ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠬᠤ ᠨᠥᠬᠦᠪᠥᠷᠢ ᠶᠢᠨ ᠪᠠᠯᠠ ᠮᠥᠩᠭᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯ ᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2019-09-23
         ᠦᠪᠡᠷᠳᠡᠬᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠭᠡᠷ ︽2019 ᠣᠨ ᠤ ᠪᠥᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠦᠬᠦᠢ ᠵᠦᠢᠯᠡᠰ ᠤᠨ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠦᠴᠢᠷᠳᠡᠯᠲᠡᠶ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ ︽ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠮᠤᠩᠭᠤᠯ ᠤᠨ ᠠᠷᠠᠳ ᠤᠨ ᠶᠠᠪᠤᠳᠠᠯ ᠤᠨ ᠲᠣᠪᠴᠢᠶ᠎ᠠ ᠲᠠᠷᠬᠠᠭᠠᠭᠰᠠᠨ ︹ 2016 ︺ 106 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠢ ᠦᠨᠳᠦᠰᠦᠯᠡᠨ᠂ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠢ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠬᠤ ᠨᠦᠬᠦᠪᠦᠷᠢ ᠮᠥᠩᠭᠦ ᠣᠯᠭᠤᠬᠤ ᠠᠵᠢᠯ ᠢ ᠰᠠᠶᠢᠲᠤᠷ ᠬᠢᠬᠦ ᠶᠢᠨ ᠬᠠᠮᠲᠤ᠂ ︽ᠪᠦᠬᠦᠨ ᠳᠤ ᠲᠣᠬᠢᠷᠠᠬᠤ ᠺᠠᠷᠲ︾ ᠢᠶᠠᠷ ᠳᠠᠮᠵᠢᠭᠤᠯᠤᠨ ᠲᠤᠰ ᠵᠢᠯ ᠤᠨ ᠳᠣᠲᠣᠷ᠎ᠠ ᠣᠨᠴᠠ ᠬᠦᠴᠢᠷᠳᠡᠯᠲᠡᠶ ᠬᠥᠮᠦᠰ ᠲᠤ ᠣᠯᠭᠤᠬᠤ ᠨᠥᠬᠦᠪᠥᠷᠢ ᠶᠢᠨ ᠪᠠᠷᠢᠮᠵᠢᠶ᠎ᠠ ᠶᠢ ᠳᠠᠬᠢᠨᠲᠠ ᠲᠣᠬᠢᠷᠠᠭᠤᠯᠵᠤ ᠳᠠᠭᠤᠰᠬᠠᠬᠤ ᠶᠢᠨ ᠬᠠᠮᠲᠤ᠂ ᠱᠠᠭᠠᠷᠳᠠᠯᠭ᠎ᠠ ᠶᠣᠰᠣᠭᠠᠷ ᠠᠪᠤᠷᠠᠨ ᠲᠤᠰᠠᠯᠠᠵᠤ ᠪᠠᠲᠤᠯᠠᠬᠤ ᠬᠡᠪᠴᠢᠶᠡᠨ ᠠᠴᠠ ᠪᠤᠴᠠᠭᠠᠨ ᠭᠠᠷᠭᠠᠪᠠᠯ ᠳᠠᠬᠢᠵᠤ ᠬᠠᠰᠤᠵᠤ ᠪᠣᠯᠬᠤ ᠥᠬᠡᠶ᠃ ᠣᠨᠴᠠ ᠬᠦᠴᠢᠷᠳᠡᠯᠲᠡᠶ ᠬᠥᠮᠦᠰ ᠤᠨ ᠪᠠᠲᠤᠯᠠᠭ᠎ᠠ ᠳᠤ ᠪᠠᠲᠤᠯᠠᠪᠠᠰᠤ ᠵᠣᠬᠢᠬᠤ ᠶᠢ ᠪᠦᠬᠦᠨ ᠢ ᠪᠠᠲᠤᠯᠠᠵᠤ᠂ ᠬᠡᠷᠡᠭᠰᠡᠬᠦ ᠪᠠᠯᠠ ᠮᠥᠩᠭᠦ ᠶᠢ ᠭᠦᠢᠴᠡᠳ ᠲᠤᠭ᠎ᠠ ᠪᠠᠷ ᠣᠯᠭᠤᠵᠤ᠂ ᠪᠠᠯᠠ ᠮᠥᠩᠭᠦ ᠶᠢᠨ ᠬᠡᠷᠡᠭᠯᠡᠬᠦ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠎ᠡ᠃                                 ᠢᠷᠡᠯᠲᠡ᠄ ᠡᠳ᠋ ᠤᠨ ᠵᠠᠰᠠᠭ ᠤᠨ ᠲᠣᠪᠴᠢᠶ᠎ᠠ                             ᠵᠣᠬᠢᠶ᠋ᠬᠠᠴᠢ᠄  ᠳ᠋ᠢᠩ ᠶᠠᠨ                             ᠣᠷᠴᠢᠭᠤᠯᠣᠨᠨᠴᠢ᠄  ᠭᠧ ᠲᠣᠸᠠᠨ ᠯᠢᠶᠡᠨ          
 
ᠢᠷᠡᠯᠲᠡ᠄ ᠡᠳ᠋ ᠤᠨ ᠵᠠᠰᠠᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号