ᠬᠠᠯᠠᠭᠤᠨ ᠤᠰᠤ ᠪᠠᠷ ᠠᠶᠠᠭ᠎ᠠ ᠫᠢᠯᠠ ᠪᠠᠨ ᠵᠠᠶᠢᠯᠬᠤ ᠨᠢ ᠪᠠᠺᠲ᠋ᠧᠷᠢ ᠶᠢ ᠠᠷᠢᠯᠭᠠᠵᠤ ᠳᠡᠶᠢᠯᠦᠨ᠎ᠡ ᠦᠦ︖
ᠨᠡᠶᠢᠲᠡᠯᠡᠭᠰᠡᠨ ᠴᠠᠭ᠄
2020/10/20
       ᠣᠯᠠᠩᠬᠢ ᠬᠥᠮᠥᠰ ᠬᠤᠭᠤᠯᠠᠨ ᠭᠡᠷ ᠲᠤ ᠬᠤᠭᠤᠯᠠ ᠢᠳᠡᠬᠦ ᠦᠶᠡᠰ ᠠᠷᠢᠭᠤᠨ ᠴᠡᠪᠡᠷ ᠢ ᠪᠣᠳᠣᠯᠬᠢᠯᠠᠵᠤ᠂ ᠬᠤᠭᠤᠯᠠᠨ ᠭᠡᠷ ᠤᠨ ᠠᠶᠠᠭ᠎ᠠ ᠫᠢᠯᠠ ᠶᠢ ᠬᠠᠯᠠᠭᠤᠨ ᠤᠰᠤ ᠪᠠᠷ ᠨᠢᠭᠡ ᠤᠳᠠᠭ᠎ᠠ ᠵᠠᠶᠢᠯᠵᠤ ᠠᠷᠢᠭᠤᠳᠬᠠᠳᠠᠭ᠃ ᠲᠡᠭᠡᠪᠡᠯ ᠬᠠᠯᠠᠭᠤᠨ ᠤᠰᠤ ᠪᠠᠷ ᠠᠶᠠᠭ᠎ᠠ ᠫᠢᠯᠠ ᠪᠠᠨ ᠵᠠᠶᠢᠯᠬᠤ ᠨᠢ ᠪᠠᠺᠲ᠋ᠧᠷᠢ ᠶᠢ ᠦᠨᠡᠬᠡᠷ ᠠᠷᠢᠯᠭᠠᠵᠤ ᠳᠡᠶᠢᠯᠦᠨ᠎ᠡ ᠦᠦ ︖ ᠠᠶᠠᠭ᠎ᠠ ᠰᠠᠪᠬᠠᠨ ᠳᠡᠭᠡᠷ᠎ᠡ ᠭᠤᠣᠯᠳᠠᠭᠤ ᠦᠵᠦᠮᠴᠢᠷ ᠪᠥᠮᠪᠥᠭᠡᠨ ᠪᠠᠺᠲ᠋ᠧᠷᠢ᠂ ᠪᠦᠳᠦᠭᠦᠨ ᠭᠡᠳᠡᠰᠦᠨ ᠤ ᠰᠠᠪᠬᠠᠨᠴᠢᠷ ᠪᠠᠺᠲ᠋ᠧᠷᠢ᠂ ᠡᠪᠡᠳᠴᠢᠨ ᠤ ᠸᠢᠷᠦ᠋ᠰ ︵ᠬᠥᠬᠡ ᠬᠡᠯᠪᠡᠷᠢ ᠶᠢᠨ ᠡᠪᠡᠳᠴᠢᠨ ᠤ ᠸᠢᠷᠦ᠋ᠰ᠂ ᠬᠥᠬᠡᠭᠴᠢᠨ ᠬᠡᠯᠪᠡᠷᠢ  ᠶᠢᠨ ᠡᠪᠡᠳᠴᠢᠨ ᠤ ᠸᠢᠷᠦ᠋ᠰ ᠵᠡᠷᠭᠡ︶᠂ ᠮᠥᠭᠦᠠᠴᠢᠡᠷ ᠪᠠᠺᠲ᠋ᠧᠷᠢ᠂ ᠰᠦᠶ᠎ᠡ ᠰᠫᠤᠷ ᠵᠡᠷᠭᠡ ᠪᠠᠺᠲ᠋ᠧᠷᠢ ᠨᠠᠭᠠᠯᠳᠤᠵᠤ ᠪᠠᠶᠢᠳᠠᠭ᠃ ᠡᠳᠡᠭᠡᠷ ᠪᠠᠺᠲ᠋ᠧᠷᠢ ᠶᠢ ᠤᠰᠠᠳᠬᠠᠬᠤ ᠳᠤ ᠮᠠᠰᠢ ᠬᠦᠴᠢᠷᠲᠡᠢ ᠶᠤᠮ᠂ ᠬᠠᠮᠢᠶᠠᠲᠠᠢ ᠲᠤᠷᠰᠢᠯᠲᠠ ᠠᠴᠠ ᠦᠵᠡᠪᠡᠯ᠂ 100 ᠭᠷᠡᠳᠦ᠋ᠰ ᠣᠷᠴᠢᠮ ᠤᠨ ᠬᠠᠯᠠᠭᠤᠨ ᠤᠰᠤ ᠪᠠᠷ ᠬᠠᠮᠤᠭ ᠤᠨ ᠪᠠᠭ᠎ᠠ ᠳᠠᠭᠠᠨ ᠠᠷᠪᠠᠭᠠᠳ ᠮᠢᠨᠦ᠋ᠲ ᠤᠬᠢᠶᠠᠪᠠᠯ ᠰᠠᠶ᠋ᠢ ᠵᠣᠩᠬᠢᠯᠠᠬᠤ ᠣᠯᠠᠨ ᠲᠣᠭᠠᠨ ᠤ ᠪᠠᠺᠲ᠋ᠧᠷᠢ ᠶᠢ ᠤᠰᠠᠳᠬᠠᠵᠤ ᠳᠡᠶᠢᠯᠳᠡᠭ᠃ ᠲᠡᠶᠢᠮᠦ ᠠᠴᠠ ᠵᠥᠪᠬᠡᠨ ᠬᠤᠭᠤᠯᠠᠨ ᠭᠡᠷ ᠤᠨ ᠬᠠᠩᠭᠠᠭᠰᠠᠨ ᠬᠠᠯᠠᠭᠤᠨ ᠤᠰᠤ ᠪᠠᠷ ᠠᠶᠠᠭ᠎ᠠ ᠫᠢᠯᠠ ᠪᠠᠨ ᠨᠢᠭᠡ ᠤᠳᠠᠭ᠎ᠠ ᠵᠠᠶᠢᠯᠬᠤ  ᠨᠢ ᠡᠳᠡᠭᠡᠷ ᠪᠠᠺᠲ᠋ᠧᠷᠢ ᠶᠢ ᠤᠰᠠᠳᠬᠠᠵᠤ ᠲᠡᠶᠢᠯᠬᠦ ᠦᠭᠡᠢ ᠶᠤᠮ᠃ ᠭᠡᠪᠡᠴᠦ ᠣᠳᠣ ᠮᠠᠨ ᠤ ᠤᠯᠤᠰ ᠤᠨ ᠶᠡᠬᠡᠩᠬᠢ ᠭᠠᠵᠠᠷ ᠤᠨ ᠬᠤᠭᠤᠯᠠᠨ ᠭᠡᠷ ᠲᠤ ᠪᠦᠷ ᠠᠷᠢᠭᠤᠳᠬᠠᠭᠰᠠᠨ ᠠᠶᠠᠭ᠎ᠠ ᠫᠢᠯᠠ ᠬᠡᠷᠡᠭᠯᠡᠵᠦ ᠪᠠᠶᠢᠬᠤ ᠪᠥᠭᠡᠳ ᠳᠡᠭᠡᠷ᠎ᠡ ᠨᠢ ᠨᠠᠭᠠᠯᠳᠤᠵᠤ ᠪᠠᠶᠢᠭ᠎ᠠ ᠪᠢᠴᠢᠯ ᠪᠣᠳᠠᠰ ᠤᠨ ᠬᠡᠮᠵᠢᠶ᠎ᠡ ᠨᠢ ᠣᠯᠠᠩᠬᠢ ᠳᠠᠭᠠᠨ ᠪᠠᠷᠢᠮᠵᠢᠶᠠᠨ ᠳᠤ ᠨᠡᠶᠢᠴᠡᠬᠦ ᠪᠣᠯᠬᠤᠷ ᠬᠡᠷᠡᠭᠯᠡᠬᠦ ᠠᠴᠠ ᠪᠠᠨ ᠡᠮᠦᠨ᠎ᠡ ᠬᠠᠯᠠᠭᠤᠨ ᠤᠰᠤ ᠪᠠᠷ ᠵᠠᠶᠢᠯᠬᠤ ᠦᠭᠡᠢ ᠴᠦ ᠭᠡᠰᠡᠨ ᠬᠠᠮᠢᠶ᠎ᠠ ᠦᠭᠡᠢ ᠶᠤᠮ᠃                        ᠢᠷᠡᠯᠳᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号