ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
ᠨᠡᠶᠢᠲᠡᠯᠡᠭᠰᠡᠨ ᠴᠠᠭ᠄
2020/10/5
ᠦᠬᠡᠷ ᠬᠤᠨᠢᠨ ᠤ ᠮᠢᠬᠠᠨ ᠤ ᠦᠨ᠎ᠡ ᠦᠷᠭᠦᠯᠵᠢᠯᠡᠨ 10 ᠵᠢᠯ ᠥᠰᠦᠨ᠎ᠡ ᠭᠡᠵᠤ ᠲᠤᠰᠬᠠᠢ ᠮᠡᠷᠭᠡᠵᠢᠯᠲᠡᠨ ᠲᠥᠰᠥᠭᠡᠯᠡᠵᠡᠢ       ᠬᠤᠲᠠ ᠪᠠᠯᠭᠠᠰᠤᠵᠢᠯᠠᠯᠳᠠ ᠦᠷᠭᠦᠯᠵᠢᠯᠡᠨ ᠠᠬᠢᠵᠤ ᠬᠤᠲᠠ ᠶᠢᠨ ᠰᠠᠭᠤᠭᠠᠯᠢ ᠠᠷᠠᠳ ᠤᠨ ᠬᠡᠷᠡᠭᠯᠡᠭᠡᠨ ᠤ ᠪᠦᠲᠦᠴᠡ ᠰᠢᠯᠢᠳᠡᠭᠵᠢᠭᠰᠡᠨ᠂ ᠭᠠᠭ᠋ᠠᠢ ᠶᠢᠨ ᠬᠢᠵᠢᠭ ᠠᠴᠠ ᠪᠣᠯᠵᠤ ᠭᠠᠭ᠋ᠠᠢ ᠶᠢᠨ ᠮᠢᠬᠠᠨ ᠤ ᠭᠠᠷᠤᠯᠲᠠ ᠪᠠᠭᠤᠷᠠᠭᠰᠠᠨ ᠵᠡᠷᠭᠡ ᠠᠴᠠ ᠪᠣᠯᠵᠤ᠂ ᠦᠬᠡᠷ ᠬᠤᠨᠢᠨ ᠤ ᠮᠢᠬᠠᠨ ᠤ ᠬᠡᠷᠡᠭᠯᠡᠭᠡ ᠨᠡᠮᠡᠭᠳᠡᠵᠦ ᠬᠠᠩᠰᠢ ᠨᠢ ᠥᠰᠦᠭᠰᠡᠨ ᠪᠥᠭᠡᠳ ᠬᠤᠶᠢᠰᠢᠳᠠ ᠶᠢᠨ ᠬᠡᠰᠡᠭ ᠬᠤᠭᠤᠴᠠᠭᠠᠨ ᠳᠤ ᠦᠷᠭᠦᠯᠵᠢᠯᠡᠨ ᠨᠡᠮᠡᠭᠳᠡᠬᠦ ᠪᠠᠶᠢᠳᠠᠯ ᠲᠠᠢ ᠪᠠᠶᠢᠨ᠎ᠠ᠃       2020 ᠣᠨ ᠤ ᠬᠥᠳᠡᠭᠡ ᠠᠵᠤ ᠠᠬᠤᠢ ᠶᠢᠨ ᠢᠷᠡᠭᠡᠳᠦᠢ ᠶᠢᠨ ᠪᠠᠶᠢᠳᠠᠯ ᠢ ᠲᠥᠰᠥᠭᠡᠯᠡᠬᠦ ᠶᠡᠭᠡ ᠬᠤᠷᠠᠯ ᠥᠨᠥᠬᠡᠨ ᠪᠡᠭᠡᠵᠢᠩ ᠳᠤ ᠪᠣᠯᠵᠤ᠂ ᠬᠤᠷᠠᠯ ᠳᠡᠭᠡᠷ᠎ᠡ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠰᠤᠳᠤᠯᠭᠠᠨ ᠤ ᠠᠬᠠᠯᠠᠭᠴᠢ ᠰᠢᠨᠵᠢᠯᠡᠭᠴᠢ ᠳ᠋ᠣᠺᠲ᠋ᠣᠷ ᠵᠦ ᠼᠦᠩ ᠬᠡᠯᠡᠬᠦ ᠳᠡᠭᠡᠨ᠄ 2019 ᠣᠨ ᠳᠤ ᠪᠦᠬᠦ ᠤᠯᠤᠰ ᠤᠨ ᠦᠬᠡᠷ ᠬᠤᠨᠢᠨ ᠤ ᠮᠢᠬᠠᠨ ᠤ ᠵᠠᠬ᠎ᠠ ᠳᠡᠯᠭᠡᠭᠦᠷ ᠬᠠᠷᠢᠴᠠᠩᠭᠤᠢ ᠲᠣᠭᠲᠠᠭᠤᠨ᠂ ᠳᠣᠲᠣᠭᠠᠳᠤ ᠶᠢᠨ ᠬᠡᠷᠡᠭᠯᠡᠭᠡᠨ ᠤ ᠬᠡᠮᠵᠢᠶ᠎ᠡ ᠪᠠ ᠭᠠᠳᠠᠭᠠᠳᠤ ᠠᠴᠠ ᠣᠷᠣᠭᠤᠯᠬᠤ ᠬᠡᠮᠵᠢᠶ᠎ᠡ ᠪᠦᠷ ᠨᠡᠮᠡᠭᠳᠡᠭᠰᠡᠨ᠂ ᠠᠷᠠᠯᠵᠢᠶᠠᠨ ᠤ ᠥᠭᠴᠡᠭᠡᠲᠦ ᠵᠥᠷᠢᠶ᠎ᠡ ᠪᠠ ᠦᠨ᠎ᠡ ᠬᠠᠩᠰᠢ ᠨᠡᠮᠡᠭᠳᠡᠭᠰᠡᠨ ᠵᠡᠷᠭᠡ ᠲᠣᠪᠤᠶᠢᠮ᠎ᠠ ᠣᠨᠴᠠᠯᠢᠭ ᠲᠠᠢ ᠪᠣᠯᠣᠭᠰᠠᠨ ᠪᠠᠶᠢᠨ᠎ᠠ ᠭᠡᠵᠡᠢ᠃       ᠳ᠋ᠣᠺᠲ᠋ᠣᠷ ᠵᠦ ᠼᠦᠩ 2020 ᠣᠨ ᠳᠤ ᠢᠯᠠᠩᠭᠤᠶ᠎ᠠ ᠬᠢᠵᠢᠭ ᠳᠠᠷᠤᠭᠳᠠᠭᠰᠠᠨ ᠤ ᠳᠠᠷᠠᠭ᠎ᠠ ᠦᠬᠡᠷ ᠬᠤᠨᠢᠨ ᠤ ᠮᠢᠬᠠᠨ ᠤ ᠭᠠᠷᠤᠯᠲᠠ ᠶᠢ ᠨᠡᠮᠡᠭᠳᠡᠭᠦᠯᠵᠦ᠂ ᠳᠤᠲᠠᠭᠳᠠᠵᠤ ᠪᠠᠶᠢᠭ᠎ᠠ ᠭᠠᠭ᠋ᠠᠢ ᠶᠢᠨ ᠮᠢᠬᠠᠨ ᠤ ᠣᠷᠣᠨ ᠵᠠᠢ ᠶᠢ ᠨᠥᠬᠦᠬᠦ ᠪᠣᠯᠣᠨ᠎ᠠ᠃ ᠲᠡᠷᠡ ᠮᠥᠷᠲᠡᠭᠡᠨ ᠪᠣᠬᠢᠷᠲᠤᠯ ᠦᠭᠡᠢ ᠤᠯᠠᠭᠠᠨ ᠢᠳᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ ᠬᠤᠶᠢᠰᠢᠳᠠ ᠶᠢᠨ ᠠᠷᠪᠠᠨ ᠵᠢᠯ ᠳᠤ ᠦᠬᠡᠷ ᠬᠤᠨᠢᠨ ᠤ ᠮᠢᠬᠠᠨ ᠤ ᠬᠡᠷᠡᠭᠯᠡᠭᠡ ᠲᠣᠭᠲᠠᠭᠤᠨ ᠢᠶᠠᠷ ᠨᠡᠮᠡᠭᠳᠡᠵᠦ᠂ ᠦᠨ᠎ᠡ ᠬᠠᠩᠰᠢ ᠨᠢ ᠴᠦ ᠲᠣᠭᠲᠠᠭᠤᠨ ᠢᠶᠠᠷ ᠨᠡᠮᠡᠭᠳᠡᠬᠦ ᠪᠣᠯᠣᠨ᠎ᠠ ᠭᠡᠵᠤ ᠵᠢᠱᠢᠭᠰᠡᠨ ᠪᠠᠶᠢᠨ᠎ᠠ᠃      ᠰᠤᠳᠤᠯᠭᠠᠨ ᠤ ᠪᠦᠷᠢᠳᠬᠡᠯ ᠠᠴᠠ ᠦᠵᠡᠪᠡᠯ᠄ 2019 ᠣᠨ ᠳᠤ ᠦᠬᠡᠷ ᠤᠨ ᠮᠢᠬᠠᠨ ᠤ ᠭᠠᠷᠤᠯᠲᠠ 667 ᠲᠦᠮᠡᠨ ᠲᠣᠨ ᠪᠣᠯᠵᠤ᠂ 2018 ᠣᠨ ᠤ ᠬᠢ ᠠᠴᠠ ᠵᠠᠭᠤᠨ ᠤ 3.6 ᠪᠠᠷ ᠨᠡᠮᠡᠭᠳᠡᠵᠡᠢ᠂ ᠡᠨᠡ ᠪᠣᠯ 2009 ᠣᠨ ᠠᠴᠠ ᠨᠠᠭᠠᠰᠢ ᠬᠠᠮᠤᠭ ᠤᠨ ᠶᠡᠭᠡ ᠨᠡᠮᠡᠭᠳᠡᠭᠰᠡᠨ ᠵᠢᠯ ᠪᠤᠯᠤᠨ᠎ᠠ᠃ ᠬᠤᠨᠢᠨ ᠤ ᠮᠢᠬᠠᠨ ᠤ ᠭᠠᠷᠤᠯᠲᠠ 488 ᠲᠦᠮᠡᠨ ᠲᠣᠨ ᠳᠤ ᠬᠦᠷᠴᠦ ᠵᠠᠭᠤᠨ ᠤ 2.7 ᠪᠠᠷ ᠨᠡᠮᠡᠭᠳᠡᠵᠦ᠂ ᠦᠨ᠎ᠡ ᠬᠠᠩᠰᠢ ᠨᠢ ᠬᠤᠶᠠᠷ ᠵᠢᠯ ᠵᠠᠯᠭ᠎ᠠ ᠪᠠᠷ ᠪᠠᠭᠤᠷᠠᠵᠤ ᠪᠠᠶᠢᠭᠰᠠᠨ ᠪᠠᠶᠢᠳᠠᠯ ᠢ ᠬᠤᠪᠢᠷᠠᠭᠤᠯᠵᠦ ᠴᠢᠳᠠᠭᠰᠠᠨ ᠪᠠᠶᠢᠨ᠎ᠠ᠂ ᠬᠠᠮᠤᠭ ᠤᠨ ᠭᠤᠣᠯ ᠨᠢ ᠦᠬᠡᠷ ᠬᠤᠨᠢᠨ ᠤ ᠮᠢᠬᠠᠨ ᠤ ᠬᠠᠩᠰᠢ ᠪᠦᠷ ᠵᠠᠭᠤᠨ ᠤ 10 ᠠᠴᠠ ᠳᠡᠭᠡᠭᠰᠢ ᠬᠡᠮᠵᠢᠶ᠎ᠡ ᠪᠠᠷ ᠥᠰᠦᠭᠰᠡᠨ ᠪᠠᠶᠢᠨ᠎ᠠ᠃      ᠣᠳᠣ ᠪᠦᠬᠦ ᠤᠯᠤᠰ ᠤᠨ 500 ᠰᠢᠶᠠᠨ ᠤ ᠵᠠᠬ᠎ᠠ ᠳᠡᠯᠭᠡᠭᠦᠷ ᠤᠨ ᠬᠠᠮᠤᠭ ᠤᠨ ᠰᠢᠨ᠎ᠡ ᠦᠨ᠎ᠡ ᠬᠠᠩᠰᠢ ᠶᠢᠨ ᠪᠦᠷᠢᠳᠬᠡᠯ ᠢ ᠬᠦᠷᠭᠡᠶ᠎ᠡ᠃ ᠦᠬᠡᠷ ᠤᠨ ᠮᠢᠬ᠎ᠠ ᠳᠤᠮᠳᠠᠴᠢ ᠪᠠᠷ ᠺᠢᠯᠣᠭ᠍ᠷᠠᠮ ᠪᠦᠷᠢ ᠳᠡᠭᠡᠨ 82.76 ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ 21 ᠪᠠᠷ ᠨᠡᠮᠡᠭᠳᠡᠵᠡᠢ᠂ ᠬᠤᠨᠢᠨ ᠤ ᠮᠢᠬ᠎ᠠ ᠺᠢᠯᠣᠭ᠍ᠷᠠᠮ ᠪᠦᠷᠢ ᠳᠡᠭᠡᠨ ᠳᠤᠮᠳᠠᠴᠢ ᠪᠠᠷ 79.23 ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ 16.1 ᠪᠠᠷ ᠨᠡᠮᠡᠭᠳᠡᠵᠡᠢ᠃ ᠠᠮᠢᠳᠤ ᠭᠠᠭ᠋ᠠᠢ ᠶᠢᠨ ᠳᠤᠮᠳᠠᠴᠢ ᠦᠨ᠎ᠡ ᠺᠢᠯᠣᠭ᠍ᠷᠠᠮ ᠪᠦᠷᠢ ᠳᠡᠭᠡᠨ 32.62 ᠲᠥᠭᠦᠷᠢᠭ ᠲᠤ ᠬᠦᠷᠴᠦ᠂ ᠭᠠᠭ᠋ᠠᠢ ᠶᠢᠨ ᠮᠢᠬ᠎ᠠ ᠳᠤᠮᠳᠠᠴᠢ ᠪᠠᠷ ᠺᠢᠯᠣᠭ᠍ᠷᠠᠮ ᠪᠦᠷᠢ ᠳᠡᠭᠡᠨ 51.08 ᠲᠥᠭᠦᠷᠢᠭ ᠲᠤ ᠬᠦᠷᠴᠦ ᠪᠠᠶᠢᠨ᠎ᠠ᠃                     ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号