ᠪᠡᠭᠡᠵᠢᠩ ᠬᠤᠲᠠ ᠶᠢᠨ ᠹᠠᠩ ᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠳᠤ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠬᠠᠪᠰᠤᠷᠤᠨ ᠲᠡᠳᠬᠦᠵᠦ ᠬᠠᠨᠳᠢᠪᠯᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2019-09-23
      7 ᠰᠠᠷ᠎ᠠ ᠶᠢᠨ 23 ᠤ ᠡᠳᠦᠷ᠂ ᠪᠡᠭᠡᠵᠢᠩ ᠬᠤᠲᠠ ᠶᠢᠨ ᠹᠠᠩ ᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠮᠠᠨ ᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠳᠤ ᠬᠡᠮᠵᠢᠭᠦᠷᠯᠢᠭ ᠲᠥᠬᠦᠭᠡᠷᠦᠮᠵᠢ ᠬᠠᠨᠳᠢᠪᠯᠡᠪᠡ᠃ ᠪᠡᠭᠡᠵᠢᠩ ᠬᠤᠲᠠ ᠶᠢᠨ ᠹᠠᠩ ᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠡᠳ᠋ ᠳᠠᠷᠤᠭ᠎ᠠ ᠵᠤᠤ ᠮᠧᠶ᠂ ᠠᠨ ᠰᠢᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠳ᠋ᠦᠩ ᠰᠢᠤᠸᠠᠢ ᠴᠢᠩ ᠬᠠᠨᠳᠢᠪᠯᠠᠬᠤ ᠶᠣᠰᠣᠯᠠᠯ ᠳᠤ ᠣᠷᠣᠯᠴᠠᠵᠠᠶ᠃

      ᠪᠡᠭᠡᠵᠢᠩ ᠬᠤᠲᠠ ᠶᠢᠨ ᠹᠠᠩ ᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ

ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠬᠢᠵᠦ ᠰᠠᠨᠠᠯ ᠢᠶᠠᠨ ᠰᠣᠯᠢᠯᠴᠠᠬᠤ

ᠳᠤᠮᠳᠠ᠂ ᠮᠠᠨ ᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ

ᠲᠣᠪᠴᠢᠶ᠎ᠠ ᠶᠢᠨ ᠠᠵᠢᠯ ᠢ ᠥᠷᠨᠢᠭᠦᠯᠦᠭᠰᠡᠨ ᠪᠠᠶᠢᠳᠡᠯ ᠪᠣᠯᠤᠨ ᠪᠠᠴᠢᠮ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠢ

ᠨᠠᠷᠢᠨ ᠣᠶᠢᠯᠠᠭᠠᠪᠠ᠃ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ

ᠲᠣᠪᠴᠢᠶ᠎ᠠ ᠳᠤ 239460 ᠲᠥᠭᠦᠷᠢᠭ ᠤᠨ ᠥᠷᠳᠡᠭ ᠪᠦᠬᠦᠢ ᠬᠡᠮᠵᠢᠭᠦᠷᠯᠢᠭ ᠲᠣᠨᠤᠭ ᠲᠥᠬᠦᠭᠡᠷᠦᠮᠵᠢ ᠶᠢ

ᠬᠠᠨᠳᠢᠪᠯᠠᠪᠠ᠃

     ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠵᠦ ᠬᠠᠮᠲᠤᠷᠠᠨ

ᠠᠵᠢᠭᠯᠠᠭᠰᠠᠨ ᠠᠴᠠ ᠨᠠᠰᠢ᠂ ᠮᠠᠨ ᠤ ᠬᠤᠰᠢᠭᠤ ᠪᠡᠭᠡᠵᠢᠩ ᠬᠤᠲᠠ ᠶᠢᠨ ᠹᠠᠩ ᠱᠠᠨ ᠲᠣᠭᠤᠷᠢᠭ ᠤᠨ ᠡᠯ᠎ᠡ ᠱᠠᠲᠤ

ᠡᠯ᠎ᠡ ᠰᠠᠯᠠᠭ᠎ᠠ ᠮᠥᠴᠢᠷ ᠤᠨ ᠬᠦᠴᠦᠲᠡᠶ ᠳᠡᠮᠵᠢᠯᠭᠡ ᠪᠠ ᠬᠠᠪᠰᠤᠷᠤᠯᠭ᠎ᠠ ᠶᠢ ᠣᠯᠵᠠᠶ᠃ ᠡᠨᠡ ᠤᠳᠠᠭ᠎ᠠ ᠹᠠᠩ ᠱᠠᠨ

ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠮᠠᠨ ᠤ

ᠬᠤᠰᠢᠭᠤᠨ ᠳᠤ ᠬᠡᠮᠵᠢᠭᠦᠷᠯᠢᠭ ᠲᠥᠬᠦᠭᠡᠷᠦᠮᠵᠢ ᠬᠠᠨᠳᠢᠪᠯᠠᠵᠤ᠂ ᠪᠡᠭᠡᠵᠢᠩ ᠥᠪᠥᠷ ᠮᠣᠩᠭᠤᠯ ᠤᠨ ᠠᠵᠢᠯ

ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠠᠵᠢᠯ ᠢ ᠤᠯᠠᠮ ᠨᠢᠭᠡ ᠠᠯᠬᠤᠮ

ᠭᠦᠨᠵᠡᠭᠡᠶᠢᠷᠡᠭᠦᠯᠵᠦ᠂ ᠮᠠᠨ ᠤ ᠬᠤᠰᠢᠭᠤᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ

ᠲᠦᠷᠭᠡᠳᠬᠡᠨ ᠠᠬᠢᠭᠤᠯᠬᠤ ᠳᠤ ᠰᠠᠶᠢᠨ ᠰᠠᠭᠤᠷᠢ ᠶᠢ ᠲᠠᠯᠪᠢᠵᠤ ᠥᠭᠪᠡ᠃

                       ᠢᠷᠡᠯᠳᠡ᠄  ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ

                                    ᠬᠠᠮ ᠵᠠᠭᠤᠴᠢᠯᠠᠭᠤᠷ ᠤᠨ ᠲᠥᠪ

                       ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ

                                   ᠬᠠᠮ ᠵᠠᠭᠤᠴᠢᠯᠠᠭᠤᠷ ᠤᠨ ᠲᠥᠪ

                      ᠣᠷᠴᠢᠭᠤᠯᠣᠨᠨᠴᠢ᠄  ᠭᠧ ᠲᠣᠸᠠᠨ ᠯᠢᠶᠡᠨ

 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号