ᠦᠬᠡᠷ ᠬᠤᠨᠢᠨ ᠤ ᠮᠢᠬᠠᠨ ᠤ ᠦᠨ᠎ᠡ ᠦᠷᠭᠦᠯᠵᠢᠯᠡᠨ 10 ᠵᠢᠯ ᠥᠰᠦᠨ᠎ᠡ ᠭᠡᠵᠤ ᠲᠤᠰᠬᠠᠢ ᠮᠡᠷᠭᠡᠵᠢᠯᠲᠡᠨ | ᠲᠥᠰᠥᠭᠡᠯᠡᠵᠡᠢ | ᠬᠤᠲᠠ ᠪᠠᠯᠭᠠᠰᠤᠵᠢᠯᠠᠯᠳᠠ ᠦᠷᠭᠦᠯᠵᠢᠯᠡᠨ ᠠᠬᠢᠵᠤ ᠬᠤᠲᠠ ᠶᠢᠨ ᠰᠠᠭᠤᠭᠠᠯᠢ ᠠᠷᠠᠳ ᠤᠨ ᠬᠡᠷᠡᠭᠯᠡᠭᠡᠨ ᠤ | ᠪᠦᠲᠦᠴᠡ ᠰᠢᠯᠢᠳᠡᠭᠵᠢᠭᠰᠡᠨ᠂ ᠭᠠᠭ᠋ᠠᠢ ᠶᠢᠨ ᠬᠢᠵᠢᠭ ᠠᠴᠠ ᠪᠣᠯᠵᠤ ᠭᠠᠭ᠋ᠠᠢ ᠶᠢᠨ ᠮᠢᠬᠠᠨ ᠤ ᠭᠠᠷᠤᠯᠲᠠ ᠪᠠᠭᠤᠷᠠᠭᠰᠠᠨ | ᠵᠡᠷᠭᠡ ᠠᠴᠠ ᠪᠣᠯᠵᠤ᠂ ᠦᠬᠡᠷ ᠬᠤᠨᠢᠨ ᠤ ᠮᠢᠬᠠᠨ ᠤ ᠬᠡᠷᠡᠭᠯᠡᠭᠡ ᠨᠡᠮᠡᠭᠳᠡᠵᠦ ᠬᠠᠩᠰᠢ ᠨᠢ ᠥᠰᠦᠭᠰᠡᠨ ᠪᠥᠭᠡᠳ | ᠬᠤᠶᠢᠰᠢᠳᠠ ᠶᠢᠨ ᠬᠡᠰᠡᠭ ᠬᠤᠭᠤᠴᠠᠭᠠᠨ ᠳᠤ ᠦᠷᠭᠦᠯᠵᠢᠯᠡᠨ ᠨᠡᠮᠡᠭᠳᠡᠬᠦ ᠪᠠᠶᠢᠳᠠᠯ ᠲᠠᠢ ᠪᠠᠶᠢᠨ᠎ᠠ᠃ | 2020 ᠣᠨ ᠤ ᠬᠥᠳᠡᠭᠡ ᠠᠵᠤ ᠠᠬᠤᠢ ᠶᠢᠨ ᠢᠷᠡᠭᠡᠳᠦᠢ ᠶᠢᠨ ᠪᠠᠶᠢᠳᠠᠯ ᠢ ᠲᠥᠰᠥᠭᠡᠯᠡᠬᠦ ᠶᠡᠭᠡ ᠬᠤᠷᠠᠯ | ᠥᠨᠥᠬᠡᠨ ᠪᠡᠭᠡᠵᠢᠩ ᠳᠤ ᠪᠣᠯᠵᠤ᠂ ᠬᠤᠷᠠᠯ ᠳᠡᠭᠡᠷ᠎ᠡ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ | ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠰᠤᠳᠤᠯᠭᠠᠨ ᠤ ᠠᠬᠠᠯᠠᠭᠴᠢ ᠰᠢᠨᠵᠢᠯᠡᠭᠴᠢ | ᠳ᠋ᠣᠺᠲ᠋ᠣᠷ ᠵᠦ ᠼᠦᠩ ᠬᠡᠯᠡᠬᠦ ᠳᠡᠭᠡᠨ᠄ 2019 ᠣᠨ ᠳᠤ ᠪᠦᠬᠦ ᠤᠯᠤᠰ ᠤᠨ ᠦᠬᠡᠷ ᠬᠤᠨᠢᠨ ᠤ ᠮᠢᠬᠠᠨ ᠤ ᠵᠠᠬ᠎ᠠ | ᠳᠡᠯᠭᠡᠭᠦᠷ ᠬᠠᠷᠢᠴᠠᠩᠭᠤᠢ ᠲᠣᠭᠲᠠᠭᠤᠨ᠂ ᠳᠣᠲᠣᠭᠠᠳᠤ ᠶᠢᠨ ᠬᠡᠷᠡᠭᠯᠡᠭᠡᠨ ᠤ ᠬᠡᠮᠵᠢᠶ᠎ᠡ ᠪᠠ ᠭᠠᠳᠠᠭᠠᠳᠤ ᠠᠴᠠ | ᠣᠷᠣᠭᠤᠯᠬᠤ ᠬᠡᠮᠵᠢᠶ᠎ᠡ ᠪᠦᠷ ᠨᠡᠮᠡᠭᠳᠡᠭᠰᠡᠨ᠂ ᠠᠷᠠᠯᠵᠢᠶᠠᠨ ᠤ ᠥᠭᠴᠡᠭᠡᠲᠦ ᠵᠥᠷᠢᠶ᠎ᠡ ᠪᠠ ᠦᠨ᠎ᠡ ᠬᠠᠩᠰᠢ ᠨᠡᠮᠡᠭᠳᠡᠭᠰᠡᠨ | ᠵᠡᠷᠭᠡ ᠲᠣᠪᠤᠶᠢᠮ᠎ᠠ ᠣᠨᠴᠠᠯᠢᠭ ᠲᠠᠢ ᠪᠣᠯᠣᠭᠰᠠᠨ ᠪᠠᠶᠢᠨ᠎ᠠ ᠭᠡᠵᠡᠢ᠃ | ᠳ᠋ᠣᠺᠲ᠋ᠣᠷ ᠵᠦ ᠼᠦᠩ 2020 ᠣᠨ ᠳᠤ ᠢᠯᠠᠩᠭᠤᠶ᠎ᠠ ᠬᠢᠵᠢᠭ ᠳᠠᠷᠤᠭᠳᠠᠭᠰᠠᠨ ᠤ ᠳᠠᠷᠠᠭ᠎ᠠ ᠦᠬᠡᠷ | ᠬᠤᠨᠢᠨ ᠤ ᠮᠢᠬᠠᠨ ᠤ ᠭᠠᠷᠤᠯᠲᠠ ᠶᠢ ᠨᠡᠮᠡᠭᠳᠡᠭᠦᠯᠵᠦ᠂ ᠳᠤᠲᠠᠭᠳᠠᠵᠤ ᠪᠠᠶᠢᠭ᠎ᠠ ᠭᠠᠭ᠋ᠠᠢ ᠶᠢᠨ ᠮᠢᠬᠠᠨ ᠤ ᠣᠷᠣᠨ ᠵᠠᠢ ᠶᠢ | ᠨᠥᠬᠦᠬᠦ ᠪᠣᠯᠣᠨ᠎ᠠ᠃ ᠲᠡᠷᠡ ᠮᠥᠷᠲᠡᠭᠡᠨ ᠪᠣᠬᠢᠷᠲᠤᠯ ᠦᠭᠡᠢ ᠤᠯᠠᠭᠠᠨ ᠢᠳᠡᠭᠡᠨ ᠤ ᠬᠡᠷᠡᠭᠴᠡᠭᠡ ᠱᠠᠭᠠᠷᠳᠠᠯᠭ᠎ᠠ ᠶᠢ | ᠬᠠᠩᠭᠠᠬᠤ ᠶᠢᠨ ᠲᠥᠯᠥᠭᠡ ᠬᠤᠶᠢᠰᠢᠳᠠ ᠶᠢᠨ ᠠᠷᠪᠠᠨ ᠵᠢᠯ ᠳᠤ ᠦᠬᠡᠷ ᠬᠤᠨᠢᠨ ᠤ ᠮᠢᠬᠠᠨ ᠤ ᠬᠡᠷᠡᠭᠯᠡᠭᠡ | ᠲᠣᠭᠲᠠᠭᠤᠨ ᠢᠶᠠᠷ ᠨᠡᠮᠡᠭᠳᠡᠵᠦ᠂ ᠦᠨ᠎ᠡ ᠬᠠᠩᠰᠢ ᠨᠢ ᠴᠦ ᠲᠣᠭᠲᠠᠭᠤᠨ ᠢᠶᠠᠷ ᠨᠡᠮᠡᠭᠳᠡᠬᠦ ᠪᠣᠯᠣᠨ᠎ᠠ ᠭᠡᠵᠤ ᠵᠢᠱᠢᠭᠰᠡᠨ | ᠪᠠᠶᠢᠨ᠎ᠠ᠃ | ᠰᠤᠳᠤᠯᠭᠠᠨ ᠤ ᠪᠦᠷᠢᠳᠬᠡᠯ ᠠᠴᠠ ᠦᠵᠡᠪᠡᠯ᠄ 2019 ᠣᠨ ᠳᠤ ᠦᠬᠡᠷ ᠤᠨ ᠮᠢᠬᠠᠨ ᠤ ᠭᠠᠷᠤᠯᠲᠠ 667 | ᠲᠦᠮᠡᠨ ᠲᠣᠨ ᠪᠣᠯᠵᠤ᠂ 2018 ᠣᠨ ᠤ ᠬᠢ ᠠᠴᠠ ᠵᠠᠭᠤᠨ ᠤ 3.6 ᠪᠠᠷ ᠨᠡᠮᠡᠭᠳᠡᠵᠡᠢ᠂ ᠡᠨᠡ ᠪᠣᠯ 2009 | ᠣᠨ ᠠᠴᠠ ᠨᠠᠭᠠᠰᠢ ᠬᠠᠮᠤᠭ ᠤᠨ ᠶᠡᠭᠡ ᠨᠡᠮᠡᠭᠳᠡᠭᠰᠡᠨ ᠵᠢᠯ ᠪᠤᠯᠤᠨ᠎ᠠ᠃ ᠬᠤᠨᠢᠨ ᠤ ᠮᠢᠬᠠᠨ ᠤ ᠭᠠᠷᠤᠯᠲᠠ 488 | ᠲᠦᠮᠡᠨ ᠲᠣᠨ ᠳᠤ ᠬᠦᠷᠴᠦ ᠵᠠᠭᠤᠨ ᠤ 2.7 ᠪᠠᠷ ᠨᠡᠮᠡᠭᠳᠡᠵᠦ᠂ ᠦᠨ᠎ᠡ ᠬᠠᠩᠰᠢ ᠨᠢ ᠬᠤᠶᠠᠷ ᠵᠢᠯ ᠵᠠᠯᠭ᠎ᠠ ᠪᠠᠷ | ᠪᠠᠭᠤᠷᠠᠵᠤ ᠪᠠᠶᠢᠭᠰᠠᠨ ᠪᠠᠶᠢᠳᠠᠯ ᠢ ᠬᠤᠪᠢᠷᠠᠭᠤᠯᠵᠦ ᠴᠢᠳᠠᠭᠰᠠᠨ ᠪᠠᠶᠢᠨ᠎ᠠ᠂ ᠬᠠᠮᠤᠭ ᠤᠨ ᠭᠤᠣᠯ ᠨᠢ ᠦᠬᠡᠷ ᠬᠤᠨᠢᠨ ᠤ | ᠮᠢᠬᠠᠨ ᠤ ᠬᠠᠩᠰᠢ ᠪᠦᠷ ᠵᠠᠭᠤᠨ ᠤ 10 ᠠᠴᠠ ᠳᠡᠭᠡᠭᠰᠢ ᠬᠡᠮᠵᠢᠶ᠎ᠡ ᠪᠠᠷ ᠥᠰᠦᠭᠰᠡᠨ ᠪᠠᠶᠢᠨ᠎ᠠ᠃ | ᠣᠳᠣ ᠪᠦᠬᠦ ᠤᠯᠤᠰ ᠤᠨ 500 ᠰᠢᠶᠠᠨ ᠤ ᠵᠠᠬ᠎ᠠ ᠳᠡᠯᠭᠡᠭᠦᠷ ᠤᠨ ᠬᠠᠮᠤᠭ ᠤᠨ ᠰᠢᠨ᠎ᠡ ᠦᠨ᠎ᠡ ᠬᠠᠩᠰᠢ ᠶᠢᠨ | ᠪᠦᠷᠢᠳᠬᠡᠯ ᠢ ᠬᠦᠷᠭᠡᠶ᠎ᠡ᠃ ᠦᠬᠡᠷ ᠤᠨ ᠮᠢᠬ᠎ᠠ ᠳᠤᠮᠳᠠᠴᠢ ᠪᠠᠷ ᠺᠢᠯᠣᠭ᠍ᠷᠠᠮ ᠪᠦᠷᠢ ᠳᠡᠭᠡᠨ 82.76 ᠲᠥᠭᠦᠷᠢᠭ ᠲᠤ | ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ 21 ᠪᠠᠷ ᠨᠡᠮᠡᠭᠳᠡᠵᠡᠢ᠂ ᠬᠤᠨᠢᠨ ᠤ ᠮᠢᠬ᠎ᠠ | ᠺᠢᠯᠣᠭ᠍ᠷᠠᠮ ᠪᠦᠷᠢ ᠳᠡᠭᠡᠨ ᠳᠤᠮᠳᠠᠴᠢ ᠪᠠᠷ 79.23 ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ ᠵᠠᠭᠤᠨ ᠤ 16.1 ᠪᠠᠷ ᠨᠡᠮᠡᠭᠳᠡᠵᠡᠢ᠃ ᠠᠮᠢᠳᠤ ᠭᠠᠭ᠋ᠠᠢ ᠶᠢᠨ ᠳᠤᠮᠳᠠᠴᠢ ᠦᠨ᠎ᠡ | ᠺᠢᠯᠣᠭ᠍ᠷᠠᠮ ᠪᠦᠷᠢ ᠳᠡᠭᠡᠨ 32.62 ᠲᠥᠭᠦᠷᠢᠭ ᠲᠤ ᠬᠦᠷᠴᠦ᠂ ᠭᠠᠭ᠋ᠠᠢ ᠶᠢᠨ ᠮᠢᠬ᠎ᠠ ᠳᠤᠮᠳᠠᠴᠢ ᠪᠠᠷ ᠺᠢᠯᠣᠭ᠍ᠷᠠᠮ | ᠪᠦᠷᠢ ᠳᠡᠭᠡᠨ 51.08 ᠲᠥᠭᠦᠷᠢᠭ ᠲᠤ ᠬᠦᠷᠴᠦ ᠪᠠᠶᠢᠨ᠎ᠠ᠃ | | | ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ |