| 1947 ᠣᠨ ᠳᠤ ᠮᠡᠨᠳᠤᠯᠡᠭᠰᠡᠨ ᠠᠬᠠᠮᠠᠳ ᠪᠠᠭᠰᠢ ᠭᠤᠤ ᠸᠧᠨ ᠰᠢᠦ 40 ᠭᠠᠷᠤᠢ ᠵᠢᠯ ᠪᠠᠭᠰᠢᠯᠠᠵᠤ᠂ | ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠪᠡᠶ᠎ᠡ ᠪᠠᠷ ᠢᠶᠠᠨ ᠥᠩᠭᠡᠷᠡᠭᠦᠯᠦᠭᠰᠡᠨ | ᠲᠡᠷᠡᠪᠡᠷ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ | ᠬᠥᠭᠵᠢᠯᠲᠡ ᠶᠢ ᠳᠠᠭᠠᠯᠳᠤᠨ 70 ᠵᠢᠯ ᠤᠨ ᠲᠡᠦᠭᠡᠨ ᠶᠠᠪᠤᠴᠠ ᠶᠢ ᠦᠩᠭᠡᠷᠡᠭᠡᠵᠡᠢ᠃ | 2008 ᠣᠨ ᠳᠤ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ᠂ ᠭᠤᠤ ᠸᠧᠨ ᠰᠢᠦ ᠣᠯᠠᠨ ᠲᠦᠮᠡᠨ ᠤ ᠰᠣᠶᠣᠯ ᠤᠨ | ᠠᠵᠢᠯᠯᠠᠭ᠎ᠠ ᠳᠤ ᠣᠷᠣᠯᠴᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠰᠣᠶᠣᠯ | ᠵᠤᠭᠠᠴᠠᠯ ᠤᠨ ᠠᠵᠢᠯᠯᠠᠭ᠎ᠠ ᠥᠷᠨᠢᠭᠦᠯᠵᠦ᠂ ᠨᠠᠶᠢᠷᠠᠯ ᠳᠠᠭᠤᠤ ᠪᠠ ᠪᠦᠵᠢᠭ ᠪᠣᠯᠪᠠᠰᠤᠷᠠᠵᠤ᠂ ᠡᠳᠦᠷ ᠪᠦᠷᠢ | ᠬᠥᠳᠡᠯᠭᠡᠭᠡᠨ ᠵᠣᠬᠢᠶᠠᠨ ᠪᠠᠶᠢᠭᠤᠯᠬᠤ ᠭᠡᠵᠦ ᠶᠠᠭᠠᠷᠠᠨ᠂ ᠵᠠᠷᠢᠮ ᠳᠤ ᠪᠠᠨ ᠠᠵᠢᠯ ᠤᠨ ᠠᠮᠠᠷᠠᠯᠲᠠ ᠪᠠᠨ ᠠᠪᠬᠤ ᠠᠴᠠ | ᠡᠮᠦᠨ᠎ᠡ ᠠᠴᠠ ᠴᠦ ᠢᠯᠡᠭᠦᠤ ᠶᠠᠭᠠᠷᠠᠤ ᠪᠠᠶᠢᠯ᠎ᠠ᠃ | | | | | | 1962 ᠣᠨ ᠳᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠭᠰᠠᠨ ᠭᠤᠤ | ᠸᠧᠨ ᠰᠢᠤ ᠰᠤᠷᠤᠯᠭ᠎ᠠ ᠪᠠᠨ ᠬᠠᠶᠠᠵᠤ᠂ ᠨᠤᠲᠤᠭ ᠲᠠᠭᠠᠨ ᠪᠤᠴᠠᠨ ᠠᠷᠠᠳ ᠤᠨ ᠡᠷᠬᠢᠯᠡᠭᠰᠡᠨ ᠰᠤᠷᠭᠠᠭᠤᠯᠢ ᠶᠢᠨ | ᠪᠠᠭᠰᠢ ᠪᠣᠯᠪᠠ᠂ ᠲᠡᠷᠡ ᠡᠳᠦᠷ ᠠᠴᠠ ᠡᠬᠢᠯᠡᠨ ᠲᠡᠷᠡ ᠰᠤᠷᠭᠠᠨ ᠬᠥᠮᠦᠵᠢᠯ ᠲᠠᠢ ᠰᠠᠯᠤᠰᠢ ᠦᠭᠡᠢ ᠪᠠᠷᠢᠯᠳᠤᠯᠭ᠎ᠠ ᠲᠠᠢ | ᠪᠣᠯᠵᠠᠶ᠃ | | | | 1962 ᠤᠨ ᠤ 9 ᠰᠠᠷ᠎ᠠ ᠶᠢᠨ 1 ᠤ ᠡᠳᠦᠷ᠂ ᠰᠤᠷᠭᠠᠭᠤᠯᠢ ᠡᠬᠢᠯᠡᠮᠡᠭᠴᠡ ᠪᠢ ᠠᠷᠠᠳ ᠤᠨ ᠡᠷᠬᠢᠯᠡᠭᠰᠡᠨ | ᠰᠤᠷᠭᠠᠭᠤᠯᠢ ᠶᠢᠨ ᠪᠠᠭᠰᠢ ᠪᠣᠯᠵᠤ᠂ 1962 ᠣᠨ ᠠᠴᠠ 1970 ᠤᠨ ᠪᠣᠯᠲᠠᠯ᠎ᠠ ᠪᠢ ᠨᠡᠶᠢᠳᠡᠮ ᠦᠨᠳᠦᠰᠦᠨ | ᠱᠠᠲᠤᠨ ᠳᠤ ᠠᠵᠢᠯᠯᠠᠵᠤ᠂ ᠪᠠᠭ᠎ᠠ ᠰᠤᠷᠭᠠᠭᠤᠯᠢ ᠶᠢᠨ ᠬᠤᠣᠰᠯᠬᠠᠰᠠᠨ ᠮᠠᠶ᠋ᠢᠭ ᠤᠨ ᠠᠩᠭᠢ ᠶᠢᠨ ᠪᠠᠭᠰᠢ ᠠᠴᠠ ᠲᠡᠭᠡᠳᠤ | ᠵᠡᠷᠭᠡ ᠶᠢᠨ ᠪᠠᠭ᠎ᠠ ᠰᠤᠷᠭᠠᠭᠤᠯᠢ ᠶᠢᠨ ᠲᠦᠷᠪᠡ ᠂ ᠲᠠᠪᠤᠳᠤᠭᠠᠷ ᠤᠨ ᠤ ᠪᠠᠭᠰᠢ ᠪᠤᠯᠤᠯ᠎ᠠ᠂ 1971 ᠣᠨ ᠳᠤ | ᠬᠠᠭᠠᠰ ᠵᠢᠯ ᠤᠨ ᠪᠤᠯᠪᠠᠰᠤᠷᠠᠯ ᠭᠦᠷᠳᠡᠵᠦ᠂ ᠴᠢᠳᠠᠪᠤᠷᠢᠲᠠᠨ ᠪᠠᠴᠢᠮ ᠱᠠᠭᠠᠷᠳᠠᠭᠳᠠᠵᠤ ᠪᠠᠶᠢᠭᠰ᠊ᠠᠨ ᠦᠶ᠎ᠡ ᠪᠣᠯᠬᠤᠷ᠂ | ᠪᠢᠳᠡ ᠰᠤᠷᠤᠭᠴᠢᠳ ᠲᠠᠭᠠᠨ ᠪᠠᠭ᠎ᠠ ᠰᠠᠭ᠎ᠠ ᠨᠥᠬᠦᠪᠥᠷᠢ ᠦᠭᠭᠦ ᠪᠠᠷ ᠬᠥᠳᠡᠭᠡ ᠪᠠᠭᠤᠵᠠᠢ᠂ ᠲᠡᠭᠡᠭᠡᠳ ᠲᠠᠷᠠᠭ᠎ᠠ ᠨᠢ | ᠡᠷᠭᠢᠵᠦ ᠢᠷᠡᠭᠡᠳ ᠰᠢᠨ᠎ᠡ ᠪᠠᠷ ᠬᠤᠪᠢᠶᠠᠷᠢᠯᠠᠭᠳᠠᠨ ᠵᠢᠩᠬᠢᠨᠢ ᠪᠠᠭᠰᠢ ᠪᠣᠯᠪᠠ᠂ ᠲᠤᠬᠠᠶ ᠶᠢᠨ ᠣᠶᠶ᠎ᠠ ᠳᠤ ᠨᠠᠳᠠ ᠳᠤ | ᠠᠩᠬ᠎ᠠ ᠬᠤᠪᠢᠶᠠᠷᠢᠯᠠᠭᠰᠠᠨ ᠰᠤᠷᠭᠠᠭᠤᠯᠢ ᠪᠣᠯ ᠬᠠᠨ ᠴᠢᠩ ᠭᠧᠦ ᠪᠣᠯᠤᠨ᠎ᠠ᠂ ᠪᠢ 1978 ᠣᠨ ᠳᠤ ᠲᠡᠷᠢᠭᠦᠨ | ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠵᠢᠵᠦ᠂ ᠲᠡᠷᠢᠭᠦᠨ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠩᠬᠠᠨ ᠤ | ᠵᠠᠬᠢᠷᠤᠯ ᠪᠣᠯᠵᠤ᠂ ᠲᠡᠷᠢᠭᠦᠨ ᠵᠡᠷᠭᠡ ᠶᠢᠨ ᠳᠤᠮᠳᠠᠳᠤ ᠰᠤᠷᠭᠠᠭᠤᠯᠢ ᠳᠤ 8 ᠵᠢᠯ ᠠᠵᠢᠯᠯᠠᠪᠠ᠃ 1985 ᠣᠨ ᠠᠴᠠ | ᠡᠬᠢᠯᠡᠨ᠂ ᠠᠵᠢᠯ ᠤᠨ ᠬᠡᠷᠡᠭᠴᠡᠭᠡ ᠪᠠ ᠮᠢᠨᠦ ᠦᠪᠡᠷ ᠤᠨ ᠠᠵᠢᠯ ᠤᠨ ᠬᠢᠷᠢ ᠪᠦᠲᠦᠮᠵᠢ ᠰᠠᠶᠢᠨ ᠠᠴᠠ ᠪᠣᠯᠵᠤ᠂ | ᠰᠤᠷᠭᠠᠨ ᠬᠥᠮᠦᠵᠢᠯ ᠤᠨ ᠲᠣᠪᠴᠢᠶ᠎ᠠ ᠠᠴᠠ ᠨᠠᠮ᠎ᠠ ᠶᠢ ᠲᠡᠷᠡᠰᠤᠳᠠᠢ ᠶᠢᠨ ᠠᠵᠢᠯ ᠮᠡᠷᠭᠡᠵᠢᠯ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠳᠤ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠢ ᠡᠭᠦᠷᠭᠡᠯᠡᠭᠦᠯᠪᠡ᠂ ᠲᠤᠬᠠᠶ ᠵᠢᠨᠣᠶᠶᠠ ᠳᠤ | ᠣᠢ ᠰᠢᠭᠤᠶ ᠶᠢᠨ ᠲᠣᠪᠴᠢᠶ᠎ᠠ ᠪᠣᠯᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠠᠮᠲᠤᠷᠠᠨ ᠡᠷᠭᠢᠯᠡᠵᠦ ᠪᠠᠶᠢᠵᠠᠢ᠂ | ᠪᠢ ᠪᠠᠰᠠ ᠲᠡᠷᠡᠰᠤᠳᠠᠢ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ 3 ᠵᠢᠯ | ᠠᠵᠢᠯᠯᠠᠵᠠᠶ᠃ 87 ᠤᠨ ᠤ 11 ᠰᠠᠷ᠎ᠠ ᠶᠢᠨ 15 ᠤ ᠡᠳᠦᠷ ᠪᠢ ᠬᠤᠶᠠᠳᠤᠭᠠᠷ ᠳᠤᠮᠳᠠᠳᠤ ᠰᠤᠷᠭᠠᠭᠤᠯᠢ ᠳᠤ | ᠰᠢᠯᠵᠢᠨ ᠢᠷᠡᠵᠦ᠂ ᠠᠷᠤ ᠲᠠᠯ᠎ᠠ ᠶᠢᠨ ᠦᠢᠯᠡᠴᠢᠯᠡᠭᠡᠨ ᠤ ᠰᠤᠷᠭᠠᠭᠤᠯᠢ ᠶᠢᠨ ᠡᠷᠬᠢᠯᠡᠭᠰᠡᠨ ᠦᠢᠯᠡᠳᠪᠤᠷᠢ ᠭᠡᠬᠦ ᠡᠨᠡ | ᠠᠵᠢᠯ ᠢ ᠬᠢᠭᠰᠡᠭᠡᠷ ᠢᠷᠡᠵᠡᠢ᠂ ᠡᠨᠡ ᠳᠤᠮᠳᠠ ᠪᠢ ᠭᠤᠤᠯᠳᠠᠭᠤ ᠠᠵᠢᠯᠴᠢ ᠠᠷᠪᠢᠴᠢ ᠪᠠᠷ ᠰᠤᠷᠤᠯᠴᠠᠨ᠂ | ᠰᠤᠷᠭᠠᠭᠤᠯᠢ ᠳᠤ ᠭᠦᠷᠦᠩᠭᠡ ᠮᠥᠩᠭᠦ ᠬᠤᠷᠠᠮᠳᠤᠭᠤᠯᠵᠦ ᠦᠭᠭᠦᠭᠰᠡᠨ ᠪᠠᠶᠢᠨ᠎ᠠ᠃ | | | | | ᠰᠤᠷᠭᠠᠨ ᠬᠥᠮᠦᠵᠢᠯ ᠤᠨ ᠳᠥᠴᠢᠨ ᠵᠢᠯ ᠤᠨ ᠲᠤᠷᠰᠢ᠂ ᠭᠤᠤ ᠸᠧᠨ ᠰᠢᠤ ᠪᠥᠬᠦᠳᠡ ᠨᠠᠶᠢᠷᠠᠮᠳᠠᠬᠤ ᠤᠯᠤᠰ | ᠪᠠᠶᠢᠭᠤᠯᠤᠭᠳᠠᠭᠰᠠᠨ ᠠᠴᠠ ᠣᠳᠣ ᠪᠣᠯᠲᠠᠯ᠎ᠠ᠂ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ | ᠬᠥᠭᠵᠢᠯᠲᠡ ᠶᠢᠨ ᠲᠡᠤᠬᠡᠨ ᠶᠠᠪᠤᠴᠠ ᠠᠴᠠ ᠤᠯᠤᠰ ᠤᠨ ᠰᠤᠷᠭᠠᠨ ᠬᠥᠮᠦᠵᠢᠯ ᠳᠤ ᠦᠵᠡᠭᠦᠯᠦᠭᠰᠡᠨ ᠯᠤᠲᠤ ᠶᠡᠭᠡ | ᠨᠥᠯᠥᠭᠡ ᠶᠢ ᠣᠶᠢᠯᠠᠭᠠᠵᠤ ᠮᠡᠳᠡᠭᠰᠡᠨ ᠪᠠᠶᠢᠨ᠎ᠠ᠃ | | | | | | ᠲᠠᠯᠠᠨ ᠵᠢᠯ ᠤᠨ ᠲᠤᠷᠰᠢ᠂ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠢᠯᠡᠳᠲᠡ ᠠᠮᠵᠢᠯᠲᠠ | ᠣᠯᠵᠠᠶ᠂ ᠤᠯᠤᠰ ᠪᠠᠶᠢᠭᠤᠯᠤᠭᠳᠠᠭᠰᠠᠨ ᠡᠬᠢᠨ ᠤ ᠣᠶᠶ᠎ᠠ ᠳᠤ᠂ ᠮᠠᠨ ᠤ ᠬᠤᠰᠢᠭᠤᠨ ᠳᠤ ᠵᠥᠪᠬᠡᠨ ᠨᠢᠭᠡ ᠪᠦᠷᠢᠨ | ᠪᠠᠭ᠎ᠠ ᠰᠤᠷᠭᠠᠭᠤᠯᠢ ᠲᠠᠢ ᠪᠠᠶᠢᠵᠤ᠂ ᠰᠤᠷᠬᠤ ᠨᠠᠰᠤᠨ ᠤ ᠬᠡᠤᠬᠡᠳ ᠤᠨ ᠨᠣᠷᠮ᠎ᠠ ᠨᠢ ᠵᠥᠪᠬᠡᠨ 47 % ᠪᠠᠶᠢᠵᠤ᠂ | 2019 ᠤᠨ ᠤ 7 ᠰᠠᠷ᠎ᠠ ᠪᠣᠯᠲᠠᠯ᠎ᠠ᠂ ᠪᠦᠬᠦ ᠬᠤᠰᠢᠭᠤᠨ ᠳᠤ ᠨᠡᠶᠢᠲᠡ 17 ᠪᠠᠭ᠎ᠠ ᠰᠤᠷᠭᠠᠭᠤᠯᠢ᠂ 2 ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ᠂ 1 ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ 1 ᠠᠵᠢᠯ | ᠮᠡᠷᠭᠡᠵᠢᠯ ᠤᠨ ᠳᠤᠮᠳᠠᠳᠤ ᠰᠤᠷᠭᠠᠭᠤᠯᠢ ᠲᠠᠢ ᠪᠤᠯᠵᠦ᠂ ᠰᠤᠷᠬᠤ ᠨᠠᠰᠤᠨ ᠤ ᠬᠡᠤᠬᠡᠳ ᠤᠨ ᠨᠣᠷᠮ᠎ᠠ ᠨᠢ 100 % | ᠪᠤᠯᠤᠭᠰᠠᠨ ᠪᠠᠶᠢᠨ᠎ᠠ᠃ | | ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ | ᠬᠠᠮ ᠵᠠᠭᠤᠴᠢᠯᠠᠭᠤᠷ ᠤᠨ ᠲᠥᠪ | ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ | ᠬᠠᠮ ᠵᠠᠭᠤᠴᠢᠯᠠᠭᠤᠷ ᠤᠨ ᠲᠥᠪ | ᠣᠷᠴᠢᠭᠤᠯᠣᠨᠨᠴᠢ᠄ ᠱᠤ᠋ ᠭᠤᠸᠠᠩ ᠠᠴᠢᠯᠠ | ᠬᠠᠷᠢᠭᠤᠴᠬᠠᠰᠠᠨ ᠨᠠᠶᠢᠷᠠᠭᠤᠯᠣᠨᠨᠴᠢ᠄ ᠭᠧ ᠲᠣᠸᠠᠨ ᠯᠢᠶᠡᠨ | | | |