ᠮᠠᠨ ᠤ ᠬᠡᠤᠬᠡᠳ ᠤᠳ ᠤᠨᠳᠠᠵᠤ ᠴᠠᠳᠬᠤ ᠦᠭᠡᠢ ᠪᠠᠶᠢᠨ᠎ᠠ ᠰᠢᠤ⁈
ᠨᠡᠶᠢᠲᠡᠯᠡᠭᠰᠡᠨ ᠴᠠᠭ᠄
2020/10/28
        80%᠂ ᠡᠨᠡ ᠲᠤᠭ᠎ᠠ ᠬᠡᠤᠬᠡᠳ ᠪᠠᠭᠠᠴᠤᠳ ᠲᠠᠢ ᠬᠤᠯᠪᠤᠭ᠎ᠠ ᠲᠠᠢ ᠪᠤᠯᠬᠤᠷ ᠠᠳᠡ ᠲᠠ ᠪᠦᠬᠦᠨ ᠲᠠᠢ ᠪᠠᠨ ᠬᠤᠪᠢᠶᠠᠯᠴᠠᠵᠤ ᠪᠠᠶᠢᠨ᠎ᠠ᠃ ︽2019 ᠲᠤᠮᠳᠠᠳᠤ ᠤᠯᠤᠰ ᠤᠨ ᠬᠡᠤᠬᠡᠳ ᠪᠠᠭᠠᠴᠤᠳ ᠤᠨ ᠤᠨᠳᠠᠬᠤ ᠨᠦᠢᠷ ᠤᠨ ᠵᠢᠭᠠᠯᠳᠠ ᠲᠤᠭ᠎ᠠ ᠶᠢᠨ ᠴᠠᠭᠠᠨ ᠭᠠᠳᠠᠷᠳᠤ ᠪᠢᠴᠢᠭ︾ ᠲᠤ ᠲᠤᠮᠳᠠᠳᠤ ᠤᠯᠤᠰ ᠤᠨ ᠬᠡᠤᠬᠡᠳ ᠪᠠᠭᠠᠴᠤᠳ ᠤᠨ 80% ᠨᠢ ᠨᠦᠢᠷ ᠲᠠᠭᠠᠨ ᠴᠠᠳᠬᠤ ᠦᠭᠡᠢ ᠪᠠᠶᠢᠨ᠎ᠠ ᠬᠡᠵᠤ ᠲᠤᠳᠤᠬᠠᠨ ᠲᠡᠮᠳᠡᠭᠯᠠᠵᠠᠢ᠃ ︽ᠤᠨᠳᠠᠵᠤ ᠪᠠᠷᠠᠬᠰᠠᠨ ᠨᠦᠢᠷ ᠦᠭᠡᠢ᠂ ᠬᠢᠵᠤ ᠪᠠᠷᠠᠬᠰᠠᠨ ᠠᠵᠢᠯ ᠪᠠᠶᠢᠨ᠎ᠠ︾ ᠭᠡᠳᠡᠭ ᠪᠤᠯᠪᠠᠴᠤ ᠤᠨᠳᠠᠬᠤ ᠨᠦᠢᠷ ᠨᠢ ᠬᠦᠮᠦᠨ ᠳᠤ ᠠᠪᠴᠤ ᠬᠡᠯᠡᠪᠡᠯ ᠲᠦᠢᠯ ᠤᠨ ᠴᠢᠬᠤᠯᠠ ᠪᠠᠶᠢᠳᠠᠭ᠃ ᠬᠦᠮᠦᠨ ᠤ ᠡᠷᠡᠭᠦᠯ ᠴᠢᠬᠢᠷᠠᠭ ᠢ ᠪᠠᠳᠤᠯᠠᠬᠤ ᠬᠤᠶᠠᠷ ᠴᠢᠬᠤᠯᠠ ᠡᠯᠧᠮᠧᠨ᠋ᠲ ᠤᠨ ᠨᠢᠭᠡ ᠨᠢ ᠬᠤᠭᠤᠯᠠ ᠤᠮᠳᠠᠭᠠᠨ᠂ ᠨᠦᠭᠦᠭᠡ ᠨᠢᠭᠡ ᠨᠢ ᠲᠠᠷᠤᠢ ᠤᠨᠳᠠᠬᠤ ᠨᠦᠢᠷ ᠪᠤᠯᠤᠨ᠎ᠠ᠃ ᠤᠨᠳᠠᠯᠭ᠎ᠠ ᠨᠢ ᠶᠠᠳᠠᠷᠠᠭ᠎ᠠ ᠵᠦᠳᠡᠷᠡᠭᠡ ᠶᠢ ᠲᠠᠶᠢᠯᠳᠠᠭ᠂ ᠤᠶᠤᠨ ᠴᠢᠳᠠᠯ ᠢ ᠰᠡᠷᠭᠦᠭᠡᠳᠡᠭ᠂ ᠦᠰᠦᠯᠳᠡ ᠪᠤᠶᠢᠵᠢᠯᠳᠠ ᠶᠢ ᠠᠬᠢᠭᠤᠯᠳᠠᠭ᠂ ᠡᠷᠡᠭᠦᠯ ᠴᠢᠬᠢᠷᠠᠭ ᠢ ᠪᠠᠳᠤᠯᠠᠳᠠᠭ ᠁ ᠭᠡᠳᠡᠯ᠎ᠡ ᠮᠠᠨ ᠤ ᠬᠡᠤᠬᠡᠳ ᠪᠠᠭᠠᠴᠤᠳ ᠬᠠᠷᠠᠬᠠᠨ ᠪᠠᠭ᠎ᠠ ᠠᠴᠠ ᠪᠠᠨ ᠤᠨᠳᠠᠬᠤ ᠨᠦᠢᠷ ᠲᠠᠭᠠᠨ ᠴᠠᠳᠬᠤ ᠦᠭᠡᠢ ᠪᠠᠶᠢᠨ᠎ᠠ ᠰᠢᠤ︕ ᠲᠤᠰᠬᠠᠢ ᠮᠡᠷᠭᠡᠵᠢᠯᠳᠡᠨ ᠤ ᠰᠤᠳᠤᠯᠤᠬᠰᠠᠨ ᠢᠶᠠᠷ᠂ ᠬᠡᠤᠬᠡᠳ ᠪᠠᠭᠠᠴᠤᠳ ᠤᠨ ᠤᠨᠳᠠᠬᠤ ᠨᠦᠢᠷ ᠢ ᠪᠠᠳᠤᠯᠠᠬᠤ ᠦᠬᠡᠢ ᠪᠤᠯ ᠮᠠᠰᠢ ᠶᠡᠭᠡ ᠬᠤᠤᠷ ᠬᠦᠨᠦᠭᠡᠯ ᠲᠠᠢ᠂ ᠤᠨᠳᠠᠬᠤ ᠨᠦᠢᠷ ᠨᠢ ᠬᠡᠤᠬᠡᠳ ᠪᠠᠭᠠᠴᠤᠳ ᠤᠨ ᠡᠭᠦᠳᠦᠨ ᠪᠦᠳᠦᠭᠡᠬᠦ ᠰᠡᠳᠬᠢᠭᠦᠢ ᠶᠢ ᠨᠦᠯᠦᠭᠡᠯᠡᠬᠦ ᠪᠠᠷ ᠪᠠᠷᠠᠬᠤ ᠦᠬᠡᠢ ᠡᠷᠡᠭᠦᠯ ᠴᠢᠬᠢᠷᠠᠭ ᠦᠰᠦᠨ ᠪᠤᠶᠢᠵᠢᠯᠳᠡ ᠶᠢ ᠴᠦ ᠬᠠᠷᠰᠢᠯᠠᠵᠤ᠂ ᠪᠡᠶ᠎ᠡ ᠰᠡᠳᠬᠢᠴᠡ ᠶᠢ ᠨᠦᠯᠦᠬᠡᠯᠡᠬᠦ ᠪᠠᠷ ᠪᠠᠷᠠᠬᠤ ᠦᠬᠡᠢ ᠰᠢᠨ᠎ᠡ ᠬᠠᠭᠤᠴᠢᠨ ᠤ ᠰᠤᠯᠢᠯᠴᠠᠭ᠎ᠠ ᠶᠢ ᠴᠦ ᠰᠠᠮᠠᠭᠤᠷᠠᠭᠤᠯᠳᠠᠭ ᠠᠵᠠᠢ᠃ ᠰᠤᠷᠤᠬᠴᠢ ᠲᠠᠢ ᠭᠡᠷ ᠪᠤᠯᠭᠠᠨ ᠤ ᠴᠠᠬᠢᠯᠭᠠᠨ ᠳ᠋ᠧᠩ ᠰᠦᠨᠢ ᠶᠢᠨ ᠬᠦᠨ ᠪᠤᠯᠳᠠᠯ᠎ᠠ ᠲᠤᠸᠠᠯᠠᠵᠤ᠂ ᠦᠷᠯᠦᠭᠡ ᠶᠢᠨ ᠲᠠᠪᠤ ᠵᠢᠷᠭᠤᠭᠠᠨ ᠴᠠᠭ ᠲᠤ ᠲᠠᠬᠢᠨ ᠭᠡᠷᠡᠯᠳᠦᠴᠢᠬᠡᠳᠡᠭ᠃ ᠦᠷᠯᠦᠭᠡ ᠪᠦᠷᠢ ᠰᠤᠷᠭᠠᠭᠤᠯᠢ ᠶᠢᠨ ᠡᠭᠦᠳᠡᠨ ᠳᠤ ᠨᠦᠢᠷ ᠲᠠᠭᠠᠨ ᠴᠠᠳᠤᠬᠰᠠᠨ ᠦᠭᠡᠢ ᠬᠡᠤᠬᠡᠳ ᠡᠪᠰᠢᠶᠡᠵᠤ ᠰᠤᠨᠢᠶᠠᠬᠰᠠᠨ᠂ ᠤᠷᠮ᠎ᠠ ᠵᠤᠷᠢᠭ ᠠᠶᠠᠳᠠᠭᠤᠬᠠᠨ ᠶᠠᠪᠤᠭ᠎ᠠ ᠶᠢ ᠨᠢᠭᠡ ᠪᠢᠰᠢ ᠤᠯᠠᠨ ᠤᠳᠠᠭ᠎ᠠ ᠬᠠᠷᠠᠵᠤ ᠶᠠᠪᠤᠯ᠎ᠠ᠃ ᠬᠡᠳᠦ᠋ᠢᠪᠡᠷ ᠰᠤᠷᠭᠠᠨ ᠬᠦᠮᠦᠵᠢᠯ ᠤᠨ ᠶᠠᠮᠤᠨ ᠠᠴᠠ ᠰᠤᠷᠭᠠᠭᠤᠯᠢ ᠡᠬᠢᠯᠡᠬᠦ ᠴᠠᠭ ᠢ ᠬᠤᠶᠢᠰᠢᠯᠠᠭᠤᠯᠤᠬᠰᠠᠨ ᠪᠤᠯᠪᠠᠴᠤ ᠬᠡᠤᠬᠡᠳ ᠪᠠᠭᠠᠴᠤᠳ ᠤᠨ ᠨᠦᠢᠷ ᠲᠤᠳᠠᠮᠠᠭ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠤ ᠲᠡᠶᠢᠯᠦᠭᠡᠳᠤᠢ ᠪᠠᠶᠢᠭᠰᠠᠭᠠᠷ᠃ ᠰᠤᠷᠤᠬᠰᠠᠨ ᠢ ᠨᠢ ᠪᠠᠳᠤᠳᠬᠠᠨ᠎ᠠ ᠭᠡᠮᠡᠨ ᠪᠠᠭᠰᠢ ᠨᠠᠷ ᠡᠳᠤᠷ ᠪᠦᠷᠢ ᠲᠠᠰᠬᠠᠯ ᠲᠠᠭᠠᠭᠠᠯᠭᠠᠪᠤᠷᠢ ᠦᠯᠡᠳᠡᠭᠡᠨ᠎ᠠ᠃ ᠲᠠᠰᠬᠠᠯ ᠲᠠᠭᠠᠭᠠᠯᠭᠠᠪᠤᠷᠢ ᠪᠠᠨ ᠪᠦᠷᠢᠨ ᠭᠦᠢᠴᠡᠳ ᠭᠦᠢᠴᠡᠳᠭᠡ ᠭᠡᠵᠤ ᠭᠡᠷ ᠤᠨ ᠠᠬᠠᠮᠠᠳ ᠠᠬᠢᠨ ᠲᠠᠬᠢᠨ ᠱᠠᠭᠠᠷᠳᠠᠨ᠎ᠠ᠃ ᠲᠠᠰᠬᠠᠯ ᠲᠠᠭᠠᠭᠠᠯᠭᠠᠪᠤᠷᠢ ᠪᠠᠨ ᠬᠢᠭᠰᠡᠨ ᠦᠭᠡᠢ ᠪᠤᠯ ᠲᠠᠷᠠᠭ᠎ᠠ ᠡᠳᠦᠷ ᠨᠢ ᠰᠢᠭᠦᠮᠵᠢᠯᠡᠭᠳᠡᠵᠤ ᠲᠤᠩᠭᠤᠳᠤᠬᠳᠠᠨ᠎ᠠ ᠁ ᠡᠨᠡ ᠤᠯᠠᠨ ᠱᠠᠭᠠᠷᠳᠠᠯᠭ᠎ᠠ ᠶᠢ ᠬᠡᠤᠬᠡᠳ ᠪᠠᠭᠠᠴᠤᠳ ᠤᠨᠳᠠᠬᠤ ᠨᠦᠢᠷ ᠢᠶᠠᠷ ᠢᠶᠠᠨ ᠦᠷᠡᠭᠳᠡᠯ ᠪᠤᠯᠭᠠᠵᠤ ᠪᠠᠶᠢᠭᠠᠳ ᠪᠡᠶᠡᠯᠡᠭᠦᠯᠬᠦ ᠠᠴᠠ ᠦᠬᠡᠷ᠎ᠠ ᠠᠷᠭ᠎ᠠ ᠦᠬᠡᠢ ᠶᠤᠮ᠃ ᠬᠡᠤᠬᠡᠳ ᠢᠶᠠᠨ ᠴᠢᠳᠠᠪᠤᠷᠢᠳᠠᠨ ᠪᠤᠯᠬᠤ ᠶᠢ ᠬᠦᠰᠡᠨ᠎ᠠ᠂ ᠡᠨᠡ ᠪᠤᠯ ᠪᠤᠢ ᠪᠦᠬᠦᠢ ᠭᠡᠷ ᠤᠨ ᠠᠬᠠᠮᠠᠳ ᠤᠨ ᠬᠦᠰᠡᠯ ᠵᠤᠷᠢᠯᠳᠠ ᠶᠤᠮ᠃ ᠲᠡᠭᠡᠬᠦ ᠳᠤ ᠪᠡᠶ᠎ᠡ ᠰᠡᠳᠬᠢᠴᠡ ᠡᠷᠡᠭᠦᠯ ᠪᠤᠰᠤ ︽ᠴᠢᠳᠠᠪᠤᠷᠢᠳᠠᠨ︾ ᠬᠤᠵᠢᠮ ᠨᠡᠶᠢᠭᠡᠮ ᠲᠡᠭᠡᠷ᠎ᠡ ᠬᠡᠷᠬᠢᠨ ᠤᠷᠤᠰᠢᠨ ᠲᠤᠬᠳᠠᠨᠢᠬᠤ ᠪᠤᠢ⁈ ᠤᠯᠤᠰ ᠭᠡᠷ ᠲᠡᠭᠡᠨ ᠬᠡᠷᠬᠢᠨ ᠬᠦᠴᠦᠨ ᠴᠢᠳᠠᠯ ᠢᠶᠠᠨ ᠡᠷᠭᠦᠬᠦ ᠪᠤᠢ⁈ ᠡᠨᠡ ᠪᠦᠬᠦᠨ ᠢ ᠭᠦᠨ ᠰᠡᠳᠬᠢᠭᠦᠰᠢᠳᠠᠢ ᠪᠠᠶᠢᠨ᠎ᠠ᠃                           ᠢᠷᠡᠯᠳᠡ᠄ ᠦᠪᠦᠷ ᠮᠣᠩᠭᠤᠯ ᠤᠨ ᠡᠳᠦᠷ ᠤᠨ ᠰᠣᠨᠢᠨ
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号