ᠰᠧᠷᠵᠢ  — ᠪᠢ ᠪᠣᠯᠣᠨ ᠲᠠᠯ᠎ᠠ ᠨᠣᠳᠤᠭ ᠤᠨ ︽  ᠬᠤᠪᠢᠰᠬᠠᠯ ᠤᠨ ᠤᠳᠬ᠎ᠠ ᠣᠷᠠᠯᠢᠭ ᠤᠨ ᠬᠥᠩᠭᠡᠨ ᠮᠤᠷᠢᠲᠦ ᠴᠡᠷᠢᠭ︾ ᠤᠨ ᠥᠯᠢᠭᠡᠷ
ᠨᠡᠶᠢᠲᠡᠯᠡᠭᠰᠡᠨ ᠴᠠᠭ᠄
2019-09-17
     ᠴᠠᠬᠠᠷ ᠪᠠᠷᠠᠭᠤᠨ ᠭᠠᠷᠣᠨ ᠲᠤᠮᠳᠠᠳᠦ ᠬᠤᠰᠢᠭᠤᠨ ᠤ ᠠᠩᠬᠠᠳᠣᠭᠴᠢ ᠣᠯᠠᠭᠠᠨᠮᠦ᠋ᠴᠢᠷ   ᠨᠢ 1965 ᠣᠨ  ᠳᠤ ᠪᠠᠶᠢᠭᠤᠯᠤᠭᠳᠠᠵᠤ᠂ ᠡᠨᠡᠬᠦ ᠪᠦᠯᠭᠦᠮ ᠨᠢ ᠬᠥᠳᠡᠭᠡ ᠲᠤᠰᠬᠤᠨ ᠮᠠᠯᠵᠢᠬᠤ ᠣᠷᠣᠨ ᠳᠤ ᠭᠥᠨᠵᠡᠭᠡᠶᠢᠷᠡᠨ ᠰᠣᠶᠣᠯ ᠤᠷᠠᠯᠢᠭ ᠤᠨ ᠠᠵᠢᠯ ᠳᠤ ᠭᠠᠪᠱᠢᠭᠠᠶᠢᠯᠠᠨ ᠵᠢᠳᠭᠦᠭᠰᠡᠨ ︽ᠲᠠᠯ᠎ᠠ ᠨᠣᠳᠤᠭ ᠤᠨ ᠭᠦᠩᠭᠡᠨ ᠮᠣᠷᠢᠲᠦ ᠴᠡᠷᠢᠭ︾ ᠪᠤᠯᠤᠨ᠎ᠠ᠃ 1969 ᠣᠨ ᠳᠤ᠂ 23 ᠨᠠᠰᠣᠲᠠᠢ ᠰᠧᠷᠵᠢ  ᠴᠠᠬᠠᠷ ᠪᠠᠷᠠᠭᠤᠨ ᠭᠠᠷᠣᠨ ᠲᠤᠮᠳᠠᠳᠦ ᠬᠤᠰᠢᠭᠤᠨ ᠤ ᠣᠯᠠᠭᠠᠨᠮᠦ᠋ᠴᠢᠷ ᠲᠤ ᠬᠤᠪᠢᠶᠠᠭᠳᠠᠨ ᠢᠷᠡᠵᠤ᠂ ᠠᠳᠡ ᠠᠴᠠ ᠡᠬᠢᠯᠡᠨ ᠤᠷᠠᠯᠢᠭ ᠤᠨ ᠵᠠᠮ ᠢᠶᠠᠨ ᠡᠬᠢᠯᠡᠭᠦᠯᠦᠭᠰᠡᠨ ᠪᠠᠶᠢᠨ᠎ᠠ᠃

    ᠡᠨᠡ ᠵᠢᠯ 78 ᠨᠠᠰᠣᠲᠠᠢ ᠰᠧᠷᠵᠢ ᠭᠤᠸᠠᠢ᠂ ᠰᠣᠯᠠ ᠰᠡᠯᠡᠭᠦᠦ ᠴᠠᠭ ᠢᠶᠠᠷ ᠢᠶᠠᠨ ᠦᠷᠭᠦᠯᠵᠢ ᠬᠠᠭᠤᠴᠢᠨ

ᠵᠢᠷᠤᠭ ᠰᠡᠭᠦᠳᠡᠷ ᠢᠶᠠᠨ ᠤᠷᠪᠠᠭᠤᠯᠤᠨ ᠦᠵᠡᠵᠣ ᠣᠯᠠᠭᠠᠨᠮᠦ᠋ᠴᠢᠷ ᠲᠤ ᠪᠠᠶᠢᠭᠰᠠᠨ ᠵᠠᠯᠠᠭᠤ ᠽᠠᠨᠳᠠᠨ ᠨᠠᠰᠦ ᠪᠠᠨ

ᠡᠷᠭᠢᠴᠡᠭᠦᠯᠦᠨ ᠰᠠᠭᠤᠳᠠᠭ᠃

     ᠰᠣᠷᠪᠤᠯᠵᠢᠯᠠᠭ᠎ᠠ᠄ ᠣᠯᠠᠭᠠᠨᠮᠦ᠋ᠴᠢᠷ   ᠤᠨ ᠠᠬᠠᠮᠠᠳ ᠲᠤᠭᠯᠠᠭᠴᠢ     ᠰᠧᠷᠵᠢ

     ᠬᠡᠳᠣᠶᠢᠪᠡᠷ ᠲᠤᠬᠠᠢ ᠶᠢᠨ ᠴᠠᠭ ᠦᠶ᠎ᠡ ᠶᠢᠨ ᠨᠥᠬᠦᠴᠡᠯ ᠬᠤᠴᠣᠷᠣᠩᠭᠤᠢ᠂ ᠪᠡᠷᠬᠡ ᠬᠠᠳᠠᠭᠤ ᠪᠠᠶᠢᠭᠰᠠᠨ ᠴᠣ᠋᠂

ᠣᠯᠠᠭᠠᠨᠮᠦ᠋ᠴᠢᠷ ᠤᠨ ᠬᠡᠰᠢᠭᠦᠳ ᠪᠦᠬᠦ ᠰᠡᠳᠬᠢᠯ ᠪᠥᠬᠦ ᠵᠤᠷᠢᠭ ᠢᠶᠠᠷ ᠠᠷᠠᠳ ᠲᠥᠮᠡᠨ ᠳᠤ ᠦᠢᠯᠡᠴᠢᠯᠡᠬᠦ ᠭᠠᠭᠴᠠ

ᠵᠤᠷᠢᠯᠳᠠ ᠪᠠᠷ ᠬᠥᠴᠢᠷ ᠪᠡᠷᠬᠡ ᠶᠢ ᠢᠯᠠᠨ ᠲᠠᠪᠠᠵᠤ ᠴᠤᠴᠠᠯᠳᠠ ᠦᠭᠡᠢ ᠴᠢᠷᠮᠠᠶᠢᠨ ᠠᠵᠢᠯᠯᠠᠭᠰᠠᠭᠠᠷ ᠢᠷᠠᠵᠠᠢ᠃

ᠰᠣᠷᠪᠤᠯᠵᠢᠯᠠᠭ᠎ᠠ᠄ ᠣᠯᠠᠭᠠᠨᠮᠦ᠋ᠴᠢᠷ   ᠤᠨ ᠠᠬᠠᠮᠠᠳ ᠲᠤᠭᠯᠠᠭᠴᠢ    ᠰᠧᠷᠵᠢ

     ᠰᠣᠷᠠᠭ ᠵᠠᠩᠭᠢ ᠴᠢᠮᠡᠭᠡ ᠨᠡᠪᠲᠡᠷᠡᠭᠦᠯᠭᠡ ᠲᠦᠭᠦᠮ ᠥᠭᠡᠢ ᠴᠠᠭ ᠡᠷᠡᠨ ᠳᠤ᠂ ᠣᠯᠠᠭᠠᠨᠮᠦ᠋ᠴᠢᠷ ᠨᠢ ᠮᠠᠯᠴᠢᠨ

ᠲᠠᠷᠢᠶᠠᠴᠢᠨ ᠳᠤ ᠰᠣᠶᠣᠯ ᠤᠷᠠᠯᠢᠭ ᠤᠨ ᠰᠣᠨᠢᠷᠬᠠᠮᠵᠢ ᠬᠥᠷᠲᠡᠭᠡᠭᠦ ᠠᠴᠠ ᠨᠠᠩ ᠴᠢᠬᠤᠯᠠ ᠨᠢ ᠦᠵᠠᠯ ᠰᠠᠨᠠᠭᠠᠨ ᠤ

ᠲᠠᠶᠢᠳᠬᠤᠷᠠᠭᠤᠯᠭ᠎ᠠ ᠭᠥᠷᠭᠡᠳᠡᠭ ᠤᠨ ᠤᠴᠢᠷ᠂ ᠣᠯᠠᠭᠠᠨᠮᠦ᠋ᠴᠢᠷ ᠤᠨ ᠲᠤᠭᠯᠠᠭᠴᠢᠳ ᠨᠢ ᠮᠠᠯᠴᠢᠨ ᠲᠠᠷᠢᠶᠠᠴᠢᠨ ᠤ

ᠰᠡᠳᠬᠢᠯ ᠳᠤ ᠮᠠᠰᠢ ᠭᠥᠨᠳᠦ ᠪᠠᠶᠢᠷᠢ ᠰᠠᠭᠤᠷᠢ ᠲᠠᠢ ᠮᠦᠷᠲᠡᠭᠡᠨ ᠲᠠᠳᠠᠨ ᠤ ᠭᠦᠨᠳᠦᠳᠬᠡᠯ ᠢ ᠤᠯᠤᠭᠰᠠᠨ ᠪᠠᠶᠢᠨ᠎ᠠ᠃

    ᠣᠯᠠᠭᠠᠨᠮᠦ᠋ᠴᠢᠷ ᠤᠨ ᠠᠬᠠᠮᠠᠳ ᠲᠤᠭᠯᠠᠠᠭᠴᠢ ᠰᠡᠷᠵᠢ ᠬᠡᠳᠣᠶᠢᠪᠡᠷ ᠠᠵᠢᠯ ᠤᠨ ᠠᠮᠠᠷᠠᠯᠳᠠ ᠪᠠᠨ ᠠᠪᠤᠭᠰᠠᠨ ᠴᠣ᠋

᠂ ᠵᠠᠪ ᠴᠢᠯᠥᠭᠡ ᠪᠠᠷ ᠢᠶᠠᠨ ᠤᠳᠬ᠎ᠠ ᠤᠷᠠᠯᠢᠭ ᠤᠨ ᠲᠤᠭᠯᠠᠯᠳᠠ ᠳᠤ ᠢᠲᠡᠪᠬᠢᠲᠠᠢ ᠣᠷᠣᠯᠴᠠᠨ᠂ ᠣᠯᠠᠭᠠᠨᠮᠦ᠋ᠴᠢᠷ  

 ᠤᠨ ᠰᠢᠯᠢᠳᠡᠭ ᠤᠯᠠᠮᠵᠢᠯᠠᠯ ᠬᠢᠭᠡᠳ ᠵᠤᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ ᠪᠤᠢ᠃

      ᠵᠢᠷᠠᠨ ᠵᠢᠯ ᠤᠨ ᠶᠡᠷᠦ ᠪᠣᠰᠦ ᠶᠢᠨ ᠡᠳᠣᠷ ᠬᠤᠨᠤᠭ ᠤᠳ ᠲᠤ᠂ ᠡᠳᠡᠭᠡᠷ ᠠᠬᠠᠮᠠᠳ ᠤᠷᠠᠯᠢᠭᠴᠢᠳ ᠮᠠᠨᠢ

ᠣᠯᠠᠭᠠᠨᠮᠦ᠋ᠴᠢᠷ ᠲᠠᠢ ᠪᠠᠨ ᠬᠠᠮᠳᠦ ᠣᠷᠠᠯᠢᠭ ᠤᠨ ᠥᠷ᠎ᠡ ᠶᠢ ᠲᠠᠯ᠎ᠠ ᠨᠣᠳᠤᠭ ᠲᠤ ᠪᠠᠨ ᠰᠠᠴᠦᠵᠦ᠂ ᠥᠨᠦᠳᠣᠷ ᠪᠤᠯᠬᠤ

 ᠳᠤ᠂ ᠣᠯᠠᠭᠠᠨᠮᠦ᠋ᠴᠢᠷ ᠤᠨ ᠡᠩᠨᠡᠭᠡ ᠤᠯᠠᠮ ᠪᠤᠵᠠᠭᠠᠶᠢᠷᠠᠨ᠂ ᠰᠢᠨ᠎ᠡ ᠦᠶ᠎ᠡ ᠶᠢᠨ ᠵᠠᠯᠠᠭᠤ ᠤᠷᠠᠯᠢᠭᠴᠢᠳ ᠠᠬᠠᠮᠠᠳ

ᠤᠷᠠᠯᠢᠭᠴᠢᠳ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ᠂ ᠣᠯᠠᠭᠠᠨᠮᠦ᠋ᠴᠢᠷ ᠤᠨ ᠵᠤᠷᠢᠭ ᠰᠠᠨᠠᠭ᠎ᠠ ᠶᠢ

ᠭᠦᠭᠵᠢᠭᠦᠯᠦᠨ ᠤᠯᠠᠮᠵᠢᠯᠠᠵᠤ᠂ ᠦᠨᠳᠦᠰᠦᠨ ᠱᠠᠳᠣᠨ ᠳᠤ ᠭᠦᠨᠵᠡᠭᠡᠶᠢᠷᠡᠨ᠂ ᠨᠢᠭᠡ ᠨᠢᠭᠡ ᠲᠠᠯᠠᠪᠤᠷ ᠰᠣᠳᠣᠨ

ᠰᠠᠶᠢᠬᠠᠨ ᠣᠳᠬ᠎ᠠ ᠤᠷᠠᠯᠢᠭ ᠤᠨ ᠲᠤᠭᠯᠠᠯᠠᠳᠠ ᠪᠠᠨ ᠪᠤᠶᠢᠳᠠ ᠪᠥᠭᠯᠡᠭᠦᠦ ᠭᠠᠵᠠᠷ ᠣᠷᠣᠨ ᠬᠢᠭᠡᠳ ᠮᠠᠯᠵᠢᠬᠤ

ᠲᠠᠷᠢᠶᠠᠯᠠᠬᠤ ᠣᠷᠣᠨ ᠤ ᠠᠷᠠᠳ ᠤᠯᠠᠨ ᠳᠤ ᠭᠦᠷᠭᠡᠨ᠂  ᠲᠡᠳᠡᠨ ᠳᠤ ᠰᠣᠶᠣᠯ᠂ ᠪᠠᠶᠠᠷ ᠪᠠᠶᠠᠰᠣᠯ ᠠᠪᠴᠢᠷᠠᠵᠤ᠂

ᠲᠤᠭᠯᠠᠭᠴᠢᠳ ᠴᠣ᠋ ᠨᠠᠮ ᠤᠨ ᠠᠷᠠᠳ ᠲᠤ ᠠᠰᠢᠭᠲᠠᠢ ᠲᠦᠷᠦ ᠶᠢᠨ ᠪᠤᠳᠣᠯᠭ᠎ᠠ᠂ ᠬᠠᠷ᠎ᠠ ᠪᠦᠯᠦᠭᠳᠡᠨ ᠬᠠᠷᠭᠢᠰ

ᠬᠦᠴᠦᠨ ᠢ ᠠᠷᠢᠯᠭᠠᠬᠤ᠂ ᠶᠠᠳᠠᠭᠤ ᠠᠴᠠ ᠠᠩᠭᠢᠵᠢᠷᠠᠭᠤᠯᠬᠤ ᠵᠡᠷᠭᠡ ᠠᠭᠤᠯᠭ᠎ᠠ ᠲᠠᠢ ᠲᠤᠭᠯᠠᠯᠳᠠ ᠶᠢ ᠨᠠᠶᠢᠷᠠᠭᠤᠯᠵᠤ᠂

ᠮᠠᠯᠴᠢᠨ ᠲᠠᠷᠢᠶᠠᠴᠢᠨ ᠳᠤ ᠴᠠᠭ ᠡᠷᠡᠨ ᠤ ᠵᠤᠷᠢᠭ ᠰᠠᠨᠠᠭ᠎ᠠ ᠶᠢ ᠤᠯᠠᠮᠵᠢᠯᠠᠨ᠎ᠠ᠃

                           

                                  ᠢᠷᠡᠯᠳᠡ᠄  ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ

                                              ᠬᠠᠮ ᠵᠠᠭᠤᠴᠢᠯᠠᠭᠤᠷ ᠤᠨ ᠲᠥᠪ

                                 ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ

                                                ᠬᠠᠮ ᠵᠠᠭᠤᠴᠢᠯᠠᠭᠤᠷ ᠤᠨ ᠲᠥᠪ

                                 ᠣᠷᠴᠢᠭᠤᠯᠣᠨᠨᠴᠢ᠄ ᠠᠴᠢᠯᠠ

                                 ᠬᠠᠷᠢᠭᠤᠴᠬᠠᠰᠠᠨ ᠨᠠᠶᠢᠷᠠᠭᠤᠯᠣᠨᠨᠴᠢ᠄  ᠭᠧ ᠲᠣᠸᠠᠨ ᠯᠢᠶᠡᠨ

   

 

   

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号