠬᠤᠷᠠᠯ ᠳᠤ ᠣᠷᠣᠯᠴᠠᠭᠰᠠᠳ ᠪᠠᠰᠠ ᠥᠪᠥᠷ ᠮᠣᠩᠭᠤᠯ ᠤᠨ ᠶᠢᠨ ᠱᠠᠨ ᠰᠢᠯᠢᠳᠡᠭ ᠪᠣᠭᠤᠳᠡᠢ ᠶᠢᠨ ᠢᠳᠡᠭᠡᠨ ᠤ

ᠬᠢᠵᠠᠭᠠᠷᠲᠤ ᠺᠣᠮᠫᠠᠨᠢ ᠶᠢᠨ ᠪᠣᠯᠪᠠᠰᠣᠷᠠᠭᠤᠯᠤᠨ ᠦᠢᠯᠡᠳᠪᠦᠷᠢᠯᠡᠬᠦ ᠲᠠᠰᠤᠭ ᠵᠢᠴᠢ  ᠪᠣᠭᠤᠳᠡᠢ ᠶᠢᠨ ᠮᠦᠽᠧᠶ ᠶᠢ ᠲᠣᠭᠤᠷᠢᠨ

ᠦᠵᠡᠭᠰᠡᠨ ᠪᠥᠭᠡᠳ ᠥᠪᠥᠷ ᠮᠣᠩᠭᠤᠯ ᠤᠨ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠶᠠᠷᠢᠶᠠᠨ ᠤ ᠲᠠᠪᠴᠠᠩ ᠤᠨ

ᠲᠥᠷᠥᠯ ᠵᠦᠢᠯ ᠢ ᠵᠣᠯᠭᠠᠭᠤᠯᠬᠤ ᠬᠤᠷᠠᠯ ᠢ ᠬᠤᠷᠠᠯᠳᠤᠭᠤᠯᠪᠠ᠃

     

                   

                    ᠵᠣᠬᠢᠶ᠋ᠬᠠᠴᠢ᠄  ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ

                                   ᠬᠠᠮ ᠵᠠᠭᠤᠴᠢᠯᠠᠭᠤᠷ ᠤᠨ ᠲᠥᠪ

                    ᠢᠷᠡᠯᠲᠡ᠄  ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ

                                  ᠬᠠᠮ ᠵᠠᠭᠤᠴᠢᠯᠠᠭᠤᠷ ᠤᠨ ᠲᠥᠪ

       

                   ᠣᠷᠴᠢᠭᠤᠯᠣᠨᠨᠴᠢ᠄  ᠭᠧ ᠲᠣᠸᠠᠨ ᠯᠢᠶᠡᠨ

       

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ‍ᠤ‌ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号