ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠬᠢᠯᠭᠠᠨ ᠤ ᠦᠨ᠎ᠡ ᠶᠢᠨ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2019-09-27
      ᠥᠪᠡᠷᠳᠡᠬᠡᠨ ᠵᠠᠰᠠᠬᠤ ᠣᠷᠣᠨ ᠪᠣᠯᠤᠨ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 2019ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠠᠬᠢ ᠡᠩ ᠤᠨ ᠦᠢᠯᠡᠳᠪᠦᠷᠢ ᠬᠤᠳᠠᠯᠳᠤᠭᠠᠨ ᠤ ᠦᠢᠯᠡᠰ ᠤᠨ ᠳᠤᠮᠳᠠᠴᠢ ᠴᠠᠬᠢᠯᠭᠠᠨ ᠤ ᠦᠨ᠎ᠡ ᠶᠢ ᠳᠠᠬᠢᠨ 10 % ᠪᠠᠷ ᠪᠠᠭᠤᠷᠠᠭᠤᠯᠬᠤ ᠲᠤᠬᠠᠶ ᠱᠠᠭᠠᠷᠳᠠᠯᠭ᠎ᠠ ᠶᠢ ᠬᠢᠨᠠᠮᠠᠭᠠᠶ ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠥᠪᠥᠷ ᠬᠥᠭᠵᠢᠭᠦᠯᠦᠯᠲᠡ ᠥᠭᠡᠷᠡᠴᠢᠯᠡᠯᠲᠡ ᠦᠨ᠎ᠡ ᠦᠰᠦᠭ ︹ 2019 ︺ 423 ᠳ᠋ᠤᠭᠠᠷ ᠲᠣᠭᠠᠲᠤ ᠪᠣᠯᠤᠨ 465 ᠳ᠋ᠤᠭᠠᠷ ᠲᠣᠭᠠᠲᠤ ᠬᠤᠶᠠᠷ ᠡᠩ ᠤᠨ ᠦᠢᠯᠡᠳᠪᠦᠷᠢ ᠬᠤᠳᠠᠯᠳᠤᠭᠠᠨ ᠤ ᠦᠢᠯᠡᠰ ᠤᠨ ᠴᠠᠬᠢᠯᠭᠠᠨ ᠤ ᠦᠨ᠎ᠡ ᠶᠢ ᠪᠠᠭᠤᠷᠠᠭᠤᠯᠬᠤ ᠲᠤᠬᠠᠶ ᠮᠡᠳᠡᠭᠳᠡᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢᠨ ᠲᠤᠰᠠᠳᠠ᠂ ᠴᠠᠬᠠᠷ ᠪᠠᠷᠠᠭᠤᠨ ᠭᠠᠷᠤᠨ  ᠲᠣᠮᠳᠡᠳᠣ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠪᠬᠢᠲᠡᠢ ᠠᠵᠢᠯᠯᠠᠭ᠎ᠠ ᠥᠷᠨᠢᠭᠦᠯᠵᠦ᠂ ᠪᠥᠬᠦ ᠬᠤᠰᠢᠭᠤᠨ ᠤ ᠡᠩ ᠤᠨ ᠦᠢᠯᠡᠳᠪᠦᠷᠢ ᠬᠤᠳᠠᠯᠳᠤᠭᠠᠨ ᠤ ᠦᠢᠯᠡᠰ ᠤᠨ ᠴᠠᠬᠢᠯᠭᠠᠨ ᠤ ᠦᠨ᠎ᠡ ᠶᠢ ᠬᠡᠷᠡᠭᠵᠢᠭᠦᠯᠦᠭᠰᠡᠨ ᠪᠠᠶᠢᠳᠡᠯ ᠳᠤ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ ᠬᠢᠪᠡ᠃       ᠪᠠᠶᠢᠴᠠᠭᠠᠯᠳᠡ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠤ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠤ ᠥᠪᠡᠷ ᠢᠶᠠᠨ ᠪᠠᠶᠢᠴᠠᠭᠠᠵᠦ ᠠᠵᠢᠯ ᠤᠨ ᠮᠡᠳᠡᠬᠦᠯᠦᠯᠳᠡ ᠶᠢ ᠰᠣᠨᠣᠰᠴᠤ᠂ ᠲᠤᠬᠠᠶ ᠶᠢᠨ ᠲᠠᠯᠠᠪᠠᠢ ᠳᠤ ᠴᠠᠬᠢᠯᠭᠠᠨ ᠬᠠᠩᠭᠠᠬᠤ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠰᠢᠯᠵᠢᠭᠦᠯᠦᠨ ᠠᠪᠴᠤ᠂ 4 ᠰᠠᠷ᠎ᠠ ᠠᠴᠠ ᠡᠮᠦᠨ᠎ᠡ᠂ 4 ᠰᠠᠷ᠎ᠠ ᠠᠴᠠ 7 ᠰᠠᠷ᠎ᠠ᠂ 7 ᠰᠠᠷ᠎ᠠ ᠠᠴᠠ ᠰᠡᠭᠦᠯᠡᠷᠬᠢ ᠬᠡᠰᠡᠭ ᠡᠩ ᠤᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠠᠷᠢᠨ ᠳᠠᠩᠰᠠ ᠶᠢ ᠲᠣᠬᠢᠶᠠᠯᠳᠤᠯ ᠢᠶᠠᠷ ᠰᠣᠩᠭᠤᠨ ᠠᠪᠤᠭᠰᠠᠨ ᠪᠥᠭᠡᠳ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠤ ᠬᠠᠩᠭᠠᠭᠰᠠᠨ ᠠᠯᠢ ᠣᠯᠠᠨ ᠪᠢᠴᠢᠭ ᠮᠠᠲ᠋ᠧᠷᠢᠶᠠᠯ ᠢ ᠪᠠᠶᠢᠴᠠᠭᠠᠨ ᠦᠵᠡᠵᠡᠶ᠂ ᠡᠭᠦᠨ ᠳᠤ ᠡᠯ᠎ᠡ ᠴᠠᠬᠢᠯᠭᠠᠨ ᠬᠠᠩᠭᠠᠬᠤ ᠭᠠᠵᠠᠷ ᠲᠤ ᠪᠠᠭᠤᠯᠭᠠᠭᠰᠠᠨ ᠴᠠᠬᠢᠯᠭᠠᠨ ᠤ ᠦᠨ᠎ᠡ ᠶᠢ ᠪᠠᠭᠤᠷᠠᠭᠤᠯᠬᠤ ᠮᠡᠳᠡᠭᠳᠡᠯ᠂ ᠴᠠᠬᠢᠯᠭᠠᠨ ᠤ ᠦᠨ᠎ᠡ ᠶᠢ ᠪᠠᠭᠤᠷᠠᠭᠤᠯᠬᠤ ᠬᠤᠷᠠᠯ ᠤᠨ ᠲᠡᠮᠳᠡᠭᠯᠡᠯ ᠪᠠ ᠠᠵᠢᠯ ᠤᠨ ᠡᠬᠡ ᠳᠠᠩᠰᠠ᠂ ᠴᠠᠬᠢᠯᠭᠠᠨ ᠤ ᠦᠨ᠎ᠡ ᠶᠢ ᠪᠠᠭᠤᠷᠠᠭᠤᠯᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠪᠠ ᠸᠢᠴᠠᠲ ᠤᠨ ᠤᠬᠠᠭᠤᠯᠭ᠎ᠠ ᠶᠢᠨ ᠬᠠᠭᠤᠳᠠᠰᠤ ᠵᠡᠷᠭᠡ ᠪᠠᠭᠲᠠᠨ᠎ᠠ᠃      ᠪᠠᠶᠢᠴᠠᠭᠠᠯᠳᠡ ᠪᠠᠷ ᠳᠠᠮᠵᠢᠨ᠂ ᠲᠣᠮᠳᠡᠳᠣ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠨᠢ ᠬᠤᠶᠠᠷ ᠤᠳᠠᠭᠠᠨ ᠤ ᠡᠩ ᠤᠨ ᠦᠢᠯᠡᠳᠪᠦᠷᠢ ᠬᠤᠳᠠᠯᠳᠤᠭᠠᠨ ᠤ ᠦᠢᠯᠡᠰ ᠤᠨ ᠴᠠᠬᠢᠯᠭᠠᠨ ᠤ ᠦᠨ᠎ᠡ ᠶᠢ ᠪᠠᠭᠤᠷᠠᠭᠤᠯᠬᠤ ᠠᠵᠢᠯ ᠤᠨ ᠳᠤᠮᠳᠠ᠂ ᠨᠡᠶᠢᠲᠡ 5992 ᠴᠠᠬᠢᠯᠭᠠᠨ ᠬᠡᠷᠡᠭᠯᠡᠬᠦ ᠡᠷᠦᠬᠡ ᠶᠢᠨ ᠰᠦᠢᠳᠬᠡᠯ ᠢ 15.03 ᠲᠦᠮᠡᠨ ᠲᠥᠭᠦᠷᠢᠭ ᠪᠤᠴᠠᠭᠠᠵᠠᠶ᠃ ᠬᠤᠶᠠᠷ ᠤᠳᠠᠭᠠᠨ ᠤ ᠦᠨ᠎ᠡ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠦᠬᠦᠨ ᠢ ᠪᠣᠳᠠᠲᠠᠶᠢᠵᠢᠭᠤᠯᠪᠠ᠃      ᠲᠣᠰ ᠤᠳᠠᠭᠠᠨ ᠤ ᠪᠠᠶᠢᠴᠠᠭᠠᠯᠲᠠ ᠪᠣᠯ ᠦᠨ᠎ᠡ ᠬᠠᠩᠰᠢ ᠶᠢ ᠬᠢᠨᠠᠨ ᠪᠠᠶᠢᠴᠠᠭᠠᠬᠤ ᠡᠭᠦᠷᠭᠡ ᠴᠢᠳᠠᠪᠤᠷᠢ ᠶᠢ ᠬᠤᠪᠢᠶᠠᠷᠢᠯᠠᠨ ᠰᠢᠯᠵᠢᠭᠦᠯᠦᠭᠰᠡᠨ ᠤ ᠳᠠᠷᠠᠭᠠᠬᠢ ᠲᠡᠭᠡᠳᠦ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠵᠤ ᠥᠷᠨᠢᠭᠦᠯᠦᠭᠰᠡᠨ ᠨᠢᠭᠡᠳᠦᠭᠡᠷ ᠤᠳᠠᠭᠠᠨ ᠤ ᠴᠠᠬᠢᠯᠭᠠᠨ ᠤ ᠦᠨ᠎ᠡ ᠶᠢᠨ ᠲᠤᠰᠬᠠᠶ ᠪᠠᠶᠢᠴᠠᠭᠠᠯᠲᠠ ᠪᠣᠯᠤᠨ᠎ᠠ᠂ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠯᠪᠣᠭᠳᠠᠯ ᠪᠦᠬᠦᠢ ᠬᠥᠮᠦᠰ ᠢ ᠵᠣᠬᠢᠶᠠᠨ ᠪᠠᠶᠢᠭᠤᠯᠵᠤ ᠴᠠᠬᠢᠯᠭᠠᠨ ᠤ ᠦᠨ᠎ᠡ ᠶᠢᠨ ᠲᠠᠯ᠎ᠠ ᠪᠠᠷ ᠬᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠬᠢᠨᠠᠮᠠᠭᠠᠶ ᠰᠤᠷᠤᠯᠴᠠᠭᠤᠯᠵᠤ᠂ ᠴᠠᠬᠢᠯᠭᠠᠨ ᠤ ᠦᠨ᠎ᠡ ᠶᠢᠨ ᠪᠦᠷᠢᠯᠳᠦᠬᠦ ᠲᠣᠭᠲᠠᠴᠠ ᠪᠠ ᠦᠨ᠎ᠡ ᠲᠣᠭᠲᠠᠭᠠᠬᠤ ᠠᠷᠭ᠎ᠠ ᠶᠢ ᠠᠩᠬ᠎ᠠ ᠠᠯᠬᠤᠮ ᠣᠶᠢᠯᠠᠭᠠᠭᠤᠯᠵᠤ᠂ ᠪᠠᠶᠢᠴᠠᠭᠠᠯᠲᠠ ᠶᠢ ᠬᠡᠷᠡᠭᠵᠢᠭᠦᠯᠬᠦ ᠦᠭᠡᠢ ᠣᠨᠣᠯ ᠤᠨ ᠰᠠᠭᠤᠷᠢ ᠶᠢ ᠰᠠᠶᠢᠲᠤᠷ ᠲᠠᠯᠪᠢᠭᠰᠠᠨ ᠪᠠᠶᠢᠨ᠎ᠠ᠃                       ᠢᠷᠡᠯᠲᠡ᠄  ᠵᠠᠬ᠎ᠠ ᠲᠡᠯᠭᠡᠬᠦᠷ ᠬᠢᠨᠠᠨ ᠬᠠᠮᠢᠶᠠᠷᠣᠯᠳᠡ ᠶᠢᠨ ᠲᠣᠪᠴᠢᠶ᠎ᠠ                ᠣᠷᠴᠢᠭᠤᠯᠣᠨᠨᠴᠢ᠄  ᠭᠧ ᠲᠣᠸᠠᠨ ᠯᠢᠶᠡᠨ    
 
ᠢᠷᠡᠯᠲᠡ᠄ ᠵᠠᠬ᠎ᠠ ᠲᠡᠯᠭᠡᠬᠦᠷ ᠬᠢᠨᠠᠨ ᠬᠠᠮᠢᠶᠠᠷᠣᠯᠳᠡ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号