ᠢᠳᠡᠭᠡᠨ ᠤᠮᠳᠠᠭᠠᠨ ᠢᠶᠠᠨ ᠵᠤᠬᠢᠰᠳᠡᠢ ᠡᠳ᠋ᠯᠡᠬᠦ ᠶᠢᠨ ᠤᠴᠢᠷ
ᠨᠡᠶᠢᠲᠡᠯᠡᠭᠰᠡᠨ ᠴᠠᠭ᠄
2020/11/16
       ᠤᠳᠠᠭ᠎ᠠ ᠪᠦᠷᠢ ᠶᠢᠨ ᠬᠤᠭᠤᠯᠠ ᠤᠮᠳᠠ ᠪᠠᠨ ᠳᠤᠯᠤᠭᠠᠨ ᠬᠤᠪᠢ ᠴᠠᠳᠳᠠᠯ᠎ᠠ ᠢᠳᠡᠪᠡᠰᠤ ᠡᠷᠡᠬᠦᠯ ᠡᠩᠭᠡ ᠡᠨᠡ ᠪᠡᠶ᠎ᠠ ᠶᠢ ᠡᠵᠡᠮᠳᠡᠨ᠎ᠠ ᠭᠡᠵᠤ ᠤᠯᠠᠨ ᠬᠦᠮᠦᠰ ᠤᠨ ᠳᠤᠮᠳᠠ ᠶᠠᠷᠢᠬᠳᠠᠳᠠᠬ᠃ ᠳᠡᠬᠡᠪᠡᠯ ᠡᠨᠡ ᠨᠢ ᠤᠷᠳᠤ ᠬᠤᠭᠤᠴᠠᠭ᠎ᠠ ᠪᠠᠷ ᠬᠡᠳᠤᠷᠬᠡᠢ ᠴᠠᠳᠳᠠᠯ ᠎ᠠ ᠢᠳᠡᠬᠦ ᠨᠢ ᠬᠦᠮᠤᠰ ᠤᠨ ᠡᠷᠡᠬᠦᠯ ᠮᠡᠨᠳᠤ ᠳᠤ ᠨᠦᠯᠦᠬᠡ ᠤᠴᠠᠷᠠᠭᠤᠯᠤᠨ᠎ᠠ ᠭᠡᠰᠡᠨ ᠦᠬᠡ ᠪᠤᠯᠤᠨ᠎ᠠ᠃ ᠳᠡᠭᠡᠪᠡᠯ ᠪᠢᠳᠡ ᠡᠬᠦᠨ ᠢ ᠳᠠᠭᠠᠯᠳᠤᠭᠤᠯᠤᠨ ᠪᠠᠰᠠ ᠨᠢᠭᠡ ᠵᠦᠢᠯ ᠢ ᠠᠩᠬᠠᠷᠬᠤ ᠴᠢᠬᠤᠯᠠᠳᠡᠢ ᠤᠴᠢᠷ ᠪᠤᠯ ᠳᠠᠷᠤᠢ ᠢᠳᠡᠭᠡᠨ ᠤᠮᠳᠠᠭᠠᠨ ᠢᠶᠠᠨ ᠬᠡᠮᠵᠢᠶ᠎ᠠ ᠲᠠᠢ ᠡᠳ᠋ᠯᠡᠵᠤ ᠬᠡᠷᠡᠭᠯᠡᠬᠦ ᠠᠴᠠ ᠭᠠᠳᠠᠨ᠎ᠠ ᠪᠠᠰᠠ ᠵᠤᠬᠢᠰᠳᠡᠢ ᠪᠠᠷ ᠰᠢᠮ᠎ᠠ ᠳᠡᠵᠢᠬᠡᠯ ᠢ ᠨᠢ ᠵᠤᠬᠢᠴᠠᠭᠤᠯᠵᠤ ᠡᠳ᠋ᠯᠡᠪᠡᠯ ᠬᠦᠮᠦᠨ ᠪᠦᠬᠦᠨ ᠤ ᠡᠷᠡᠬᠦᠯ ᠮᠡᠨᠳᠤ ᠳᠤ ᠨᠡᠩ ᠠᠰᠢᠬᠳᠡᠢ ᠪᠠᠶᠢᠬᠤ ᠪᠤᠯᠤᠮᠵᠢ ᠲᠠᠢ᠃        ᠢᠳᠡᠬᠡᠨ ᠤᠮᠳᠠᠭᠠᠨ ᠤ ᠰᠤᠶᠤᠯ ᠠᠴᠠ ᠠᠵᠢᠬᠯᠠᠪᠠᠯ᠂ ᠪᠢᠳᠡᠨ ᠤ ᠡᠳᠤᠷ ᠳᠤᠳᠤᠮ ᠤᠨ ᠡᠳ᠋ᠯᠡᠵᠤ ᠪᠠᠶᠢᠭ᠎ᠠ ᠢᠳᠡᠭᠡᠨ ᠤᠮᠳᠠᠭᠠᠨ ᠤ ᠰᠢᠮ᠎ᠠ ᠳᠡᠵᠢᠬᠡᠯ ᠤᠨ ᠪᠦᠷᠢᠯᠳᠤᠬᠦᠨ᠂ ᠬᠡᠮᠵᠢᠶ ᠎ᠠ ᠪᠦᠷ ᠠᠳᠠᠯᠢ ᠪᠤᠰᠤ ᠪᠠᠶᠢᠳᠠᠬ᠃ ᠬᠦᠮᠦᠨ ᠤ ᠪᠡᠶ᠎ᠠ ᠳᠤ ᠬᠡᠷᠡᠭᠰᠡᠬᠦ ᠰᠢᠮ᠎ᠠ ᠳᠡᠵᠢᠬᠡᠯ ᠤᠨ ᠬᠡᠷᠡᠭᠴᠡᠭᠡ ᠴᠤ ᠪᠤᠳᠠᠭᠠᠯᠢ ᠪᠡᠶ᠎ᠠ ᠶᠢᠨ ᠤᠨᠴᠠᠯᠢᠬ ᠰᠢᠨᠵᠢ ᠠᠴᠠ ᠪᠤᠯᠵᠤ ᠠᠳᠠᠯᠢ ᠪᠤᠰᠤ ᠪᠠᠶᠢᠳᠠᠬ ᠪᠤᠯᠬᠤᠷ ᠪᠢᠳᠡ ᠡᠳᠤᠷ ᠳᠤᠳᠤᠮ ᠤᠨ ᠢᠳᠡᠭᠡᠨ ᠤᠮᠳᠠᠭᠠᠨ ᠢᠶᠠᠨ ᠵᠤᠬᠢᠰᠳᠡᠢ ᠳᠤᠬᠢᠷᠠᠭᠤᠯᠪᠠᠯ ᠰᠠᠶ᠋ᠢ ᠡᠮ ᠤᠤᠭᠤᠵᠤ ᠳᠡᠩᠴᠡᠬᠦᠯᠦᠭᠰᠡᠨ ᠠᠴᠠ ᠨᠡᠩ ᠠᠮᠤᠷ ᠲᠦᠪᠰᠢᠨ ᠪᠠᠶᠢᠬᠤ ᠨᠢ ᠳᠠᠮᠵᠢᠬ ᠦᠬᠡᠢ ᠃ ᠪᠢᠳᠡᠨ ᠤ ᠤᠷᠴᠢᠨ ᠳᠠᠬᠢ ᠤᠯᠠᠩᠭᠢ ᠬᠦᠮᠦᠰ ᠦᠪᠡᠷ ᠤᠨ ᠳᠤᠷᠠᠳᠡᠢ ᠢᠳᠡᠭᠡᠨ ᠢᠶᠠᠨ ᠤᠯᠠᠨ ᠢᠳᠡᠬᠦ᠂ ᠡᠰᠡᠭᠦᠯ᠎ᠠ ᠢᠳᠡᠵᠤ ᠳᠠᠳᠤᠬᠰᠠᠨ ᠬᠤᠭᠤᠯᠠ ᠤᠮᠳᠠ ᠪᠠᠨ ᠤᠯᠠᠨ ᠢᠳᠡᠵᠤ ᠪᠤᠰᠤᠳ ᠢᠳᠡᠭᠡᠨ ᠤᠮᠳᠠᠭᠠᠨ ᠢ ᠤᠮᠳᠤᠭᠠᠢᠢᠯᠠᠬᠤ ᠳᠡᠷᠡᠴᠢᠯᠡᠨ ᠨᠢᠬᠡ ᠴᠤ ᠢᠳᠡᠬᠦ ᠦᠬᠡᠢ ᠪᠠᠶᠢᠬᠤ ᠦᠵᠡᠭᠳᠡᠯ ᠤᠷᠤᠰᠢᠳᠠᠬ᠃ ᠦᠨᠡᠨᠳᠡᠬᠡᠨ ᠢᠳᠡᠭᠡᠨ ᠤᠮᠳᠠᠭᠠᠨ ᠢ ᠠᠯᠢ ᠵᠦᠢᠯ ᠢ ᠨᠢ ᠴᠤ ᠭᠡᠰᠡᠨ ᠪᠠᠭ᠎ᠠ ᠬᠡᠮᠵᠢᠶ᠎ᠠ ᠪᠠᠷ ᠡᠳ᠋ᠯᠡᠪᠡᠯ ᠰᠢᠮ᠎ᠠ ᠳᠡᠵᠢᠬᠡᠯ ᠬᠡᠮ ᠬᠤᠷᠤᠭ᠎ᠠ ᠪᠠᠨ ᠠᠯᠳᠠᠬᠤ ᠦᠬᠡᠢ ᠪᠠᠶᠢᠵᠤ ᠪᠡᠶ᠎ᠠ ᠶᠢᠨ ᠡᠷᠡᠬᠦᠯ ᠴᠢᠬᠢᠷᠠᠭ ᠢᠶᠠᠨ ᠪᠠᠳᠤᠯᠠᠵᠤ ᠴᠢᠳᠠᠳᠠᠬ᠃ ᠵᠢᠱᠢᠶᠡᠯᠡᠬᠦ ᠳᠤ ᠮᠠᠨ ᠤ ᠬᠦᠳᠡᠭᠡ ᠳᠤ ᠪᠤᠯ ᠦᠷᠬᠦᠯᠵᠢ ᠶᠢᠨ ᠴᠢᠨᠠᠷᠳᠡᠢ ᠬᠤᠨᠢ ᠦᠬᠡᠷ ᠤᠨ ᠮᠢᠬ᠎ᠠ ᠪᠠᠷ ᠭᠤᠤᠯᠳᠠᠭᠤᠯᠤᠬᠰᠠᠨ ᠭᠤᠯᠢᠷ ᠬᠤᠭᠤᠯᠠ᠂ ᠰᠦ ᠲᠠᠢ ᠴᠠᠢ ᠂ ᠴᠠᠭᠠᠨ ᠢᠳᠡᠭᠡ ᠭᠡᠵᠤ ᠡᠳᠤᠷ ᠳᠤᠳᠤᠮ ᠳᠤ ᠪᠠᠨ ᠡᠳ᠋ᠯᠡᠳᠡᠭ᠂ ᠶᠠᠷᠢᠶᠠᠨ ᠦᠬᠡᠢ ᠡᠳᠡᠬᠡᠷ ᠨᠢ ᠪᠦᠷ ᠯᠡ ᠰᠢᠮ᠎ᠠ ᠳᠡᠵᠢᠬᠡᠯ ᠰᠠᠶᠢᠳᠡᠢ ᠬᠦᠮᠤᠰ ᠤᠨ ᠪᠡᠶᠡᠨ ᠳᠤ ᠳᠤᠳᠠᠬᠳᠠᠵᠤ ᠦᠯᠦ ᠪᠤᠯᠬᠤ ᠢᠳᠡᠭᠡᠨ ᠤᠮᠳᠠᠭᠠᠨ ᠪᠤᠯᠤᠨ᠎ᠠ᠃ ᠭᠡᠪᠡᠴᠤ ᠡᠳᠤᠷᠵᠢᠨ ᠡᠨᠡ ᠬᠡᠳᠤᠬᠡᠨ ᠵᠦᠢᠯ ᠢᠶᠠᠷ ᠯᠡ ᠬᠤᠭᠤᠯᠠᠯᠠᠵᠤ ᠪᠠᠶᠢᠪᠠᠯ ᠪᠤᠰᠤᠳ ᠵᠦᠢᠯ ᠤᠨ ᠢᠳᠡᠭᠡᠨ ᠤᠮᠳᠠᠭᠠᠨ ᠳᠤ ᠪᠠᠶᠢᠬᠤ ᠰᠢᠮ᠎ᠠ ᠳᠡᠵᠢᠬᠡᠯ ᠢ ᠨᠦᠬᠦᠪᠦᠷᠢᠯᠡᠵᠤ ᠳᠡᠶᠢᠯᠬᠦ ᠦᠬᠡᠢ ᠪᠤᠯᠵᠤ᠂ ᠬᠡᠳᠤ ᠮᠠᠷᠢᠶᠠᠯᠠᠬᠤ᠂ ᠡᠰᠡᠪᠡᠯ ᠬᠡᠳᠤ ᠳᠤᠷᠠᠬᠤ ᠪᠠᠶᠢᠳᠠᠯ ᠢᠯᠡᠷᠡᠬᠦ ᠨᠡᠩ ᠴᠢᠨᠠᠬᠰᠢᠯᠠᠪᠠᠯ ᠨᠢᠬᠡ ᠯᠡ ᠲᠦᠷᠦᠯ ᠤᠨ ᠰᠢᠮ᠎ᠠ ᠳᠡᠵᠢᠬᠡᠯ ᠶᠡᠬᠡᠤᠨᠴᠤ ᠪᠡᠶ᠎ᠠ ᠶᠢᠨ ᠡᠷᠡᠬᠦᠯ ᠴᠢᠬᠢᠷᠠᠬ ᠲᠤ ᠠᠰᠢᠬ ᠦᠬᠡᠢ ᠪᠠᠶᠢᠳᠠᠯ ᠢᠯᠡᠷᠡᠬᠦ ᠪᠤᠯᠤᠯᠴᠠᠭ᠎ᠠ ᠲᠠᠢ᠃ ᠶᠡᠷᠤ ᠨᠢ ᠢᠳᠡᠭᠡᠨ ᠤᠮᠳᠠᠭᠠᠨ ᠤ ᠰᠤᠳᠤᠯᠭᠠᠳᠠᠳ ᠠᠴᠠ ᠬᠡᠯᠡᠭᠰᠡᠨ ᠢᠶᠠᠷ ᠬᠦᠮᠦᠰ ᠤᠨ ᠬᠡᠳᠤ ᠮᠠᠷᠢᠶᠠᠯᠠᠬᠤ ᠡᠰᠡᠪᠡᠯ ᠳᠤᠷᠠᠬᠤ ᠨᠢ ᠬᠦᠮᠦᠰ ᠤᠨ ᠪᠡᠶ ᠎ᠠ ᠶᠢᠨ ᠬᠦᠳᠡᠯᠬᠡᠬᠡᠨ ᠤ ᠬᠡᠮᠵᠢᠶ᠎ᠠ ᠲᠠᠢ ᠬᠤᠯᠪᠤᠭ᠎ᠠ ᠲᠠᠢ ᠪᠠᠷ ᠪᠠᠷᠠᠬᠤ ᠦᠬᠡᠢ ᠪᠠᠰᠠ ᠪᠡᠶᠡᠨ ᠳᠠᠬᠢ ᠰᠢᠮ ᠎ᠠ ᠳᠡᠵᠢᠬᠡᠯ ᠳᠡᠩᠴᠡᠬᠦᠷᠢ ᠪᠠᠨ ᠠᠯᠳᠠᠬᠰᠠᠨ ᠠᠴᠠ ᠪᠤᠯᠤᠬᠰᠠᠨ ᠭᠡᠵᠤ ᠦᠵᠡᠳᠡᠭ᠃ ᠡᠶᠢᠮᠤ ᠠᠴᠠ ᠬᠤᠭᠤᠯᠠ ᠤᠮᠳᠠᠭᠠᠨ ᠤ ᠪᠠᠨ ᠲᠦᠷᠦᠯ ᠵᠦᠢᠯ ᠢ ᠤᠯᠠᠨ ᠪᠤᠯᠭᠠᠪᠠᠯ ᠪᠢᠳᠡᠨ ᠤ ᠪᠡᠶ᠎ᠠ ᠮᠠᠬᠠᠪᠤᠳ ᠤᠨ ᠡᠷᠡᠬᠦᠯ ᠴᠢᠬᠢᠷᠠᠬ ᠲᠤ ᠨᠡᠩ ᠠᠰᠢᠬᠳᠡᠢ ᠪᠤᠯᠬᠤ ᠪᠤᠯᠪᠠᠤ⁈ ᠶᠠᠷᠢᠶᠠᠨ ᠦᠬᠡᠢ ᠪᠢᠳᠡ ᠪᠠᠰᠠ ᠤᠯᠠᠷᠢᠯ᠂ ᠠᠭᠤᠷ ᠠᠮᠢᠰᠬᠤᠯ᠂ ᠴᠠᠬ ᠲᠤ ᠪᠠᠨ ᠵᠤᠬᠢᠴᠠᠭᠤᠯᠵᠤ ᠢᠳᠡᠬᠡᠨ ᠤᠮᠳᠠᠭᠠᠨ ᠢᠶᠠᠨ ᠳᠤᠬᠢᠷᠠᠭᠤᠯᠬᠤ ᠴᠢᠬᠤᠯᠠᠳᠡᠢ᠃ ᠳᠠᠷᠤᠢ᠂ ᠦᠷᠯᠦᠬᠡ ᠰᠢᠮ ᠎ᠠ ᠳᠡᠵᠢᠬᠡᠯ ᠪᠦᠷᠢᠨ ᠴᠠᠳᠳᠠᠯ᠎ᠠ ᠢᠳᠡᠵᠤ᠂ ᠦᠳᠡ ᠳᠤ ᠮᠢᠬ᠎ᠠ ᠳᠤᠰᠤ ᠲᠠᠢ ᠬᠤᠭᠤᠯᠠᠯᠠᠵᠤ᠂ ᠤᠷᠤᠢ ᠰᠢᠩᠭᠡᠨ ᠵᠦᠬᠡᠯᠡᠨ ᠢᠶᠠᠷ ᠬᠤᠭᠤᠯᠠᠯᠠᠬᠤ ᠬᠡᠬᠦ ᠮᠡᠳᠤ ᠪᠠᠷ ᠨᠢᠯᠬᠠᠰ᠂ ᠵᠠᠯᠠᠭᠤᠰ᠂ ᠨᠠᠰᠤᠳᠠᠨ᠂ ᠳᠡᠷᠡᠴᠢᠯᠡᠨ ᠠᠵᠢᠯ ᠤᠨ ᠬᠦᠨᠳᠤᠴᠡ᠂ ᠬᠡᠯᠪᠡᠷᠢ ᠪᠠᠨ ᠦᠨᠳᠤᠰᠤᠯᠡᠵᠤ ᠪᠦᠷ ᠯᠡ ᠳᠤᠬᠢᠷᠠᠭᠤᠯᠵᠤ ᠪᠤᠯᠤᠨ᠎ᠠ᠃ ᠠᠵᠢᠯ ᠬᠦᠨᠳᠤᠴᠡ ᠲᠠᠢ ᠦᠶ᠎ᠠ ᠳᠤ ᠢᠯᠡᠬᠦᠤ ᠰᠢᠮ ᠎ᠠ ᠳᠡᠵᠢᠬᠡᠯᠳᠤ ᠢᠳᠡᠬᠡᠨ ᠢ ᠢᠳᠡᠵᠤ᠂ ᠦᠷᠬᠦᠯᠵᠢ ᠠᠯᠪᠠᠨ ᠰᠢᠷᠡᠬᠡᠨ ᠳᠤ ᠰᠠᠭᠤᠳᠠᠬ ᠪᠤᠯ ᠬᠤᠳᠤᠭᠤᠳᠤ ᠬᠡᠳᠡᠰᠤᠨ ᠳᠤ ᠵᠦᠬᠡᠯᠡᠨ ᠢᠳᠡᠭᠡᠨ ᠡᠳ᠋ᠯᠡᠬᠦ ᠬᠡᠬᠦ ᠮᠡᠳᠤ ᠪᠠᠷ ᠪᠢᠳᠡ ᠦᠪᠡᠷ ᠤᠨ ᠪᠡᠶ᠎ᠠ ᠶᠢᠨ ᠪᠠᠶᠢᠳᠠᠯ ᠢᠶᠠᠨ ᠦᠨᠳᠤᠰᠤᠯᠡᠵᠤ ᠰᠠᠶᠢᠬᠠᠨ ᠵᠤᠬᠢᠴᠠᠭᠤᠯᠪᠠᠯ ᠪᠡᠶ᠎ᠠ ᠮᠠᠬᠠᠪᠤᠳ ᠤᠨ ᠭᠤᠸ᠎ᠠ ᠰᠠᠶᠢᠬᠠᠨ ᠢᠶᠠᠨ ᠪᠠᠳᠤᠯᠠᠵᠤ ᠴᠢᠳᠠᠬᠤ ᠪᠠᠷ ᠪᠠᠷᠠᠬᠤ ᠦᠬᠡᠢ ᠪᠠᠰᠠ ᠡᠷᠡᠬᠦᠯ ᠮᠡᠨᠳᠤ ᠪᠠᠨ ᠪᠠᠳᠤᠯᠠᠵᠤ ᠪᠤᠯᠬᠤ ᠪᠤᠯᠪᠠᠤ ᠬᠡᠵᠤ ᠪᠤᠳᠤᠵᠤ ᠪᠠᠶᠢᠨ᠎ᠠ᠃      ᠡᠶᠢᠮᠤ ᠠᠴᠠ ᠬᠦᠮᠦᠰ ᠡ᠂ ᠪᠢᠳᠡ ᠪᠦᠬᠦᠳᠡᠭᠡᠷ ᠢᠳᠡᠭᠡᠨ ᠤᠮᠳᠠᠭᠠᠨ ᠢᠶᠠᠨ ᠰᠢᠨᠵᠢᠯᠡᠬᠦ ᠤᠬᠠᠭᠠᠨᠴᠢ ᠪᠠᠷ ᠵᠦᠢ ᠵᠤᠬᠢᠰᠳᠡᠢ ᠪᠠᠷ ᠡᠳ᠋ᠯᠡᠵᠤ ᠪᠡᠶ᠎ᠠ ᠮᠠᠬᠠᠪᠤᠳ ᠤᠨ ᠡᠷᠡᠬᠦᠯ ᠴᠢᠬᠢᠷᠠᠬ ᠢᠶᠠᠨ ᠠᠩᠬᠠᠷᠤᠶ᠎ᠠ︕                             ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号