| ᠬᠥᠳᠡᠯᠭᠡᠭᠡᠨ ᠬᠢᠬᠦ ᠶᠢᠨ ᠰᠠᠶᠢᠨᠳᠠᠢ ᠲᠠᠯ᠎ᠠ ᠶᠢ ᠮᠠᠰᠢ ᠤᠯᠠᠨ ᠬᠥᠮᠥᠨ ᠪᠦᠷ ᠮᠡᠳᠡᠳᠡᠭ᠂ ᠭᠡᠪᠡᠴᠦ | ᠬᠥᠳᠡᠯᠭᠡᠭᠡᠨ ᠲᠤᠳᠠᠬᠳᠠᠬᠤ ᠶᠢᠨ ᠠᠶᠤᠯ ᠲᠦᠭᠰᠢᠭᠦᠷᠢ ᠶᠢ ᠣᠯᠠᠨ ᠢᠶᠠᠷ ᠢᠶᠠᠨ ᠶᠡᠷᠦᠨᠢ ᠭᠦᠢᠴᠡᠳ ᠬᠦᠨᠳᠦᠳᠬᠡᠬᠦ | ᠦᠭᠡᠢ ᠪᠠᠶᠢᠳᠠᠭ᠃ ᠤᠶᠢᠷ᠎ᠠ ᠳᠤ᠂ ᠠᠮᠧᠷᠢᠺᠠ ᠶᠢᠨ ᠺᠷᠢᠹᠯᠡᠨᠳ᠋ ᠡᠮᠨᠡᠯᠭᠡ ᠶᠢᠨ ᠭᠠᠵᠠᠷ ᠤᠨ ᠬᠢᠨ ᠰᠤᠳᠤᠯᠭᠠᠨ ᠳᠠᠭᠠᠨ᠂ | ᠬᠥᠳᠡᠯᠭᠡᠭᠡᠨ ᠳᠤᠲᠠᠭᠳᠠᠬᠤ ᠨᠢ ᠲᠠᠮᠠᠬᠢ ᠲᠠᠲᠠᠬᠤ᠂ ᠰᠢᠬᠢᠷ ᠰᠢᠵᠢᠩ ᠡᠪᠡᠳᠴᠢᠨ᠂ ᠵᠢᠷᠦᠬᠡᠨ ᠡᠪᠡᠳᠴᠢᠨ ᠠᠴᠠ ᠨᠡᠩ | ᠢᠯᠡᠬᠦᠦ ᠡᠷᠡᠭᠦᠯ ᠮᠡᠨᠳᠦ ᠳᠤ ᠬᠤᠤᠷ ᠬᠥᠨᠥᠭᠡᠯ ᠲᠠᠢ ᠪᠠᠶᠢᠳᠠᠭ ᠭᠡᠵᠦ ᠬᠡᠯᠡᠪᠡ᠃ | ᠲᠤᠰ ᠡᠮᠨᠡᠯᠭᠡ ᠶᠢᠨ ᠭᠠᠵᠠᠷ 1991 ᠣᠨ ᠤ 1 ᠰᠠᠷ᠎ᠠ ᠠᠴᠠ 2014 ᠣᠨ ᠤ 12 ᠰᠠᠷ᠎ᠠ ᠪᠣᠯᠲᠠᠯ᠎ᠠ | 12 ᠲᠦᠮᠡᠨ ᠡᠪᠡᠳᠴᠢᠲᠡᠨ ᠳᠤ ᠭᠦᠶᠦᠬᠦ ᠮᠠᠰᠢᠨ ᠢᠶᠠᠷ ᠬᠥᠳᠡᠯᠭᠡᠭᠡᠨ ᠤ ᠲᠤᠷᠰᠢᠯᠲᠠ ᠬᠢᠵᠦ᠂ ᠬᠥᠳᠡᠯᠭᠡᠭᠡᠨ ᠤ | ᠪᠣᠳᠠᠲᠤ ᠬᠢᠷᠢ ᠪᠦᠲᠦᠮᠵᠢ ᠪᠠᠷ ᠰᠠᠭᠤᠷᠢ ᠪᠣᠯᠭᠠᠨ᠂ ᠪᠡᠶ᠎ᠡ ᠪᠠᠨ ᠪᠣᠯᠪᠠᠰᠤᠷᠠᠬᠤ ᠪᠠ ᠡᠯ᠎ᠡ ᠵᠦᠢᠯ ᠤᠨ ᠦᠬᠦᠯ ᠤᠨ | ᠠᠶᠤᠯ ᠲᠦᠭᠰᠢᠭᠦᠷᠢ ᠶᠢᠨ ᠬᠠᠷᠢᠴᠠᠭ᠎ᠠ ᠶᠢ ᠰᠤᠳᠤᠯᠵᠠᠶ᠃ ᠰᠤᠳᠤᠯᠭᠠᠨ ᠤ ᠦᠷ᠎ᠡ ᠳ᠋ᠦᠩ ᠳᠤ᠂ ᠭᠦᠶᠦᠯᠳᠡ ᠶᠢᠨ | ᠬᠢᠷᠢ ᠪᠦᠲᠦᠮᠵᠢ ᠪᠠᠷ ᠠᠨᠠᠶ ᠡᠪᠡᠳᠴᠢᠲᠡᠨ ᠨᠢ ᠪᠥᠭᠡᠷᠡᠨ ᠤ ᠠᠵᠢᠯᠯᠠᠭ᠎ᠠ ᠪᠦᠷᠢᠨ ᠪᠤᠰᠤ ᠡᠪᠡᠳᠴᠢᠳᠡᠨ ᠢ ᠪᠤᠳᠤᠪᠠᠯ | ᠦᠬᠦᠬᠦ ᠠᠶᠤᠯ ᠢᠶᠠᠷ ᠪᠠᠷᠤᠭ 2 ᠳᠠᠬᠢᠨ ᠥᠨᠳᠥᠷ ᠪᠠᠶᠢᠳᠠᠭ᠃ ᠬᠥᠳᠡᠯᠭᠡᠭᠡᠨ ᠪᠠᠭ᠎ᠠ ᠬᠢᠳᠡᠭ ᠬᠦᠮᠦᠨ ᠨᠢ | ᠬᠥᠳᠡᠯᠭᠡᠭᠡᠨ ᠰᠠᠶᠢᠨ ᠬᠢᠳᠡᠭ ᠬᠦᠮᠦᠨ ᠢ ᠪᠤᠳᠤᠪᠠᠯ ᠦᠬᠦᠬᠦ ᠠᠶᠤᠯ ᠢᠶᠠᠷ 6 ᠳᠠᠬᠢᠨ ᠦᠨᠳᠦᠷ ᠪᠠᠶᠢᠳᠠᠭ ᠢ | ᠢᠯᠡᠷᠡᠬᠦᠯᠵᠡᠢ᠃ ᠰᠤᠳᠤᠯᠭᠠᠨ ᠳᠤ ᠪᠠᠰᠠ ᠬᠥᠳᠡᠯᠭᠡᠭᠡᠨ ᠲᠤᠳᠠᠬᠳᠠᠬᠤ ᠨᠢ ᠲᠠᠮᠠᠬᠢ ᠲᠠᠲᠠᠬᠤ᠂ ᠰᠢᠬᠢᠷ ᠰᠢᠵᠢᠩ | ᠡᠪᠡᠳᠴᠢᠨ᠂ ᠵᠢᠷᠦᠬᠡᠨ ᠡᠪᠡᠳᠴᠢᠨ ᠠᠴᠠ ᠬᠤᠯᠠ ᠠᠶᠤᠯ ᠲᠠᠢ ᠬᠡᠳᠡᠭ ᠢ ᠢᠯᠡᠷᠡᠬᠦᠯᠪᠡ᠃ ᠬᠥᠳᠡᠯᠭᠡᠭᠡᠨ ᠬᠢᠬᠦ ᠨᠢ | ᠡᠷᠡᠭᠦᠯ ᠪᠤᠰᠤ ᠠᠮᠢᠳᠤᠷᠠᠯ ᠤᠨ ᠵᠠᠩ ᠳᠠᠳᠬᠠᠯ ᠠᠴᠠ ᠪᠣᠯᠤᠭᠰᠠᠨ ᠨᠥᠯᠥᠭᠡ ᠶᠢ ᠬᠦᠷᠲᠡᠯ᠎ᠡ ᠠᠷᠢᠯᠭᠠᠵᠤ ᠴᠢᠳᠠᠬᠤ | ᠰᠠᠶᠢᠨᠳᠠᠢ ᠲᠠᠯ᠎ᠠ ᠲᠠᠢ ᠪᠤᠯᠬᠤᠷ ᠵᠠᠪᠠᠯ ᠪᠡᠶ᠎ᠡ ᠪᠠᠨ ᠪᠣᠯᠪᠠᠰᠤᠷᠠᠬᠤ ᠬᠡᠷᠡᠭᠳᠡᠢ ᠬᠡᠵᠦ ᠰᠢᠨᠵᠢᠯᠡᠬᠦ ᠤᠬᠠᠭᠠᠠᠳᠠᠳ | ᠤᠷᠢᠶᠠᠯᠠᠵᠤ ᠪᠠᠶᠢᠨ᠎ᠠ᠃ ᠡᠭᠦᠨ ᠠᠴᠠ ᠭᠠᠳᠠᠨ᠎ᠠ᠂ ᠰᠤᠳᠤᠯᠭᠠᠨ ᠳᠤ ᠪᠠᠰᠠ ᠬᠥᠳᠡᠯᠭᠡᠭᠡᠨ ᠬᠢᠬᠦ ᠨᠢ ᠡᠷᠡᠭᠲᠡᠶ ᠡᠮᠡᠭᠲᠡᠶ | ᠭᠡᠵᠦ ᠢᠯᠭᠠᠯ ᠥᠬᠡᠶ᠂ ᠡᠯ᠎ᠡ ᠨᠠᠰᠤᠨ ᠤ ᠬᠦᠮᠦᠰ ᠲᠤ ᠲᠤᠬᠢᠷᠠᠬᠤ ᠰᠠᠶᠢᠨᠳᠠᠢ ᠲᠠᠯ᠎ᠠ ᠲᠠᠢ ᠪᠤᠯᠬᠤᠷ ᠥᠨᠳᠥᠷ | ᠨᠠᠰᠤᠨ ᠤ ᠬᠥᠮᠦᠰ ᠬᠥᠳᠡᠯᠭᠡᠭᠡᠨ ᠬᠢᠭᠰᠡᠨ ᠴᠦ ᠠᠳᠠᠯᠢᠬᠠᠨ ᠠᠰᠢᠭ ᠬᠦᠷᠲᠡᠨ᠎ᠡ ᠬᠡᠵᠦ ᠰᠠᠨᠠᠭᠤᠯᠵᠠᠢ᠃ | | ᠢᠷᠠᠯᠳᠡ᠄ ᠠᠷᠠᠳ ᠤᠨ ᠰᠦᠯᠵᠢᠶ᠎ᠡ | ᠪᠡᠯᠡᠳᠭᠡᠭᠰᠡᠨ ᠨᠢ᠄ ᠭᠧ ᠲᠣᠸᠠᠨ ᠯᠢᠶᠡᠨ | |