︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ 2020 ᠣᠨ ᠤ ᠦᠶᠡᠷ ᠤᠨ ᠬᠤᠭᠤᠴᠠᠭᠠᠨ ᠤ ᠭᠠᠮᠰᠢᠭ  ᠢ ᠰᠡᠷᠭᠡᠶᠢᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ᠳᠤ ᠲᠠᠶᠢᠯᠤᠮᠵᠢ ᠬᠢᠪᠠ
ᠨᠡᠶᠢᠲᠡᠯᠡᠭᠰᠡᠨ ᠴᠠᠭ᠄
2020/12/11
ᠨᠢᠭᠡ᠂ ᠪᠢᠴᠢᠭ ᠮᠠᠲ᠋ᠧᠷᠢᠶᠠᠯ ᠨᠡᠶᠢᠲᠡᠯᠡᠭᠰᠡᠨ ᠠᠬᠤᠶ ᠪᠠᠶᠢᠳᠠᠯ     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠤᠨᠢ ᠠᠭᠤᠯᠠ ᠶᠢᠨ ᠠᠭᠤᠯᠠᠷᠬᠠᠭ ᠭᠠᠵᠠᠷ ᠤᠨ ᠳᠤᠮᠳᠠ ᠪᠠᠷᠠᠭᠤᠨ ᠬᠡᠰᠡᠭ ᠤᠨ ᠠᠮᠠᠷᠬᠠᠨ ᠭᠠᠮᠰᠢᠭ ᠡᠭᠦᠰᠬᠦ ᠣᠷᠣᠨ ᠤ 1᠄ 5 ᠲᠦᠮᠡᠨ ᠭᠠᠵᠠᠷ ᠤᠨ ᠭᠠᠮᠰᠢᠭ ᠤᠨ ᠪᠠᠶᠢᠴᠠᠭᠠᠯᠲᠠ ︵ᠬᠢᠨᠠᠨ  ᠪᠠᠶᠢᠴᠠᠭᠠᠬᠤ︶ ᠪᠠᠷ ᠳᠠᠮᠵᠢᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠯᠢ ᠳᠣᠲᠣᠷ᠎ᠠ ᠨᠡᠶᠢᠲᠡ 41 ᠭᠠᠮᠰᠢᠭ ᠤᠨ ᠴᠡᠭ ᠪᠠᠶᠢᠵᠤ᠂ ᠬᠤᠤᠷ ᠬᠥᠨᠥᠭᠡᠯ ᠤᠨ ᠬᠡᠮᠵᠢᠶ᠎ᠡ ᠪᠠᠷ ᠨᠡᠯᠢᠶᠡᠳ ᠶᠡᠭᠡ ᠣᠯᠠᠭᠠᠨᠬᠠᠶᠠᠭ᠎ᠠ ᠰᠤᠮᠤᠨ ᠤ ᠳ᠋ᠠ ᠨᠠᠨ ᠭᠸᠦ ᠲᠣᠰᠬᠤᠨ ᠤ ᠪᠸᠢ ᠭᠸᠦ ︵CYZ14︶ ᠶᠢ ᠭᠠᠵᠠᠷ ᠰᠢᠨᠵᠢᠯᠡᠭᠡᠨ ᠤ ᠴᠢᠬᠤᠯᠠ ᠭᠠᠮᠰᠢᠭ ᠤᠨ ᠴᠡᠭ ᠪᠣᠯᠭᠠᠨ ᠲᠣᠭᠲᠠᠭᠠᠪᠠ᠃ ᠭᠠᠮᠰᠢᠭ ᠤᠨ ᠲᠥᠷᠥᠯ ᠵᠦᠢᠯ  ᠭᠤᠤᠯᠳᠠᠭᠤ 17 ᠨᠤᠷᠬᠠᠰᠨ ᠭᠠᠵᠠᠷ᠂ 19 ᠰᠢᠪᠠᠷ ᠴᠢᠯᠠᠭᠤᠨ ᠤᠷᠤᠰᠬᠠᠯ ᠲᠠᠢ ᠭᠠᠵᠠᠷ ᠪᠤᠢ᠃ ᠭᠠᠵᠠᠷ ᠤᠨ ᠨᠢᠭᠤᠷ ᠨᠢ 5 ᠭᠠᠵᠠᠷ ᠴᠥᠮᠥᠷᠡᠵᠦ᠂ ᠳᠤᠮᠳᠠ ᠬᠡᠯᠪᠡᠷᠢ ᠶᠢᠨ ᠳᠠᠯᠳᠠ ᠭᠡᠮ ᠤᠨ ᠴᠡᠭ 4 ᠪᠠᠶᠢᠵᠤ᠂  ᠪᠤᠰᠤᠤᠨ ᠨᠢ ᠴᠥᠮ ᠵᠢᠵᠢᠭ ᠬᠡᠯᠪᠡᠷᠢ ᠶᠢᠨ ᠳᠠᠯᠳᠠ ᠭᠡᠮ ᠤᠨ ᠴᠡᠭ ᠪᠣᠯᠤᠨ᠎ᠠ᠃ᠬᠤᠶᠠᠷ᠂ ᠪᠢᠴᠢᠭ ᠮᠠᠲ᠋ᠧᠷᠢᠶᠠᠯ ᠨᠡᠶᠢᠲᠡᠯᠡᠬᠦ ᠵᠣᠷᠢᠯᠭ᠎ᠠ     2020 ᠣᠨ  ᠤ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ ᠂ ᠭᠠᠵᠠᠷ ᠤᠨ ᠭᠠᠮᠰᠢᠭ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠪᠤᠶᠤ ᠵᠠᠶᠢᠯᠠᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨ᠎ᠠ᠃ ︽ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 394 ᠳ᠋ᠦᠭᠡᠷ ᠲᠣᠭᠠᠲᠤ︶ ᠤᠨ ᠲᠣᠭᠲᠠᠭᠠᠯ ᠢ ᠦᠨᠳᠦᠰᠦᠯᠡᠪᠡᠯ᠂ ᠮᠠᠨ ᠤ ᠬᠤᠰᠢᠭᠤᠨ ᠤ ᠪᠣᠳᠠᠲᠤ ᠪᠠᠢᠳᠠᠯ ᠲᠠᠢ ᠤᠶᠠᠯᠳᠤᠭᠤᠯᠤᠨ᠂ ᠣᠨᠴᠠᠭᠠᠶᠢᠯᠠᠨ ᠲᠣᠰ ᠲᠥᠰᠦᠯ ᠢ ᠲᠣᠭᠲᠠᠭᠠᠪᠠ᠃ᠭᠤᠷᠪᠠ᠂ ᠠᠵᠢᠯ ᠤᠨ ᠡᠭᠦᠷᠭᠡ      ᠨᠢᠭᠡ ᠳᠤ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠨᠢ ᠭᠠᠵᠠᠷ ᠤᠨ ᠭᠠᠮᠰᠢᠭ ᠤᠨ ᠡᠭᠦᠰᠣᠯᠲᠠ ᠲᠠᠷᠬᠠᠯᠲᠠ ᠶᠢᠨ ᠣᠳᠣᠬᠢ ᠪᠠᠶᠢᠳᠠᠯ ᠵᠢᠴᠢ ᠬᠤᠷ᠎ᠠ ᠲᠣᠨᠣᠳᠠᠰᠤ᠂ ᠦᠶᠡᠷ᠂ ᠭᠠᠵᠠᠷ ᠬᠥᠳᠡᠯᠦᠯᠲᠡ ᠵᠡᠷᠭᠡ ᠬᠠᠨᠳᠤᠰᠢ ᠶᠢ ᠦᠨᠳᠦᠰᠦᠯᠡᠨ ᠤᠷᠢᠳᠴᠢᠯᠠᠨ  ᠮᠡᠳᠡᠭᠡᠯᠡᠵᠦ᠂ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠰᠦᠯ ᠢ ᠨᠠᠶᠢᠷᠠᠭᠤᠯᠤᠨ ᠵᠣᠬᠢᠶᠠᠨ᠎ᠠ᠃      ᠬᠤᠶᠠᠷ ᠲᠤ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠭᠠᠵᠠᠷ ᠤᠨ ᠭᠠᠮᠰᠢᠭ ᠢ ᠬᠢᠨᠠᠨ ᠬᠡᠮᠵᠢᠬᠦ ᠠᠵᠢᠯ ᠢ  ᠴᠢᠩᠭᠠᠳᠬᠠᠨ᠎ᠠ᠃1᠂ ᠪᠦᠬᠦ ᠤᠯᠤᠰ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠨ ᠬᠡᠮᠵᠢᠭᠰᠡᠨ ᠴᠠᠭ ᠬᠤᠭᠤᠴᠠᠭ᠎ᠠ    ᠮᠠᠨ ᠤ ᠬᠤᠰᠢᠭᠤᠨ ᠤ ᠭᠠᠵᠠᠷ ᠰᠢᠨᠵᠢᠯᠡᠭᠡᠨ ᠤ ᠭᠠᠶ ᠭᠠᠮᠰᠢᠭ ᠢ ᠭᠤᠤᠯᠳᠠᠯᠭ᠎ᠠ ᠲᠠᠢ ᠰᠡᠷᠭᠡᠶᠢᠯᠡᠬᠦ ᠬᠤᠭᠤᠴᠠᠭ᠎ᠠ ᠨᠢ ᠵᠢᠯ ᠪᠦᠷᠢ ᠶᠢᠨ 5 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ ᠪᠣᠯᠲᠠᠯ᠎ᠠ ᠪᠣᠯᠤᠨ᠎ᠠ᠃ ᠦᠶᠡᠷᠯᠡᠬᠦ ᠬᠤᠭᠤᠴᠠᠭ᠎ᠠ ᠨᠢ ᠵᠢᠯ ᠪᠦᠷᠢ ᠶᠢᠨ 6 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ ︵ ᠢᠯᠠᠩᠭᠤᠶ᠎ᠠ 7 ᠰᠠᠷ᠎ᠠ ᠶᠢᠨ ᠰᠢᠨᠡᠳ ᠠᠴᠠ 9 ᠰᠠᠷ᠎ᠠ ᠶᠢᠨ ᠰᠡᠭᠦᠯᠴᠢ ᠪᠣᠯᠲᠠᠯ᠎ᠠ︶ ᠪᠣᠷᠣᠭᠠᠨ ᠬᠠᠷᠢᠴᠠᠩᠭᠤᠶ ᠪᠠᠷ ᠲᠦᠪᠯᠡᠷᠡᠵᠦ᠂ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠪᠣᠯᠤᠨ᠎ᠠ᠃2᠂ ᠬᠢᠨᠠᠨ ᠬᠡᠮᠵᠢᠬᠦ  ᠠᠷᠭ᠎ᠠ ᠬᠡᠮᠵᠢᠶ᠎ᠡ    ᠭᠤᠣᠯᠳᠠᠭᠤ ᠨᠠᠯᠠᠤ ᠭᠠᠵᠠᠷ ᠤᠨ ᠠᠩ ᠴᠠᠪᠠ ᠶᠢᠨ ᠥᠷᠭᠡᠴᠡ᠂ ᠤᠷᠲᠤ ᠶᠢᠨ ᠬᠤᠪᠢᠷᠠᠯᠲᠠ ᠵᠢᠴᠢ ᠠᠩ ᠴᠠᠪᠠ ᠶᠢᠨ  ᠬᠠᠷᠢᠴᠠᠩᠭᠤᠢ ᠰᠢᠯᠵᠢᠯᠲᠡ ᠶᠢ ᠬᠢᠨᠠᠨ ᠬᠡᠮᠵᠢᠳᠡᠭ  ᠃ ᠪᠣᠷᠣᠭᠠᠨ ᠤ ᠬᠡᠮᠵᠢᠶ᠎ᠡ᠂ ᠦᠶᠡᠷ ᠤᠨ ᠤᠷᠤᠰᠬᠠᠯ ᠤᠨ ᠬᠡᠮᠵᠢᠶ᠎ᠡ ᠪᠣᠯᠤᠨ ᠡᠯᠡᠰᠦᠨ ᠤ ᠠᠭᠤᠯᠤᠭᠳᠠᠴᠠ ᠶᠢᠨ ᠶᠡᠭᠡ  ᠪᠠᠭ᠎ᠠ  ᠵᠢᠴᠢ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠲᠠᠯᠠᠪᠠᠢ ᠶᠢ ᠥᠷᠭᠡᠳᠬᠡᠬᠦ ᠬᠡᠷᠡᠭᠲᠡᠶ᠃3᠂ ᠬᠢᠨᠠᠨ ᠬᠡᠮᠵᠢᠬᠦ ᠠᠷᠭ᠎ᠠ    ᠬᠠᠷᠠᠭᠠᠨ ᠬᠡᠮᠵᠢᠯᠲᠡ ᠪᠣᠯᠤᠨ ᠬᠡᠮᠵᠢᠯᠲᠡ ᠪᠠᠷ ᠳᠠᠮᠵᠢᠨ ᠭᠠᠵᠠᠷ ᠤᠨ ᠭᠠᠳᠠᠷᠭᠤ ᠶᠢᠨ ᠠᠩ ᠴᠠᠪᠠ᠂ ᠭᠠᠵᠠᠷ ᠤᠨ ᠭᠠᠳᠠᠷᠭᠤ ᠶᠢᠨ ᠲᠤᠨᠤᠯᠲᠠ ᠶᠢᠨ ᠪᠠᠶᠢᠳᠠᠯ ᠳᠤ ᠬᠢᠨᠠᠨ ᠬᠡᠮᠵᠢᠯᠲᠡ ᠬᠢᠵᠦ᠂ ᠠᠭᠤᠯᠠᠨ ᠦᠶᠡᠷ ᠢᠷᠡᠬᠦ ᠦᠶ᠎ᠡ  ᠳᠤ ᠨᠢᠳᠦ ᠪᠠᠷ ᠬᠡᠮᠵᠢᠬᠦ ᠵᠡᠷᠭᠡ ᠪᠠᠷ ᠳᠠᠮᠵᠢᠨ ᠤᠰᠤᠨ ᠲᠦᠪᠰᠢᠨ ᠢ ᠪᠠᠶᠢᠴᠠᠭᠠᠨ ᠦᠵᠡᠵᠦ᠂ ᠰᠢᠪᠠᠷ ᠴᠢᠯᠠᠭᠤᠨ ᠤ ᠤᠷᠤᠰᠬᠠᠯ ᠤᠨ ᠬᠦᠨᠳᠦ ᠬᠦᠩᠭᠡᠨ ᠢ ᠮᠠᠭᠠᠳᠯᠠᠬᠤ ᠳᠤ ᠭᠤᠣᠯ ᠠᠩ ᠴᠠᠪᠠ ᠰᠤᠨᠵᠢᠷᠠᠭᠰᠠᠨ  ᠴᠢᠭᠯᠡᠯ᠊ ᠤᠨ ᠬᠤᠶᠠᠷ ᠦᠵᠦᠭᠦᠷ ᠪᠠ ᠳᠤᠮᠳᠠ ᠬᠡᠰᠡᠭ ᠲᠤ ᠲᠤᠰ ᠪᠦᠷᠢ ᠨᠢᠭᠡ ᠬᠢᠨᠠᠨ ᠬᠡᠮᠵᠢᠬᠦ ᠴᠡᠭ ᠭᠠᠷᠭᠠᠨ᠎ᠠ᠃ ᠬᠢᠨᠠᠨ ᠬᠡᠮᠵᠢᠬᠦ ᠴᠡᠭ ᠪᠦᠷᠢ 2 ᠬᠥᠮᠦᠨ᠂ ᠠᠩ ᠴᠠᠪᠠ ᠶᠢᠨ ᠬᠤᠶᠠᠷ ᠲᠠᠯ᠎ᠠ  ᠲᠤᠠᠠᠳᠠᠮᠠᠯ ᠬᠤᠪᠢᠶᠠᠷᠢᠲᠤ ᠱᠤᠭᠤᠮ ︵ ᠱᠦᠢᠨᠢ ᠶᠢᠨ ᠪᠠᠭᠠᠨ᠎ᠠ︶ ᠢ ᠠᠰᠢᠭᠯᠠᠨ᠂ ᠲᠣᠭᠲᠠᠭᠰᠠᠨ ᠬᠤᠭᠤᠴᠠᠭ᠎ᠠ ᠲᠠᠢ ᠪᠠᠷ ᠱᠤᠭᠤᠮ ᠪᠦᠷᠢ ᠶᠢᠨ ᠬᠤᠭᠤᠷᠣᠨᠳᠣᠬᠢ ᠵᠠᠶ ᠶᠢ ᠬᠡᠮᠵᠢᠨ᠎ᠡ᠃ ᠠᠩᠬ᠎ᠠ ᠤᠳᠠᠭ᠎ᠠ ᠬᠡᠮᠵᠢᠨ ᠣᠯᠤᠭᠰᠠᠨ ᠲᠤᠭ᠎ᠠ ᠪᠠᠷᠢᠮᠲᠠ ᠪᠠᠷ ᠰᠠᠭᠤᠷᠢ ᠲᠤᠭ᠎ᠠ ᠪᠣᠯᠭᠠᠵᠤ᠂ ᠰᠡᠭᠦᠯᠡᠷ ᠨᠢ ᠠᠩ  ᠴᠠᠪᠠ ᠶᠢᠨ ᠬᠥᠭᠵᠢᠯᠲᠡ ᠬᠤᠪᠢᠷᠠᠯᠲᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠠᠵᠢᠭᠯᠠᠨ ᠲᠡᠮᠳᠡᠭᠯᠡᠨ᠎ᠡ᠃4᠂ ᠬᠢᠨᠠᠨ ᠬᠡᠮᠵᠢᠬᠦ ᠴᠠᠭ ᠬᠤᠭᠤᠴᠠᠭ᠎ᠠ    ᠶᠡᠷᠦ ᠳᠡᠭᠡᠨ ᠰᠠᠷ᠎ᠠ ᠪᠦᠷᠢ ᠨᠢᠭᠡ ᠤᠳᠠᠭ᠎ᠠ᠂ ᠦᠶᠡᠷ ᠤᠨ ᠬᠤᠭᠤᠴᠠᠭ᠎ᠠ ᠨᠢ 5 ᠡᠳᠦᠷ ᠲᠤ ᠨᠢᠭᠡ ᠤᠳᠠᠭ᠎ᠠ ᠪᠠᠶᠢᠳᠠᠭ᠂ ᠪᠣᠷᠣᠭᠠᠨ ᠣᠷᠣᠪᠠᠯ ᠬᠢᠨᠠᠨ ᠬᠡᠮᠵᠢᠬᠦ ᠳᠠᠪᠲᠠᠮᠵᠢ ᠶᠢ ᠨᠡᠮᠡᠭᠳᠡᠭᠦᠯᠵᠦ᠂ ᠡᠳᠦᠷ ᠪᠦᠷᠢ ᠠᠳᠠᠭ ᠲᠠᠭᠠᠨ ᠭᠤᠷᠪᠠ  ᠤᠳᠠᠭ᠎ᠠ ᠠᠴᠠ ᠳᠡᠭᠡᠭᠰᠢ ᠪᠠᠶᠢᠯᠭᠠᠬᠤ ᠬᠡᠷᠡᠭᠲᠡᠶ᠃      ᠭᠤᠷᠪᠠ ᠳᠤ ᠳᠠᠯᠳᠠ ᠭᠡᠮ ᠲᠠᠢ ᠣᠷᠣᠨ ᠪᠦᠰᠡ ᠶᠢ ᠭᠤᠤᠯᠳᠠᠯᠭ᠎ᠠ ᠲᠠᠢ ᠰᠡᠷᠭᠡᠶᠢᠯᠡᠨ ᠵᠠᠰᠠᠬᠤ ᠬᠡᠷᠡᠭᠲᠡᠶ᠃      ᠳᠦᠷᠪᠠ ᠳᠤ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠰᠢᠰᠲ᠋ᠧᠮᠵᠢ ᠶᠢ ᠪᠠᠶᠢᠭᠤᠯᠤᠨ  ᠪᠦᠷᠢᠨᠰᠢᠭᠦᠯᠬᠦ ᠬᠡᠷᠡᠭᠲᠡᠶ᠃ ᠪᠦᠬᠦ ᠬᠤᠰᠢᠭᠤᠨ ᠤ ᠭᠠᠵᠠᠷ ᠰᠢᠨᠵᠢᠯᠡᠭᠡᠨ ᠤ ᠭᠠᠮᠰᠢᠭ ᠤᠨ ᠴᠡᠭ ᠣᠯᠠᠨ᠂ ᠬᠡᠪᠴᠢᠶ᠎ᠡ ᠥᠷᠭᠡᠨ ᠪᠣᠳᠠᠲᠤ  ᠪᠠᠶᠢᠳᠠᠯ ᠳᠤ ᠴᠢᠭᠯᠡᠭᠦᠯᠦᠨ᠂ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠯᠠᠨ ᠢᠶᠠᠷ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠵᠠᠷᠴᠢᠮ ᠢ ᠪᠠᠷᠢᠮᠲᠠᠯᠠᠵᠤ᠂ ᠭᠠᠮᠰᠢᠭ ᠤᠨ ᠪᠠᠶᠢᠳᠠᠯ ᠢ  ᠬᠢᠨᠠᠨ ᠬᠡᠮᠵᠢᠵᠦ ᠰᠡᠷᠡᠮᠵᠢᠯᠡᠭᠦᠯᠬᠦ ᠲᠣᠤᠷ ᠰᠦᠯᠵᠢᠶᠡᠨ ᠤ ᠲᠣᠭᠲᠠᠴᠠ ᠶᠢ ᠲᠦᠷᠭᠡᠳᠬᠡᠨ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠵᠤ᠂ ᠴᠢᠮᠡᠭᠡ ᠨᠡᠪᠲᠡᠷᠡᠯᠭᠡ ᠶᠢᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ᠃      ᠲᠠᠪᠤ ᠳᠤ ᠠᠪᠤᠷᠠᠨ ᠲᠤᠰᠠᠯᠠᠬᠤ ᠵᠢᠯᠣᠭᠤᠳᠬᠤ ᠭᠠᠵᠠᠷ ᠢ ᠪᠠᠶᠢᠭᠤᠯᠤᠨ᠎ᠠ᠃ ᠣᠨᠴᠠ ᠶᠡᠭᠡ ᠭᠠᠵᠠᠷ ᠤᠨ ᠭᠠᠮᠰᠢᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠯᠣᠭᠤᠳᠬᠤ ᠭᠠᠵᠠᠷ ︵ᠳᠣᠷᠣᠭᠰᠢ ᠠᠪᠤᠷᠠᠨ ᠲᠤᠰᠠᠯᠠᠬᠤ ᠵᠢᠯᠣᠭᠤᠳᠬᠤ ᠭᠠᠵᠠᠷ ᠭᠡᠵᠦ ᠲᠣᠪᠴᠢᠯᠠᠨ᠎ᠠ︶ ᠢ ᠪᠠᠶᠢᠭᠤᠯᠵᠤ᠂ ᠪᠦᠬᠦ ᠬᠤᠰᠢᠭᠤᠨ ᠤ ᠬᠡᠪᠴᠢᠶᠡᠨ ᠳᠠᠬᠢ ᠣᠨᠴᠠ ᠶᠡᠭᠡ ᠭᠠᠵᠠᠷ ᠤᠨ ᠭᠠᠮᠰᠢᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠨᠢᠭᠡᠳᠦᠯᠲᠡᠶ ᠵᠣᠬᠢᠴᠠᠭᠤᠯᠤᠨ ᠵᠢᠯᠣᠭᠤᠳᠤᠨ᠎ᠠ  ᠃ᠳᠥᠷᠪᠡ᠂ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠭᠤᠣᠯ ᠠᠷᠭ᠎ᠠ ᠬᠡᠮᠵᠢᠶ᠎ᠡ      ᠨᠢᠭᠡ  ᠂ ᠠᠭᠤᠯᠠ ᠶᠡᠭᠦᠷᠡᠬᠦ ᠶᠢ ᠰᠡᠷᠭᠡᠶᠢᠯᠡᠨ ᠵᠠᠰᠠᠬᠤ᠃ ᠬᠡᠪᠴᠢᠶ᠎ᠡ ᠪᠠᠷ ᠨᠡᠯᠢᠶᠡᠳ ᠶᠡᠭᠡ ᠶᠡᠭᠦᠷᠡᠬᠦ ᠭᠠᠶ ᠭᠠᠮᠰᠢᠭ ᠤᠨ ᠳᠠᠯᠳᠠ ᠬᠡᠮ ᠠᠴᠠ ᠵᠠᠶᠢᠯᠠᠬᠤ ᠪᠠᠷ ᠭᠤᠤᠯ ᠪᠤᠯᠭᠠᠵᠦ᠂ ᠣᠨᠳᠣᠤ ᠭᠠᠵᠠᠷ ᠲᠤ ᠨᠡᠭᠦᠯᠭᠡᠬᠦ ᠶᠢ ᠬᠡᠷᠡᠭᠵᠢᠭᠦᠯᠬᠦ ᠬᠡᠷᠡᠭᠲᠡᠶ᠃ ᠬᠡᠪᠴᠢᠶ᠎ᠡ ᠨᠢ ᠨᠡᠯᠢᠶᠡᠳ ᠪᠠᠭ᠎ᠠ ᠪᠠ ᠰᠦᠷᠳᠡᠭᠦᠯᠦᠯ ᠳᠤ ᠤᠴᠠᠷᠠᠭᠰᠠᠨ ᠲᠣᠰᠬᠤᠨ ᠤ ᠠᠷᠠᠳ ᠲᠦᠷ ᠴᠠᠭ ᠨᠡᠭᠦᠬᠦ ᠶᠢᠨ ᠠᠷᠭ᠎ᠠ ᠦᠭᠡᠢ ᠪᠣᠯᠵᠤ ᠶᠡᠭᠦᠷᠡᠭᠰᠡᠨ ᠭᠠᠮᠰᠢᠭ ᠤᠨ ᠳᠠᠯᠳᠠ ᠭᠡᠮ ᠢ ᠨᠠᠯᠠᠤ  ᠭᠠᠵᠠᠷ ᠤᠨ ᠠᠩ ᠵᠠᠪᠰᠠᠷ ᠢ ᠴᠠᠭ ᠲᠤᠬᠠᠢ ᠳᠤᠨᠢ ᠪᠤᠯᠠᠵᠤ ᠳᠠᠭᠰᠢᠷᠠᠭᠤᠯᠬᠤ ᠬᠡᠷᠡᠭᠲᠡᠢ᠃ ᠠᠯᠢ ᠴᠢᠳᠠᠬᠤ ᠪᠠᠷ ᠪᠣᠷᠣᠭᠠᠨ ᠣᠷᠣᠬᠤ ᠨᠠᠯᠠᠤ ᠭᠠᠵᠠᠷ ᠤᠨ ᠠᠩ ᠵᠠᠪᠰᠠᠷ ᠢ  ᠪᠠᠭᠠᠰᠬᠠᠵᠦ᠂ ᠭᠡᠪᠡᠴᠦ ᠨᠢᠭᠡ ᠪᠠᠭ᠎ᠠ ᠬᠡᠰᠡᠭ ᠠᠩ ᠵᠠᠪᠰᠠᠷ ᠦᠯᠡᠳᠡᠭᠡᠵᠦ ᠠᠵᠢᠭᠯᠠᠨ ᠬᠡᠮᠵᠢᠨ᠎ᠡ᠃ ᠦᠶᠡᠷ ᠤᠨ ᠬᠤᠭᠤᠴᠠᠭᠠᠨ ᠳᠤ ᠨᠠᠯᠠᠤ  ᠭᠠᠵᠠᠷ ᠤᠨ ᠳᠡᠭᠡᠷ᠎ᠡ ᠲᠠᠯ᠎ᠠ ᠶᠢᠨ ᠲᠣᠬᠢᠷᠠᠮᠵᠢᠲᠠᠶ ᠪᠠᠶᠢᠷᠢᠨ ᠳᠤ ᠤᠰᠤᠨ ᠬᠤᠪᠢᠶᠠᠷᠢ ᠰᠤᠪᠠᠭ ᠮᠠᠯᠲᠠᠬᠤ ᠪᠤᠶᠤ ᠤᠰᠤᠨ ᠬᠠᠰᠢᠯᠭ᠎ᠠ ᠬᠠᠰᠢᠬᠤ ᠬᠡᠷᠡᠭᠲᠡᠶ᠃ ᠨᠠᠯᠠᠤ  ᠭᠠᠵᠠᠷ ᠤᠨ ᠠᠩ ᠵᠠᠪᠰᠠᠷ ᠲᠤ ᠤᠷᠤᠭᠰᠠᠨ ᠪᠣᠷᠣᠭᠠᠨ ᠤ ᠤᠰᠤ ᠶᠢ ᠪᠠᠭᠠᠰᠬᠠᠬᠤ ᠶᠢᠨ ᠬᠠᠮᠲᠤ ᠤᠰᠤᠨ ᠬᠠᠰᠢᠯᠭ᠎ᠠ ᠳᠣᠳᠣᠷᠠᠬᠢ ᠤᠰᠤ ᠶᠢ ᠴᠠᠭ ᠲᠤᠬᠠᠶ ᠳᠤᠨᠢ ᠭᠠᠳᠠᠭᠰᠢᠯᠠᠭᠤᠯᠤᠨ᠎ᠠ᠃ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠬᠢᠨᠠᠨ ᠬᠡᠮᠵᠢᠬᠦ ᠮᠠᠲ᠋ᠧᠷᠢᠶᠠᠯ ᠤᠨ ᠵᠢᠱᠢᠯᠲᠡ ᠶᠢᠨ ᠬᠤᠪᠢᠷᠠᠯᠲᠠ ᠶᠢ ᠦᠨᠳᠦᠰᠦᠯᠡᠨ᠂  ᠶᠡᠭᠦᠷᠡᠬᠦ ᠭᠠᠮᠰᠢᠭ ᠠᠴᠠ ᠵᠠᠶᠢᠯᠠᠵᠦ  ᠳᠢᠢᠯᠭᠦ ᠦᠭᠡᠢ ᠦᠶ᠎ᠡ ᠳᠤ᠂ ᠪᠠᠴᠢᠮ ᠵᠠᠶᠢᠯᠠᠭᠤᠯᠬᠤ ᠠᠷᠭ᠎ᠠ ᠬᠡᠮᠵᠢᠶ᠎ᠡ ᠠᠪᠴᠤ᠂ ᠠᠶᠤᠯᠲᠠᠶ ᠣᠷᠣᠨ ᠤ ᠳᠣᠲᠣᠷᠠᠬᠢ ᠤᠯᠠᠨ ᠲᠦᠮᠡᠨ ᠢ ᠳᠠᠷᠤᠶ ᠲᠦᠷᠭᠡᠨ ᠵᠣᠬᠢᠶᠠᠨ  ᠪᠠᠶᠢᠭᠤᠯᠵᠦ ᠨᠡᠭᠦᠯᠭᠡᠨ ᠵᠠᠶᠢᠯᠠᠭᠤᠯᠬᠤ ᠬᠡᠷᠡᠭᠲᠡᠶ᠃      ᠬᠤᠶᠠᠷ ᠂ ᠠᠭᠤᠷᠬᠠᠶ ᠶᠢᠨ ᠣᠷᠣᠨ ᠨᠤᠷᠠᠬᠤ᠂ ᠴᠥᠮᠥᠷᠡᠬᠦ᠂ ᠰᠢᠪᠠᠷ ᠴᠢᠯᠠᠭᠤᠨ ᠤ ᠤᠷᠤᠰᠬᠠᠯ ᠢ ᠰᠡᠷᠭᠡᠶᠢᠯᠡᠨ  ᠵᠠᠰᠠᠬᠤ ᠬᠡᠷᠡᠭᠲᠡᠶ᠃ ᠮᠠᠨ ᠤ ᠬᠤᠰᠢᠭᠤᠨ ᠤ ᠬᠢᠯᠢ ᠳᠣᠲᠣᠷᠠᠬᠢ ᠥᠪᠥᠷ ᠮᠣᠩᠭᠤᠯ ᠤᠨ ᠶᠢᠨ ᠱᠢ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠢᠦ ᠯᠧᠦ ᠭᠸᠦ ᠶᠢᠨ ᠠᠯᠲᠠᠨ ᠤ ᠠᠭᠤᠷᠬᠠᠶ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠸᠠᠨ  ᠨᠧᠩ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠢᠦ ᠴᠢᠩ ᠭᠧᠦ  ᠠᠯᠲᠠᠨ ᠤ ᠠᠭᠤᠷᠬᠠᠶ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠩ ᠳ᠋ᠠ ᠠᠭᠤᠷᠬᠠᠶ ᠶᠢᠨ  ᠦᠢᠯᠡᠰ ᠤᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢᠨ ᠳ᠋ᠢ ᠭᠸᠤ ᠠᠯᠲᠠᠨ ᠤ ᠠᠭᠤᠷᠬᠠᠶ᠂ ᠵᠧᠩ ᠨᠠᠨ ᠹᠠᠩ ᠲᠡᠮᠦᠷᠯᠢᠭ ᠤᠨ ᠠᠭᠤᠷᠬᠠᠶ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠥᠩ ᠨᠠᠨ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠣᠯᠣᠳᠤᠭᠠᠷ ᠳᠠᠪᠬᠤᠷ ᠠᠭᠤᠯᠠ ᠶᠢᠨ ᠴᠣᠬᠤᠢ ᠶᠢᠨ ᠠᠭᠤᠷᠬᠠᠶ᠂ ᠵᠢᠤᠢ ᠯᠦᠩ ᠠᠭᠤᠷᠬᠠᠶ ᠶᠢᠨ  ᠦᠢᠯᠡᠰ ᠤᠨ ᠤᠯᠠᠭᠠᠨ ᠰᠤᠮᠤ ᠶᠢᠨ ᠲᠡᠮᠦᠷ ᠤᠨ ᠠᠭᠤᠷᠬᠠᠶ᠂ ᠶᠤᠸᠠᠨ ᠯᠢ ᠠᠭᠤᠷᠬᠠᠶ ᠶᠢᠨ  ᠦᠢᠯᠡᠰ ᠤᠨ ᠳ᠋ᠡ ᠪᠸᠢ ᠭᠸᠦ ᠪᠠᠶ ᠶᠦᠨ ᠶᠠᠨ ᠠᠭᠤᠷᠬᠠᠶ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠭᠤᠷᠬᠠᠶ ᠶᠢᠨ  ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠭᠠᠵᠠᠷ ᠰᠢᠨᠵᠢᠯᠡᠭᠡᠨ ᠤ ᠳᠠᠯᠳᠠ ᠭᠠᠮᠰᠢᠭ ᠣᠷᠣᠰᠢᠵᠤ᠂ ᠡᠨᠡ ᠬᠦ ᠬᠡᠯᠪᠡᠷᠢ ᠨᠢ ᠰᠢᠪᠠᠷ ᠴᠢᠯᠠᠭᠤᠨ ᠤᠷᠤᠰᠬᠠᠯ᠂ ᠨᠤᠷᠠᠯᠲᠠ᠂ ᠴᠥᠮᠥᠷᠡᠯ ᠪᠣᠯᠤᠨ᠎ᠠ᠃ ᠡᠯ᠎ᠡ ᠵᠦᠢᠯ ᠤᠨ ᠭᠠᠮᠰᠢᠭ ᠡᠭᠦᠰᠬᠦ ᠶᠢ ᠰᠡᠷᠭᠡᠶᠢᠯᠡᠵᠦ᠂ ᠡᠯ᠎ᠡ ᠠᠭᠤᠷᠬᠠᠶ ᠶᠢᠨ ᠬᠠᠤᠯᠢ ᠶᠢᠨ ᠡᠷᠬᠡᠲᠡᠨ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠵᠠᠷᠤᠳᠠᠯ ᠢ ᠠᠭᠤᠷᠬᠠᠶ ᠶᠢᠨ  ᠦᠢᠯᠡᠳᠪᠦᠷᠢᠯᠡᠯ ᠤᠨ ᠲᠥᠰᠦᠪ ᠲᠡᠭᠡᠨ ᠣᠷᠣᠭᠤᠯᠵᠤ᠂ ᠪᠠᠶᠢᠩᠭᠤ ᠶᠢᠨ ᠴᠢᠨᠠᠷᠲᠠᠶ ᠡᠯ᠎ᠡ ᠳᠠᠯᠳᠠ ᠭᠡᠮ ᠢ ᠪᠠᠶᠢᠴᠠᠭᠠᠨ ᠰᠢᠯᠭᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠰᠢᠢᠳᠪᠦᠷᠢᠯᠡᠵᠦ᠂ ︽ᠬᠡᠨ ᠡᠪᠳᠡᠪᠡᠯ ᠬᠡᠨ ᠠᠰᠢᠭ ᠬᠦᠷᠲᠡᠪᠡᠯ ᠲᠡᠷᠡ ᠵᠠᠰᠠᠬᠤ︾ ᠵᠠᠷᠴᠢᠮ ᠢ ᠢᠮᠠᠭᠲᠠ ᠪᠠᠷᠢᠮᠲᠠᠯᠠᠵᠤ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ  ᠢ ᠬᠤᠭᠤᠴᠠᠭ᠎ᠠ ᠬᠤᠪᠢᠶᠠᠨ ᠵᠠᠰᠠᠬᠤ ᠲᠥᠰᠦᠯ ᠤᠨ ᠶᠣᠰᠣᠭᠠᠷ ᠵᠠᠰᠠᠯᠲᠠ ᠬᠢᠨ᠎ᠡ᠃ ᠭᠠᠵᠠᠷ ᠤᠨ ᠭᠠᠮᠰᠢᠭ ᠤᠨ ᠳᠠᠯᠳᠠ ᠭᠡᠮ ᠢ ᠠᠷᠢᠯᠭᠠᠵᠤ᠂ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠡᠶᠢᠯᠡᠬᠦ ᠶᠢ ᠲᠦᠷᠭᠡᠳᠬᠡᠨ᠎ᠡ᠃ ᠭᠤᠷᠪᠠ ᠂ ᠰᠡᠷᠭᠡᠶᠢᠯᠡᠨ ᠵᠠᠰᠠᠬᠤ ᠠᠵᠢᠯ ᠢ ᠢᠳᠡᠪᠬᠢᠲᠡᠶ ᠥᠷᠨᠢᠭᠦᠯᠪᠡ᠃ ᠭᠠᠵᠠᠷ ᠰᠢᠨᠵᠢᠯᠡᠭᠡᠨ ᠤ ᠭᠠᠮᠰᠢᠭ ᠠᠮᠠᠷᠬᠠᠨ ᠡᠭᠦᠰᠳᠡᠭ ᠣᠷᠣᠨ ᠤ ᠣᠯᠠᠨ ᠲᠦᠮᠡᠨ ᠢ ᠨᠡᠭᠦᠯᠭᠡᠬᠦ ᠠᠵᠢᠯ ᠢ ᠠᠮᠢ ᠠᠬᠤᠢ ᠶᠢᠨ ᠠᠷᠠᠳ ᠢ ᠨᠡᠭᠦᠯᠭᠡᠬᠦ ᠲᠥᠯᠥᠪᠵᠢᠭᠦᠯᠭᠡ ᠳᠤ ᠣᠷᠣᠭᠤᠯᠵᠤ᠂ ᠪᠦᠬᠦ ᠬᠤᠰᠢᠭᠤᠨ ᠤ ᠣᠨᠳᠣᠤ ᠭᠠᠵᠠᠷ ᠲᠤ ᠠᠷᠠᠳ ᠢ ᠨᠡᠭᠦᠯᠭᠡᠬᠦ ᠪᠦᠬᠦᠯᠢ ᠴᠣᠭᠴᠠ ᠶᠢᠨ ᠲᠥᠯᠥᠪᠵᠢᠭᠦᠯᠭᠡ ᠶᠢ  ᠦᠨᠳᠣᠰᠣᠯᠠᠵᠦ᠂ ᠭᠠᠵᠠᠷ ᠤᠨ ᠭᠠᠮᠰᠢᠭ ᠠᠮᠠᠷᠬᠠᠨ ᠡᠭᠦᠰᠳᠡᠭ ᠣᠷᠣᠨ ᠤ ᠲᠣᠰᠬᠤᠨ ᠤ ᠠᠷᠠᠳ ᠢ ᠨᠡᠭᠦᠯᠭᠡᠬᠦ ᠠᠵᠢᠯ ᠢ ᠰᠠᠶᠢᠳᠣᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳᠥᠷᠪᠡ᠂ ᠬᠦᠮᠣᠨ ᠤ ᠰᠢᠯᠳᠠᠭᠠᠨ ᠠᠴᠠ ᠪᠤᠯᠵᠦ  ᠭᠠᠮᠰᠢᠭ ᠡᠭᠦᠰᠬᠦ ᠶᠢ ᠰᠡᠷᠭᠡᠶᠢᠯᠡᠨ ᠵᠠᠰᠠᠨ᠎ᠠ᠃ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠥᠷᠥ ᠶᠢᠨ ᠶᠠᠪᠤᠳᠠᠯ ᠤᠨ ᠬᠤᠷᠢᠶᠠᠨ ᠤ ︽ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠳᠦᠷᠢᠮ︾ ᠢ ᠨᠠᠷᠢᠨ  ᠬᠢᠨᠠᠮᠠᠭᠠᠢ ᠲᠤᠭᠤᠰᠢᠯᠠᠭᠤᠯᠵᠠᠶ᠂ ᠵᠣᠷᠢᠭᠤᠳᠠ ᠬᠦᠴᠦᠨ ᠵᠦᠢᠯ ᠠᠴᠠ ᠪᠣᠯᠵᠤ ᠭᠠᠵᠠᠷ ᠰᠢᠨᠵᠢᠯᠡᠭᠡᠨ ᠤ ᠭᠠᠮᠰᠢᠭ ᠡᠭᠦᠰᠭᠡᠬᠦ ᠠᠯᠢᠪᠠ ᠢᠨᠵᠧᠨᠧᠷᠢᠩ ᠤᠨ ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠭᠠᠵᠠᠷ ᠤᠨ ᠭᠠᠮᠰᠢᠭ ᠠᠮᠠᠷᠬᠠᠨ ᠭᠠᠷᠳᠠᠭ ᠣᠷᠣᠨ ᠳᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠮᠵᠢᠲᠤ ᠴᠢᠨᠠᠷ ᠤᠨ ᠰᠤᠳᠤᠯᠭᠠᠨ ᠤ ᠱᠠᠲᠤᠨ ᠳᠤ ᠬᠢᠷᠢ ᠬᠡᠮ ᠲᠠᠢ ᠨᠢᠭᠡᠴᠡ ᠳᠤ ᠨᠠᠶᠢᠳᠠᠵᠤ ᠭᠠᠵᠠᠷ ᠤᠨ ᠭᠠᠮᠰᠢᠭ ᠤᠨ ᠠᠶᠤᠯᠲᠤ ᠴᠢᠨᠠᠷ ᠤᠨ ᠦᠨᠡᠯᠡᠯᠲᠡ ᠬᠢᠯᠭᠡᠬᠦ ᠶᠢᠨ ᠬᠠᠮᠲᠤ ᠦᠨᠡᠯᠡᠨ ᠵᠢᠱᠢᠭᠰᠡᠨ ᠦᠷ᠎ᠡ ᠳ᠋ᠦᠩ ᠢ ᠪᠣᠯᠤᠮᠵᠢᠲᠤ ᠰᠤᠳᠤᠯᠭᠠᠨ ᠤ ᠮᠡᠳᠡᠭᠦᠯᠦᠯᠲᠡ ᠶᠢᠨ ᠪᠦᠷᠢᠯᠳᠦᠬᠦᠨ ᠬᠡᠰᠡᠭ ᠪᠣᠯᠭᠠᠬᠤ ᠬᠡᠷᠡᠭᠲᠡᠶ᠃ ᠡᠰᠡ ᠲᠡᠭᠡᠪᠡᠯ ᠲᠡᠭᠦᠨ ᠤ ᠪᠣᠯᠤᠮᠵᠢᠲᠤ ᠰᠤᠳᠤᠯᠭᠠᠨ ᠤ ᠮᠡᠳᠡᠭᠦᠯᠦᠯᠲᠡ ᠶᠢ ᠵᠥᠪᠰᠢᠶᠡᠷᠡᠵᠦ ᠪᠣᠯᠬᠤ ᠦᠭᠡᠢ᠃ ᠵᠠᠮ ᠬᠠᠷᠢᠯᠴᠠᠭᠠᠨ ᠤ ᠰᠠᠯᠠᠭ᠎ᠠ ᠮᠥᠴᠢᠷ ᠨᠢ ᠭᠠᠵᠠᠷ ᠤᠨ ᠭᠠᠮᠰᠢᠭ ᠠᠮᠠᠷᠬᠠᠨ ᠭᠠᠷᠳᠠᠭ ᠣᠷᠣᠨ ᠳᠤ ᠵᠠᠰᠠᠮᠠᠯ ᠵᠠᠮ ᠵᠢᠴᠢ ᠳᠠᠭᠠᠯᠲᠠ ᠲᠥᠬᠦᠭᠡᠷᠦᠮᠵᠢ ᠪᠠᠶᠢᠭᠤᠯᠬᠤ ᠦᠶ᠎ᠡ ᠳᠤ᠂ ᠡᠷᠬᠡᠪᠰᠢ ᠭᠠᠵᠠᠷ ᠤᠨ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠵᠦ᠂ ᠭᠠᠵᠠᠷ ᠤᠨ ᠭᠠᠮᠰᠢᠭ ᠠᠮᠠᠷᠬᠠᠨ  ᠭᠠᠷᠳᠠᠭ ᠣᠷᠣᠨ ᠪᠣᠯᠤᠨ ᠭᠠᠵᠠᠷ ᠤᠨ ᠭᠠᠮᠰᠢᠭ ᠤᠨ ᠳᠠᠯᠳᠠ ᠭᠡᠮ ᠤᠨ ᠴᠢᠭ ᠤᠨ ᠣᠶᠢᠷ᠎ᠠ ᠬᠠᠪᠢ ᠶᠢᠨ ᠵᠠᠮ ᠳᠤ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠲᠥᠪᠯᠡᠷᠡᠭᠦᠯᠦᠨ ᠴᠡᠭᠴᠡᠯᠡᠨ ᠵᠠᠰᠠᠵᠤ᠂ ᠬᠢᠨᠠᠨ ᠬᠡᠮᠵᠢᠬᠦ ᠠᠵᠢᠯᠲᠠᠨ ᠵᠢᠭᠠᠨ ᠲᠣᠭᠲᠠᠭᠠᠵᠤ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠵᠦ  ᠤᠷᠢᠴᠢᠯᠠᠨ ᠮᠡᠳᠡᠭᠡᠯᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠳᠠᠯᠳᠠ ᠭᠡᠮ ᠲᠠᠢ ᠵᠠᠮ ᠤᠨ ᠬᠡᠰᠡᠭ ᠲᠤ ᠰᠡᠷᠡᠮᠵᠢ ᠶᠢᠨ ᠫᠠᠶᠢᠰᠠ ᠭᠠᠷᠭᠠᠬᠤ ᠬᠡᠷᠡᠭᠲᠡᠶ᠃ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠪᠤᠶ ᠪᠣᠯᠤᠭᠰᠠᠨ ᠥᠨᠳᠥᠷ ᠡᠭᠴᠡ ᠨᠠᠯᠠᠤ  ᠭᠠᠵᠠᠷ᠂ ᠲᠣᠭᠲᠠᠭᠤᠨ ᠪᠤᠰᠤ ᠨᠠᠯᠠᠤ ᠪᠠᠯ᠂ ᠨᠠᠯᠠᠤ ᠲᠠᠯ᠎ᠠ ᠶᠢᠨ ᠴᠢᠯᠠᠭᠤᠯᠢᠭ ᠰᠦᠢᠷᠡᠵᠦ᠂ ᠠᠮᠠᠷᠬᠠᠨ ᠴᠢᠯᠠᠭᠤ ᠨᠤᠷᠠᠬᠤ ᠵᠠᠮ ᠤᠨ ᠬᠡᠰᠡᠭ  ᠶᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠵᠠᠰᠠᠮᠠᠯ ᠵᠠᠮ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ᠲᠠᠪᠤ ᠂  ᠵᠢᠵᠢᠭᠦᠷᠯᠡᠨ ᠰᠠᠬᠢᠵᠤ ᠲᠣᠭᠤᠷᠢᠨ ᠪᠠᠶᠢᠴᠠᠭᠠᠬᠤ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ 1  ᠂ ᠦᠶᠡᠷ ᠤᠨ ᠬᠤᠭᠤᠴᠠᠭᠠᠨ ᠤ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠦᠶᠡᠷ ᠤᠨ ᠬᠤᠭᠤᠴᠠᠭᠠᠨ ᠤ ᠵᠢᠵᠢᠭᠦᠷᠯᠡᠬᠦ ᠳᠦᠷᠢᠮ  ᠢ ᠴᠢᠩᠭ᠎ᠠ ᠬᠡᠷᠡᠭᠵᠢᠭᠦᠯᠵᠦ᠂ ᠦᠶᠡᠷ ᠤᠨ ᠬᠤᠭᠤᠴᠠᠭᠠᠨ ᠤ ᠭᠠᠮᠰᠢᠭ ᠢ ᠰᠡᠷᠭᠡᠶᠢᠯᠡᠬᠦ ᠵᠢᠵᠢᠭᠦᠷ ᠤᠨ ᠲᠠᠰᠤᠭ ᠭᠠᠷᠭᠠᠵᠤ᠂ ᠵᠢᠵᠢᠭᠦᠷᠯᠡᠬᠦ ᠤᠳᠤᠷᠢᠳᠤᠯᠭ᠎ᠠ ᠪᠠ ᠵᠢᠵᠢᠭᠦᠷᠯᠡᠬᠦ ᠠᠵᠢᠯᠲᠠᠨ ᠢ ᠲᠣᠳᠣᠷᠬᠠᠶᠢᠯᠠᠵᠤ᠂ 24 ᠴᠠᠭ ᠲᠤ ᠠᠵᠢᠯ ᠤᠨ ᠪᠠᠶᠢᠷᠢᠨ ᠳᠤ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ ᠥᠷᠨᠢᠭᠦᠯᠵᠦ᠂ ᠭᠠᠵᠠᠷ ᠤᠨ ᠭᠠᠮᠰᠢᠭ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃2  ᠂ ᠲᠦᠭᠰᠢᠭᠦᠷᠢ ᠶᠢᠨ ᠪᠠᠶᠢᠳᠠᠯ ᠢ ᠲᠣᠭᠤᠷᠢᠨ ᠪᠠᠶᠢᠴᠠᠭᠠᠬᠤ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ  ᠭᠠᠵᠠᠷ ᠰᠢᠨᠵᠢᠯᠡᠭᠡᠨ ᠤ ᠭᠠᠮᠰᠢᠭ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠳᠦᠷᠢᠮ  ᠢ ᠴᠢᠩᠭ᠎ᠠ  ᠭᠡᠷᠡᠭᠵᠢᠭᠦᠯᠵᠦ᠂ ᠦᠶᠡᠷ ᠤᠨ ᠡᠮᠦᠨ᠎ᠡ ᠵᠢᠭᠰᠠᠭᠠᠨ ᠪᠠᠶᠢᠴᠠᠭᠠᠵᠤ᠂ ᠦᠶᠡᠷ ᠤᠨ ᠳᠤᠮᠳᠠ ᠲᠣᠭᠤᠷᠢᠨ ᠪᠠᠶᠢᠴᠠᠭᠠᠵᠤ᠂ ᠦᠶᠡᠷ ᠤᠨ ᠳᠠᠷᠠᠭ᠎ᠠ ᠳᠠᠬᠢᠨ ᠪᠠᠶᠢᠴᠠᠭᠠᠬᠤ ᠬᠡᠷᠡᠭᠲᠡᠶ᠃ ᠭᠠᠮᠰᠢᠭ ᠢ ᠬᠢᠨᠠᠨ ᠬᠡᠮᠵᠢᠭᠰᠡᠨ ᠪᠠᠶᠢᠳᠠᠯ᠂ ᠳᠠᠯᠳᠠ ᠭᠡᠮ ᠤᠨ ᠴᠢᠭ ᠤᠨ ᠬᠠᠮᠤᠭ ᠤᠨ ᠰᠢᠨ᠎ᠡ  ᠪᠠᠶᠢᠳᠠᠯ  ᠵᠢᠴᠢ ᠬᠥᠭᠵᠢᠯᠲᠡ ᠶᠢᠨ ᠬᠠᠨᠳᠤᠰᠢ᠂ ᠭᠠᠮᠰᠢᠭ ᠤᠨ ᠠᠶᠤᠯ ᠤᠨ ᠰᠢᠨ᠎ᠡ ᠴᠢᠭ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠬᠤ ᠬᠡᠷᠡᠭᠲᠡᠶ᠃  ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠠᠷᠢᠭᠤᠴᠠᠵᠤ ᠬᠤᠷᠢᠶᠠᠩᠭᠤᠶᠢᠯᠠᠨ ᠪᠠᠶᠢᠴᠠᠭᠠᠭᠰᠠᠨ ᠪᠠᠶᠢᠳᠠᠯ ᠢ ᠴᠤᠭᠯᠠᠭᠤᠯᠤᠨ ᠬᠤᠷᠢᠶᠠᠩᠭᠤᠶᠢᠯᠠᠵᠤ᠂ ᠪᠢᠴᠢᠭ ᠢᠶᠠᠷ ᠳᠡᠭᠡᠭᠰᠢ ᠬᠤᠰᠢᠭᠤᠨ ᠤ ᠠᠷᠠᠳ ᠤᠨ ᠵᠠᠰᠠᠭ ᠤᠨ  ᠣᠷᠳᠣᠨ ᠳᠤ ᠮᠡᠳᠡᠭᠦᠯᠬᠦ ᠶᠢᠨ ᠬᠠᠮᠲᠤ ᠬᠤᠲᠠ ᠶᠢᠨ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ᠎ᠡ 3  ᠂  ᠦᠶᠡᠷ ᠤᠨ ᠬᠤᠭᠤᠴᠠᠭᠠᠨ ᠳᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠦᠶᠡᠷ ᠤᠨ ᠬᠤᠭᠤᠴᠠᠭ᠎ᠠ ᠪᠣᠯ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠴᠠᠭ ᠬᠤᠭᠤᠴᠠᠭ᠎ᠠ ᠪᠣᠯᠤᠨ᠎ᠠ᠂ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠨᠢ ︽ᠥᠴᠦᠬᠡᠨ ᠴᠦ ᠮᠡᠳᠡᠭᠦᠯᠬᠦ ᠥᠬᠡᠶ︾ ᠵᠢᠵᠢᠭᠦᠷᠯᠡᠬᠦ ᠲᠦᠷᠢᠮ ᠢ ᠬᠡᠷᠡᠭᠵᠢᠭᠦᠯᠵᠦ᠂ ᠡᠳᠦᠷ ᠪᠦᠷᠢ ᠶᠢᠨ ᠦᠳᠡ ᠶᠢᠨ ᠬᠤᠶᠢᠨᠠᠬᠢ 17᠄ 40 ᠴᠠᠭ ᠠᠴᠠ ᠡᠮᠦᠨ᠎ᠡ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠲᠦᠭᠰᠢᠭᠦᠷᠢ ᠶᠢᠨ ᠴᠡᠭ ᠢ ᠬᠢᠨᠠᠨ ᠬᠡᠮᠵᠢᠭᠰᠡᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃ ︵ᠵᠢᠵᠢᠭᠦᠷᠯᠡᠬᠦ ᠤᠲᠠᠰᠤ᠄ 0474 — 5902372᠂ 0474 — 5907012︶ ᠭᠠᠮᠰᠢᠭ ᠭᠠᠷᠪᠠᠯ ᠲᠣᠭᠲᠠᠭᠰᠠᠨ ᠬᠤᠭᠤᠴᠠᠭᠠᠨ ᠳᠣᠲᠣᠷ᠎ᠠ ︵ᠶᠡᠭᠡ ᠭᠠᠮᠰᠢᠭ 2 ᠴᠠᠭ ᠤᠨ ᠳᠣᠲᠣᠷ᠎ᠠ᠂ ᠳᠤᠮᠳᠠ ᠭᠠᠮᠰᠢᠭ 4 ᠴᠠᠭ ᠤᠨ ᠳᠣᠲᠣᠷ᠎ᠠ᠂ ᠬᠥᠩᠭᠡᠨ ᠭᠠᠮᠰᠢᠭ 12 ᠴᠠᠭ ᠤᠨ ᠳᠣᠲᠣᠷ᠎ᠠ︶ ᠬᠤᠰᠢᠭᠤ ᠠᠷᠠᠳ ᠤᠨ ᠵᠠᠰᠠᠭ ᠤᠨ ᠣᠷᠳᠣᠨ᠂ ᠪᠠᠶᠢᠭᠠᠯᠢ ᠶᠢᠨ ᠡᠬᠢ ᠪᠠᠶᠠᠯᠢᠭ  ᠤᠨ ᠲᠣᠪᠴᠢᠶ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠭᠠᠮᠰᠢᠭ ᠤᠨ ᠪᠠᠶᠢᠳᠠᠯ ᠭᠠᠷᠤᠭᠰᠠᠨ ᠴᠠᠭ᠂  ᠭᠠᠵᠠᠷ᠂ ᠨᠥᠯᠥᠭᠡ᠂ ᠠᠪᠤᠭᠰᠠᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠵᠢᠴᠢ ᠣᠷᠣᠰᠢᠵᠤ  ᠪᠠᠶᠢᠭ᠎ᠠ ᠠᠰᠠᠭᠤᠳᠠᠯ ᠵᠡᠷᠭᠡ ᠶᠢ ᠮᠡᠳᠡᠭᠦᠯᠬᠦ ᠶᠢᠨ ᠬᠠᠮᠲᠤ ᠠᠶᠤᠯ ᠠᠴᠠ ᠠᠪᠤᠷᠠᠵᠤ ᠭᠠᠮᠰᠢᠭ ᠠᠴᠠ ᠲᠡᠩᠬᠡᠷᠡᠭᠦᠯᠬᠦ ᠠᠵᠢᠯ ᠢ ᠢᠳᠡᠪᠬᠢᠲᠡᠢ ᠵᠣᠬᠢᠶᠠᠨ ᠪᠠᠶᠢᠭᠤᠯᠬᠤ ᠬᠡᠷᠡᠭᠲᠡᠶ                         ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ                         ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                         ᠣᠷᠴᠢᠭᠤᠯᠤᠠᠠᠴᠢ᠄  ᠱᠤ᠋ ᠭᠤᠸᠠᠩ
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号