ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤ᠄  ᠨᠡᠶᠢᠭᠡᠮ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠥᠨᠳᠥᠷ ᠪᠦᠲᠦᠮᠵᠢᠲᠡᠶ ᠴᠢᠨᠠᠷ ᠰᠠᠶᠢᠲᠠᠶ ᠠᠬᠢᠭᠤᠯᠤᠨ᠎ᠠ
ᠨᠡᠶᠢᠲᠡᠯᠡᠭᠰᠡᠨ ᠴᠠᠭ᠄
2019-09-23
            ᠡᠨᠡ ᠵᠢᠯ ᠠᠴᠠ ᠨᠠᠰᠢ᠂ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ ︽ᠠᠯᠢᠪᠠ ᠪᠦᠬᠦᠨ ᠳᠤ ᠠᠷᠠᠳ ᠲᠦᠮᠡᠨ ᠢᠶᠠᠷ ᠭᠤᠤᠯ ᠪᠣᠯᠭᠠᠬᠤ︾ ᠦᠵᠡᠯ ᠰᠠᠨᠠᠭ᠎ᠠ ᠶᠢ ᠪᠠᠷᠢᠮᠲᠠᠯᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠰᠠᠶᠢᠲᠤᠷ ᠬᠢᠬᠦ ᠦᠨᠳᠦᠷᠴᠡ ᠠᠴᠠ ᠡᠭᠦᠰᠴᠦ᠂  ᠨᠡᠶᠢᠭᠡᠮ ᠤᠨ ᠣᠯᠠᠨ ᠨᠡᠶᠢᠲᠡ ᠶᠢᠨ  ᠦᠢᠯᠡᠴᠢᠯᠡᠭᠡ ᠶᠢ ᠥᠨᠳᠥᠷ ᠪᠦᠲᠦᠮᠵᠢᠲᠡᠶ ᠪᠥᠭᠡᠳ ᠴᠢᠨᠠᠷ ᠰᠠᠶᠢᠲᠠᠶ ᠠᠬᠢᠭᠤᠯᠪᠠ᠃       ᠨᠢᠭᠡ ᠳᠤ᠂ ᠣᠷᠤᠭ ᠳᠠᠩᠰᠠᠯᠠᠭᠤᠯᠤᠯᠲᠠ ᠶᠢ ᠲᠣᠭᠲᠠᠭᠤᠨ ᠢᠶᠠᠷ ᠠᠬᠢᠭᠤᠯᠤᠨ᠎ᠠ᠃ ᠣᠳᠣᠬᠠᠨ ᠪᠣᠯᠲᠠᠯ᠎ᠠ᠂ ᠣᠷᠤᠭ ᠤᠨ ᠪᠠᠳᠣᠯᠠᠪᠣᠷᠢ ᠨᠡᠶᠢᠲᠡ 654 ᠬᠤᠤᠰ᠂ ᠣᠷᠤᠭ ᠰᠠᠯᠬᠤ ᠳᠤ 296 ᠬᠤᠤᠰ᠂ ᠣᠷᠤᠭ ᠤᠨ ᠪᠠᠳᠣᠯᠠᠪᠦᠷᠢ ᠨᠦᠬᠦᠬᠦ 740 ᠬᠤᠤᠰ᠂ ᠣᠷᠤᠭ ᠰᠠᠯᠬᠤ ᠭᠡᠷᠡᠴᠢ ᠨᠦᠬᠦᠬᠦ 14 ᠬᠤᠤᠰ᠂ ᠳᠠᠩᠰᠠᠯᠠᠭᠤᠯᠤᠭᠰᠠᠨ ᠬᠢᠷᠢ ᠲᠡᠩᠴᠡᠭᠰᠡᠨ ᠨᠣᠷᠮ᠎ᠠ ᠨᠢ 100 % ᠪᠣᠯᠤᠨ᠎ᠠ᠃      ᠬᠤᠶᠠᠷ ᠲᠤ ᠲᠡᠨᠦᠭᠦᠯ ᠬᠥᠮᠦᠰ ᠢ ᠠᠪᠤᠷᠠᠨ ᠲᠤᠰᠠᠯᠠᠬᠤ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠣᠬᠠᠭᠤᠯᠬᠤ ᠬᠠᠭᠤᠳᠠᠰᠠᠣ ᠲᠠᠷᠬᠠᠭᠠᠬᠤ ᠲᠦᠭᠡᠭᠡᠬᠦ᠂ ᠠᠪᠣᠷᠡᠨ ᠲᠤᠰᠠᠯᠠᠬᠤ ᠬᠠᠷᠢᠯᠴᠠᠬᠤ ᠺᠠᠷᠲ ᠪᠣᠯᠤᠨ ᠰᠦᠯᠵᠢᠶ᠎ᠡ᠂ ᠸᠢᠴᠠᠲ ᠵᠡᠷᠭᠡ ᠬᠡᠯᠪᠡᠷᠢ ᠶᠢ ᠠᠰᠢᠭᠯᠠ᠂ ᠲᠡᠨᠦᠭᠦᠴᠢᠯᠡᠵᠦ ᠪᠠᠶᠢᠭ᠎ᠠ ᠬᠥᠮᠦᠰ ᠢ ᠲᠡᠩᠬᠡᠷᠡᠭᠦᠯᠦᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠲᠡᠨᠦᠭᠦᠴᠢᠯᠡᠵᠦ ᠪᠠᠶᠢᠭ᠎ᠠ ᠬᠥᠮᠦᠰ ᠢ ᠲᠤᠰᠠᠯᠠᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠤᠲᠠ ᠶᠢᠨ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠯᠦᠭᠡ ᠵᠣᠬᠢᠴᠠᠭᠤᠯᠤᠨ ᠬᠠᠮᠵᠢᠯᠴᠠᠵᠤ᠂ ᠵᠡᠭᠡᠯᠢ ᠳᠠᠭᠠᠤ ᠴᠠᠭᠳᠠᠨ ᠪᠠᠶᠢᠴᠠᠭᠠᠬᠤ ᠪᠠᠨ ᠴᠢᠩᠭᠠᠳᠬᠠᠨ᠂ ᠲᠡᠨᠦᠭᠦᠴᠢᠯᠡᠵᠦ ᠪᠠᠶᠢᠭ᠎ᠠ ᠬᠥᠮᠦᠰ ᠢ  ᠢᠷᠢᠵᠦ ᠣᠯᠬᠤ ᠪᠠ ᠲᠡᠩᠬᠡᠷᠡᠭᠦᠯᠦᠨ ᠲᠤᠰᠠᠯᠠᠬᠤ ᠡᠷᠴᠢᠮ ᠢ ᠳᠡᠭᠡᠭᠰᠢᠯᠡᠭᠦᠯᠵᠦ᠂ ᠴᠠᠭ ᠲᠤᠬᠠᠶ ᠳᠤᠨᠢ ᠣᠯᠵᠤ ᠮᠡᠳᠡᠨ᠂ ᠴᠠᠭ ᠲᠤᠬᠠᠶ ᠳᠤᠨᠢ ᠲᠤᠰᠠᠯᠠᠬᠤ ᠬᠡᠷᠡᠭᠲᠡᠶ᠃ ᠡᠨᠡ ᠵᠢᠯ ᠠᠴᠠ ᠨᠠᠰᠢ᠂ 742 ᠲᠡᠨᠦᠭᠦᠯ  ᠬᠦᠮᠦᠨ ᠢ ᠠᠪᠤᠷᠠᠨ ᠲᠤᠰᠠᠯᠠᠵᠤ᠂ ᠪᠦᠬᠦᠨ ᠢ ᠲᠣᠬᠢᠲᠠᠶ ᠰᠢᠢᠳᠪᠦᠷᠢᠯᠡᠪᠡ᠃      ᠭᠤᠷᠪᠠ ᠳᠤ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠤᠨ᠎ᠠ᠃ ᠠᠷᠠᠳ ᠤᠨ ᠶᠠᠪᠤᠳᠠᠯ ᠤᠨ ᠲᠣᠪᠴᠢᠶ᠎ᠠ ᠪᠠᠷ ᠲᠦᠷᠦᠭᠦᠯᠡᠭᠦᠯᠦᠨ᠂ ᠪᠠᠶᠢᠭᠠᠯᠢ ᠶᠢᠨ ᠡᠬᠢ ᠪᠠᠶᠠᠯᠢᠭ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠮᠠᠨ ᠤ ᠣᠷᠣᠨ ᠤ ᠪᠠᠶᠠᠨᠨᠠᠭᠤᠷ ᠬᠤᠲᠠ ᠵᠡᠷᠭᠡ ᠭᠠᠵᠠᠷ ᠲᠤ ᠬᠦᠷᠴᠦ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠲᠡᠷᠢᠭᠦᠨ ᠤ ᠲᠤᠷᠰᠢᠯᠭ᠎ᠠ ᠶᠢ ᠪᠠᠶᠢᠴᠠᠭᠠᠨ ᠰᠤᠳᠤᠯᠵᠤ ᠰᠤᠷᠤᠯᠴᠠᠨ᠂ ᠲᠤᠰ ᠬᠤᠰᠢᠭᠤᠨ ᠤ ᠣᠷᠣᠰᠢᠭᠤᠯᠭ᠎ᠠ ᠶᠢᠨ ᠭᠠᠵᠠᠷ᠂ ᠭᠠᠯ ᠲᠦᠢᠮᠡᠷ ᠤᠨ ᠭᠠᠵᠠᠷ ᠵᠢᠴᠢ ᠨᠡᠶᠢᠲᠡ ᠶᠢᠨ ᠣᠩᠭᠤᠨ ᠤ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠦᠨᠳᠦᠰᠦᠨ ᠬᠡᠯᠪᠡᠷᠢ ᠶᠢ ᠠᠩᠬ᠎ᠠ ᠠᠯᠬᠤᠮ ᠲᠣᠭᠲᠠᠭᠠᠵᠤ᠂ ᠪᠥᠬᠦ ᠬᠤᠰᠢᠭᠤᠨ ᠤ ᠣᠷᠣᠰᠢᠭᠤᠯᠭ᠎ᠠ ᠶᠢᠨ ᠦᠢᠯᠡᠴᠢᠯᠡᠬᠡᠨ ᠤ ᠲᠥᠪ ᠪᠠᠶᠢᠭᠤᠯᠬᠤ ᠵᠠᠳᠠᠯᠤᠯᠲᠠ ᠶᠢᠨ ᠮᠡᠳᠡᠭᠦᠯᠦᠯᠲᠡ ᠶᠢ ᠪᠦᠷᠢᠯᠳᠦᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠣᠩᠭᠤᠬᠤ ᠪᠠ ᠲᠥᠯᠥᠪᠵᠢᠭᠦᠯᠭᠡ ᠶᠢᠨ ᠠᠵᠢᠯ ᠢ ᠪᠡᠶᠡᠯᠡᠭᠦᠯᠵᠦ᠂ ᠵᠢᠯ ᠤᠨ ᠳᠣᠲᠣᠷ᠎ᠠ ᠠᠵᠢᠯ ᠡᠬᠢᠯᠡᠭᠦᠯᠬᠦ ᠪᠠᠷ ᠲᠥᠯᠥᠪᠯᠡᠵᠦ ᠪᠤᠢ᠃                                 ᠢᠷᠡᠯᠲᠡ᠄  ᠠᠷᠡᠳ ᠤᠨ ᠶᠠᠪᠤᠳᠠᠯ ᠤᠨ ᠲᠣᠪᠴᠢᠶ᠎ᠠ                           ᠵᠣᠬᠢᠶ᠋ᠬᠠᠴᠢ᠄  ᠵᠠᠩ ᡁᠢ ᠮᠢᠩ᠂ ᠰᠦᠩ ᠹᠸᠢ                          ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠠᠷᠡᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号