︽ᠤᠯᠠᠭᠠᠨᠴᠠᠪ ᠬᠤᠲᠠ ᠲᠠᠷᠢᠶᠠᠯᠠᠩ ᠤᠨ ᠤᠰᠤᠨ ᠤ ᠦᠨ᠎ᠡ ᠶᠢᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠲᠤᠬᠠᠶ ᠵᠢᠯᠣᠭᠤᠳᠬᠤ ᠰᠠᠨᠠᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2020/12/14
      ᠪᠦᠬᠦ ᠬᠤᠲᠠ ᠶᠢᠨ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ  ᠭᠦᠨᠵᠡᠭᠡᠢ ᠠᠬᠢᠭᠤᠯᠬᠤ ᠶᠢᠨ ᠲᠥᠯᠥᠭᠡ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︽ᠤᠯᠠᠭᠠᠨᠴᠠᠪ ᠬᠤᠲᠠ ᠶᠢᠨ ᠲᠠᠷᠢᠶᠠᠯᠠᠩ ᠤᠨ ᠤᠰᠤᠨ ᠤ ᠦᠨ᠎ᠡ ᠶᠢᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ  ᠪᠦᠷᠢᠨᠰᠢᠭᠦᠯᠬᠦ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠪᠠ᠃ ᠡᠳᠦᠭᠡ ︽ᠰᠠᠨᠠᠯ︾ ᠤᠨ ᠭᠤᠤᠯᠳᠠᠯᠭ᠎ᠠ ᠲᠠᠢ ᠠᠭᠤᠯᠭ᠎ᠠ ᠳᠤ ᠲᠠᠶᠢᠯᠤᠮᠵᠢ ᠬᠢᠪᠠ᠃ᠨᠢᠭᠡ᠂ ︽ᠰᠠᠨᠠᠯ︾ ᠢ ᠨᠡᠶᠢᠲᠡᠯᠡᠭᠰᠡᠨ ᠠᠬᠤᠶ ᠪᠠᠶᠢᠳᠠᠯ ᠨᠢ ᠶᠠᠭᠤ ᠪᠣᠶ︖      2016 ᠤᠨ 2 ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠤᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ︹ 2016 ︺ 2 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠪᠢᠴᠢᠭ ᠮᠠᠲ᠋ᠧᠷᠢᠶᠠᠯ ᠳᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠲᠠᠰ ᠬᠤᠪᠢᠶᠠᠬᠤ᠂ ᠲᠥᠷᠥᠯ ᠬᠤᠪᠢᠶᠠᠬᠤ᠂ ᠲᠠᠰ ᠬᠤᠪᠢᠶᠠᠨ ᠲᠣᠭᠲᠠᠭᠠᠬᠤ ᠵᠠᠷᠴᠢᠮ ᠢ ᠲᠣᠳᠣᠷᠬᠠᠶ ᠲᠣᠭᠲᠠᠭᠠᠪᠠ᠃ ᠮᠠᠨ ᠤ ᠬᠤᠲᠠ ᠶᠢᠨ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠬᠢᠴᠠ ᠲᠠᠢ ᠤᠶᠠᠯᠳᠤᠭᠤᠯᠤᠨ᠂ ᠮᠠᠨ ᠤ ᠬᠤᠲᠠ ᠶᠢᠨ ᠲᠠᠷᠢᠶᠠᠯᠠᠩ ᠤᠨ ᠤᠰᠤᠨ ᠤ ᠦᠨ᠎ᠡ ᠶᠢᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠵᠢᠯᠣᠭᠤᠳᠬᠤ ᠰᠠᠨᠠᠯ ᠢ ᠳᠤᠷᠠᠳᠪᠠ᠃ᠬᠤᠶᠠᠷ᠂ ᠤᠰᠤᠨ ᠤ ᠦᠨ᠎ᠡ ᠶᠢᠨ ᠲᠣᠭᠲᠠᠴᠠ ᠶᠢᠨ ᠥᠭᠡᠷᠡᠴᠢᠯᠡᠯᠲᠡ ᠶᠢᠨ ᠬᠠᠷᠠᠯᠲᠠ ᠨᠢ ᠶᠠᠭᠤ ᠪᠣᠶ︖       ᠤᠰᠤᠨ ᠤ ᠦᠨ᠎ᠡ ᠶᠢᠨ ᠲᠣᠭᠲᠠᠴᠠ ᠶᠢᠨ ᠥᠭᠡᠷᠡᠴᠢᠯᠡᠯᠲᠡ ᠶᠢᠨ ᠬᠠᠷᠠᠯᠲᠠ ᠪᠣᠯ ᠲᠠᠷᠢᠶᠠᠯᠠᠩ ᠤᠨ ᠤᠰᠤᠨ ᠤ ᠦᠨ ᠎ᠡ ᠶᠡᠷᠦᠩᠬᠡᠶ ᠳᠡᠭᠡᠨ ᠠᠵᠢᠯᠯᠠᠭᠠᠨ ᠢ ᠬᠠᠮᠠᠭᠠᠯᠠᠬᠤ ᠥᠪᠡᠷ ᠤᠨ ᠥᠷᠲᠡᠭ ᠤᠨ ᠬᠢᠷᠢ ᠲᠦᠪᠰᠢᠨ ᠳᠤ ᠬᠦᠷᠴᠦ᠂  ᠬᠡᠮᠵᠢᠯᠲᠡ ᠶᠢᠨ ᠰᠦᠢᠳᠬᠡᠯ ᠬᠤᠷᠢᠶᠠᠬᠤ ᠶᠢ ᠬᠡᠷᠡᠭᠵᠢᠭᠦᠯᠵᠦ᠂ ᠲᠥᠷᠥᠯ ᠬᠤᠪᠢᠶᠠᠨ ᠳᠡᠰ ᠬᠤᠪᠢᠶᠠᠬᠤ᠂ ᠤᠰᠤ ᠠᠷᠪᠢᠨ ᠬᠡᠷᠡᠭᠯᠡᠵᠦ ᠰᠦᠢᠳᠬᠡᠯ ᠢᠯᠡᠭᠦᠦ ᠲᠤᠰᠢᠶᠠᠬᠤ ᠤᠰᠤᠨ ᠤ ᠦᠨ᠎ᠡ ᠶᠢᠨ ᠳᠦᠷᠢᠮ ᠢ ᠬᠡᠷᠡᠭᠵᠢᠭᠦᠯᠵᠦ᠂ ᠤᠰᠤᠨ ᠤ ᠠᠮᠢ ᠠᠬᠤᠶ ᠶᠢ ᠬᠠᠮᠠᠭᠠᠯᠠᠵᠤ᠂ ᠲᠠᠷᠢᠶᠠᠯᠠᠩ ᠤᠨ ᠤᠰᠤ ᠠᠷᠪᠢᠯᠠᠬᠤ ᠪᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠠᠶᠢᠨ ᠠᠵᠢᠯᠯᠠᠭᠠᠨ ᠢ  ᠠᠬᠢᠭᠤᠯᠤᠨ᠎ᠠ᠃ᠭᠤᠷᠪᠠ᠂ ᠤᠰᠤᠨ ᠤ ᠦᠨ᠎ᠡ ᠨᠢ ᠶᠠᠮᠠᠷ ᠶᠠᠮᠠᠷ ᠵᠠᠷᠤᠳᠠᠯ ᠤᠨ ᠪᠦᠷᠢᠯᠳᠦᠯ ᠲᠠᠢ ᠪᠣᠶ︖      ᠥᠭᠡᠷᠡᠴᠢᠯᠡᠯᠲᠡ ᠬᠢᠬᠦ ᠠᠴᠠ ᠡᠮᠦᠨ᠎ᠡ᠂ ᠮᠠᠨ ᠤ ᠬᠤᠲᠠ ᠶᠢᠨ ᠮᠠᠰᠢᠨ ᠬᠤᠳᠳᠤᠭ ᠤᠨ ᠤᠰᠤᠯᠠᠯᠲᠠ ᠶᠢᠨ ᠤᠰᠤᠨ ᠤ ᠦᠨ᠎ᠡ ᠶᠢᠨ ᠪᠦᠷᠢᠯᠳᠦᠯ ᠪᠣᠯ ᠴᠠᠬᠢᠯᠭᠠᠨ ᠬᠦᠴᠦᠨ ᠤ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠠᠵᠢᠯᠲᠠᠨ ᠤ ᠬᠤᠷᠢᠶ᠋ᠬᠠᠰᠡᠨ ᠰᠠᠭᠤᠷᠢ ᠴᠠᠬᠢᠯᠭᠠᠨ ᠤ ᠰᠦᠢᠳᠬᠡᠯ ᠪᠠ ᠬᠠᠮᠢᠶᠠᠷᠤᠯᠲᠠ ᠶᠢᠨ ᠰᠦᠢᠳᠬᠡᠯ ᠤᠨ ᠪᠦᠷᠢᠯᠳᠦᠯ ᠪᠣᠯᠤᠨ᠎ᠠ᠃ ︽ᠰᠠᠨᠠᠯ︾ ᠳᠤ ᠲᠠᠷᠢᠶᠠᠯᠠᠩ ᠤᠨ ᠤᠰᠤᠨ ᠤ ᠦᠨ᠎ᠡ ᠶᠢᠨ ᠪᠦᠷᠢᠯᠳᠦᠴᠡ ᠶᠢ ᠲᠣᠳᠣᠷᠬᠠᠶ ᠲᠣᠭᠲᠠᠭᠠᠵᠤ᠂ ᠲᠤᠬᠠᠶᠢᠯᠠᠪᠠᠯ ᠤᠰᠤᠯᠠᠯᠲᠠ ᠶᠢᠨ ᠬᠥᠳᠡᠯᠭᠡᠬᠦ ᠬᠦᠴᠦᠨ ᠤ ᠵᠠᠷᠤᠳᠠᠯ᠂ ᠲᠥᠬᠦᠭᠡᠷᠦᠮᠵᠢ ᠶᠢᠨ ᠠᠷᠠᠴᠢᠯᠠᠯᠲᠠ ᠶᠢᠨ  ᠵᠠᠷᠤᠳᠠᠯ᠂ ᠬᠠᠮᠢᠶᠠᠷᠤᠯᠲᠠ ᠶᠢᠨ ᠵᠠᠷᠤᠳᠠᠯ ᠵᠡᠷᠭᠡ ᠪᠠᠷ ᠪᠦᠷᠢᠯᠳᠦᠵᠦ᠂ ᠲᠥᠬᠦᠭᠡᠷᠦᠮᠵᠢ ᠶᠢᠨ ᠠᠷᠠᠴᠢᠯᠠᠯᠲᠠ ᠶᠢᠨ ᠵᠠᠷᠤᠳᠠᠯ ᠨᠡᠮᠡᠭᠰᠡᠨ ᠪᠠᠶᠢᠨ᠎ᠠ᠃ᠳᠥᠷᠪᠡ᠂ ᠲᠠᠷᠢᠶᠠᠯᠠᠩ ᠤᠨ ᠤᠰᠤᠨ ᠤ ᠦᠨ᠎ᠡ ᠶᠢ ᠬᠡᠷᠬᠢᠨ ᠲᠣᠭᠲᠠᠭᠠᠭᠰᠠᠨ ᠪᠣᠶ︖      ︽ᠰᠠᠨᠠᠯ︾ ᠳᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢ ᠲᠣᠭᠲᠠᠭᠠᠬᠤ ᠠᠷᠭ᠎ᠠ ᠮᠠᠶ᠋ᠢᠭ ᠢ ᠳᠣᠳᠣᠷᠬᠠᠶᠢᠯᠠᠵᠦ᠂ ᠬᠤᠳᠳᠤᠭ ᠤᠨ ᠤᠰᠤᠯᠠᠯᠲᠠ ᠶᠢᠨ ᠣᠷᠣᠨ ᠵᠢᠴᠢ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠵᠤ ᠪᠠᠶᠢᠭᠤᠯᠤᠭᠰᠠᠨ ᠤᠰᠤ ᠬᠠᠩᠭᠠᠬᠤ ᠪᠠᠷᠢᠯᠭ᠎ᠠ ᠳᠤ ᠵᠠᠰᠠᠭ ᠤᠨ ᠣᠷᠳᠣᠨ ᠠᠴᠠ ᠦᠨ᠎ᠡ ᠲᠣᠭᠲᠠᠭᠠᠵᠤ ᠪᠣᠯᠤᠨ᠎ᠠ᠃ ᠵᠥᠪᠳᠡᠯᠴᠡᠨ ᠦᠨ᠎ᠡ ᠲᠣᠭᠲᠠᠭᠠᠬᠤ ᠶᠢ ᠬᠡᠷᠡᠭᠵᠢᠭᠦᠯᠵᠦ ᠪᠠᠰᠠ ᠪᠣᠯᠤᠨ᠎ᠠ᠂ ᠦᠨ᠎ᠡ ᠲᠣᠭᠲᠠᠭᠠᠬᠤ ᠠᠷᠭ᠎ᠠ ᠮᠠᠶ᠋ᠢᠭ ᠢ ᠪᠣᠳᠠᠲᠤ ᠪᠠᠶᠢᠳᠠᠯ ᠢᠶᠠᠨ ᠦᠨᠳᠦᠰᠦᠯᠡᠨ ᠰᠣᠩᠭᠤᠵᠤ ᠪᠣᠯᠤᠨ᠎ᠠ᠃︽ᠰᠠᠨᠠᠯ︾ ᠳᠤ ᠦᠨ᠎ᠡ ᠬᠠᠩᠰᠢ ᠶᠢ ᠲᠣᠭᠲᠠᠭᠠᠬᠤ ᠳᠤ ᠥᠪᠡᠷ ᠤᠨ ᠥᠷᠲᠡᠭ ᠢ ᠪᠠᠶᠢᠴᠠᠭᠠᠬᠤ ᠠᠵᠢᠯ ᠢ ᠥᠩᠭᠡᠷᠡᠭᠡᠬᠦ ᠬᠡᠷᠡᠭᠲᠡᠶ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠪᠦᠷᠢᠯᠳᠦᠯ ᠨᠢ ᠲᠠᠷᠢᠶᠠᠯᠠᠩ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠤᠰᠤᠯᠠᠯᠲᠠ ᠶᠢᠨ ᠵᠠᠷᠤᠳᠠᠯ᠂ ᠬᠡᠷᠡᠭᠯᠡᠭᠴᠢ ᠶᠢᠨ ᠳᠠᠭᠠᠭᠠᠬᠤ ᠴᠢᠳᠠᠪᠤᠷᠢ ᠪᠠ ᠤᠰᠤ ᠠᠷᠪᠢᠯᠠᠬᠤ ᠵᠡᠷᠭᠡ ᠬᠦᠴᠦᠨ  ᠴᠢᠳᠠᠯ ᠢ ᠶᠡᠷᠦᠩᠬᠡᠶᠢᠯᠡᠨ ᠪᠣᠳᠣᠯᠬᠢᠯᠠᠵᠠᠶ᠃ᠲᠠᠪᠤ᠂ ︽ᠰᠠᠨᠠᠯ︾ ᠳᠤ ᠶᠠᠮᠠᠷ ᠶᠠᠮᠠᠷ ᠭᠢᠯᠠᠰ ᠴᠡᠭ ᠪᠠᠶᠢᠬᠤ ᠪᠣᠶ︖      ᠨᠢᠭᠡ ᠳᠤ᠂ ᠮᠠᠨ ᠤ ᠬᠤᠲᠠ ᠶᠢᠨ ᠭᠠᠩ ᠬᠠᠭᠰᠠᠷᠠᠭᠠᠨ ᠲᠠᠢ ᠪᠣᠷᠣᠭᠠᠨ ᠪᠠᠭ᠎ᠠ᠂ ᠤᠰᠤᠨ ᠤ ᠡᠬᠢ ᠪᠠᠶᠠᠯᠢᠭ ᠳᠤᠲᠠᠮᠠᠭ ᠠᠴᠠ ᠪᠣᠯᠵᠤ᠂ ᠲᠠᠷᠢᠶᠠᠯᠠᠩ ᠳᠤ ᠬᠡᠷᠡᠭᠯᠡᠬᠦ ᠤᠰᠤᠨ ᠤ ᠡᠵᠡᠯᠡᠬᠦ ᠬᠡᠮᠵᠢᠶ᠎ᠡ ᠨᠡᠯᠢᠶᠡᠳ ᠶᠡᠭᠡ ᠪᠣᠯᠬᠤᠷ ᠡᠷᠬᠡᠪᠰᠢ ᠲᠠᠷᠢᠶᠠᠯᠠᠩ ᠲᠤ ᠬᠡᠷᠡᠭᠯᠡᠬᠦ ᠤᠰᠤᠨ ᠤ ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠢᠯᠡᠭᠦᠤ ᠤᠰᠤ ᠬᠡᠷᠡᠭᠯᠡᠵᠦ ᠢᠯᠡᠭᠦᠤ  ᠰᠣᠶᠢᠳᠬᠡᠯ ᠲᠤᠰᠢᠶᠠᠬᠤ ᠵᠠᠷᠴᠢᠮ  ᠢ ᠪᠠᠷᠢᠮᠲᠠᠯᠠᠵᠤ᠂ ᠲᠣᠭᠲᠠᠭᠰᠠᠨ ᠨᠣᠷᠮ᠎ᠠ ᠠᠴᠠ ᠬᠡᠲᠦᠷᠡᠭᠦᠯᠦᠨ ᠳᠡᠰ ᠬᠤᠪᠢᠶᠠᠨ ᠠᠬᠢᠭᠤᠯᠤᠨ ᠪᠣᠳᠣᠵᠤ ᠦᠨ᠎ᠡ ᠨᠡᠮᠡᠬᠦ ᠳᠦᠷᠢᠮ ᠢ ᠬᠡᠷᠡᠭᠵᠢᠭᠦᠯᠵᠦ ᠪᠠᠶᠢᠭᠠᠳ ᠲᠠᠷᠢᠶᠠᠯᠠᠩ ᠤᠨ ᠤᠰᠤ ᠠᠷᠪᠢᠯᠠᠬᠤ ᠪᠠ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠰᠠᠶᠢᠨ ᠠᠵᠢᠯᠯᠠᠭᠠᠨ ᠢ ᠠᠬᠢᠭᠤᠯᠬᠤ ᠬᠡᠷᠡᠭᠲᠡᠶ᠃ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠶᠡᠬᠡᠲᠡᠶ ᠭᠠᠵᠠᠷ ᠣᠷᠣᠨ ᠳᠤ ᠠᠮᠤ ᠪᠣᠳᠠᠭ᠎ᠠ ᠲᠣᠰᠣᠯᠢᠭ ᠲᠠᠷᠢᠮᠠᠯ ᠤᠨ 120m3/ ᠮᠦ ᠪᠠ ᠢᠳᠡᠰᠢᠨ ᠨᠣᠭᠤᠭ᠎ᠠ ᠲᠠᠷᠢᠬᠤ 150m3/  ᠮᠦ ᠶᠢᠨ ᠤᠰᠤ ᠬᠡᠷᠡᠭᠯᠡᠬᠦ ᠨᠣᠷᠮ ᠎ᠠ ᠶᠢᠨ ᠪᠠᠷᠢᠮᠵᠢᠶ᠎ᠠ ᠶᠢ ᠬᠡᠷᠡᠭᠵᠢᠭᠦᠯᠦᠨ᠎ᠡ᠃       ᠬᠤᠶᠠᠷ ᠲᠤ ᠮᠠᠨ ᠤ ᠬᠤᠲᠠ ᠶᠢᠨ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠭᠰᠠᠨ ᠪᠠᠶᠢᠳᠠᠯ ᠢ ᠦᠨᠳᠦᠰᠦᠯᠡᠨ᠂ ︽ᠰᠠᠨᠠᠯ︾ ᠳᠤ ᠤᠰᠤ ᠬᠡᠷᠡᠭᠯᠡᠬᠦ ᠬᠢᠵᠠᠭᠠᠷ ᠲᠤᠭ᠎ᠠ ᠠᠴᠠ ᠬᠡᠲᠦᠷᠡᠭᠰᠡᠨ ᠪᠠᠶᠢᠪᠠᠯ ᠤᠰᠤᠨ ᠤ ᠰᠤᠶᠢᠳᠬᠡᠯ  ᠬᠤᠷᠢᠶᠠᠬᠤ ᠡᠷᠴᠢᠮ ᠢ ᠴᠢᠩᠭᠠᠷᠠᠭᠤᠯᠪᠠ᠂ ᠲᠤᠬᠠᠶᠢᠯᠠᠪᠠᠯ ᠤᠰᠤ ᠬᠡᠷᠡᠭᠯᠡᠬᠦ ᠬᠢᠵᠠᠭᠠᠷ ᠲᠤᠭ᠎ᠠ ᠶᠢᠨ 20% ︵ᠪᠠᠭᠲᠠᠨ᠎ᠠ︶ ᠠᠴᠠ ᠳᠠᠪᠠᠭᠰᠠᠨ ᠪᠠᠶᠢᠪᠠᠯ᠂ ᠲᠤᠬᠠᠶ ᠶᠢᠨ ᠭᠠᠵᠠᠷ ᠤᠨ ᠲᠠᠷᠢᠶᠠᠯᠠᠩ ᠤᠨ ᠦᠨᠳᠦᠰᠦᠨ ᠪᠠᠷᠢᠮᠵᠢᠶᠠᠲᠤ ᠤᠰᠤᠨ ᠤ ᠦᠨ᠎ᠡ ᠶᠢᠨ 2 ᠳᠠᠬᠢᠨ ᠢᠶᠠᠷ  ᠬᠤᠷᠢᠶᠠᠨ᠎ᠠ᠃ ᠤᠰᠤ ᠬᠡᠷᠡᠭᠯᠡᠬᠦ ᠬᠢᠵᠠᠭᠠᠷ ᠲᠤᠭ᠎ᠠ ᠠᠴᠠ 20%-50% ᠬᠡᠲᠦᠷᠡᠭᠰᠡᠨ  ᠪᠠᠶᠢᠪᠠᠯ᠂ ᠲᠤᠬᠠᠶ ᠶᠢᠨ ᠭᠠᠵᠠᠷ ᠤᠨ ᠲᠠᠷᠢᠶᠠᠯᠠᠩ ᠤᠨ ᠦᠨᠳᠦᠰᠦᠨ ᠪᠠᠷᠢᠮᠵᠢᠶᠠᠲᠤ ᠤᠰᠤᠨ ᠤ ᠦᠨ᠎ᠡ ᠶᠢᠨ 5 ᠳᠠᠬᠢᠨ ᠢᠶᠠᠷ ᠲᠠᠲᠠᠪᠤᠷᠢᠯᠠᠵᠤ᠂ ᠤᠰᠤ ᠬᠡᠷᠡᠭᠯᠡᠬᠦ ᠬᠢᠵᠠᠭᠠᠷ ᠤᠨ 50% ᠶᠢ ᠳᠠᠪᠠᠵᠦ᠂ ᠤᠰᠤ ᠬᠠᠩᠭᠠᠬᠤ ᠪᠠᠨ ᠵᠣᠭᠰᠣᠨ᠎ᠠ᠃      ᠭᠤᠷᠪᠠ ᠳᠤ ᠤᠶᠤᠨᠲᠤ ᠺᠠᠷᠲ ᠤᠨ ᠰᠦᠢᠳᠬᠡᠯ ᠬᠤᠷᠢᠶᠠᠬᠤ ᠰᠢᠰᠲ᠋ᠧᠮ ᠢ ᠢᠳᠡᠪᠬᠢᠲᠡᠢ ᠬᠡᠷᠡᠭᠵᠢᠭᠦᠯᠵᠦ᠂ ᠤᠰᠤᠨ ᠤ  ᠰᠤᠶᠢᠳᠬᠡᠯ ᠬᠤᠷᠢᠶᠠᠬᠤ ᠨᠣᠷᠮ᠎ᠠ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ  ᠳᠡᠭᠡᠭᠰᠢᠯᠡᠭᠦᠯᠬᠦ ᠶᠢᠨ ᠲᠤᠰᠠᠳᠠ᠂ ᠨᠢᠭᠡᠳᠦᠯᠲᠡᠶ ᠣᠶᠤᠨ ᠤ ᠺᠠᠷᠲ ᠢᠶᠠᠷ  ᠰᠤᠶᠢᠳᠬᠡᠯ ᠬᠤᠷᠢᠶᠠᠬᠤ ᠬᠡᠷᠡᠭᠲᠡᠶ᠃ᠵᠢᠷᠭᠤᠭ᠎ᠠ᠂ ᠤᠰᠤᠨ ᠤ ᠰᠣᠶᠢᠳᠬᠡᠯ ᠬᠡᠨ ᠬᠤᠷᠢᠶᠠᠬᠤ ᠪᠣᠶ︖      ︽ᠰᠠᠨᠠᠯ︾ ᠳᠤ ᠰᠦᠢᠳᠬᠡᠯ ᠬᠤᠷᠢᠶᠠᠬᠤ ᠭᠤᠣᠯ ᠴᠣᠭᠴᠠ ᠶᠢ ᠲᠣᠳᠣᠷᠬᠠᠶᠢᠯᠠᠵᠤ᠂ ᠤᠰᠤᠨ ᠤ ᠦᠨ᠎ᠡ ᠶᠢᠨ ᠳᠣᠲᠣᠷᠠᠬᠢ ᠴᠠᠬᠢᠯᠭᠠᠨ ᠤ  ᠰᠤᠶᠢᠳᠬᠡᠯ᠂ ᠬᠠᠮᠢᠶᠠᠷᠤᠯᠲᠠ ᠶᠢᠨ  ᠰᠤᠶᠢᠳᠬᠡᠯ ᠪᠠ ᠪᠠᠭ᠎ᠠ ᠬᠡᠯᠪᠡᠷᠢ ᠶᠢᠨ ᠰᠡᠯᠪᠢᠨ ᠵᠠᠰᠠᠬᠤ ᠰᠤᠶᠢᠳᠬᠡᠯ ᠢ ᠡᠵᠡᠩᠨᠡᠨ ᠬᠠᠮᠢᠶᠠᠷᠤᠭᠴᠢ ᠠᠴᠠ ᠬᠤᠷᠢᠶᠠᠨ᠎ᠠ᠂ ᠲᠣᠭᠲᠠᠭᠰᠠᠨ ᠨᠤᠷᠮ᠎ᠠ  ᠠᠴᠠ ᠬᠡᠲᠦᠷᠡᠪᠡᠯ ᠠᠬᠢᠭᠤᠯᠤᠨ ᠪᠣᠳᠣᠵᠤ ᠦᠨ᠎ᠡ ᠨᠡᠮᠡᠵᠦ ᠬᠤᠷᠢᠶᠠᠬᠤ ᠬᠡᠯᠲᠡᠰ ᠤᠰᠤ ᠬᠤᠪᠢᠶᠠᠭᠰᠠᠨ ᠰᠤᠶᠢᠳᠬᠡᠯ ᠢ ᠰᠢᠶᠠᠩ ᠤᠨ ᠤᠰᠤ ᠬᠡᠷᠡᠭᠯᠡᠭᠴᠢᠳ ᠤᠨ ᠬᠤᠪᠢᠶᠠᠷᠢ ᠡᠪᠯᠡᠯ ᠠᠴᠠ ᠬᠤᠷᠢᠶᠠᠬᠤ ᠶᠢᠨ ᠬᠠᠮᠲᠤ ᠳᠡᠭᠡᠭᠰᠢ ᠬᠤᠰᠢᠭᠤ ᠰᠢᠶᠠᠨ ᠤ ᠡᠳ᠋ ᠤᠨ ᠵᠠᠰᠠᠭ ᠲᠤ ᠲᠤᠰᠢᠶᠠᠬᠤ ᠬᠡᠷᠡᠭᠲᠡᠶ᠃       ︽ᠰᠠᠨᠠᠯ︾ ᠳᠤ ᠪᠠᠰᠠ ᠡᠯ᠎ᠡ ᠬᠤᠰᠢᠭᠤ ᠰᠢᠶᠠᠨ ᠤ ᠤᠰᠤᠨ ᠤ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠢᠯᠡ ᠪᠣᠯᠭᠠᠬᠤ᠂ ᠤᠰᠤᠨ ᠤ ᠵᠠᠷᠤᠳᠠᠯ ᠤᠨ ᠣᠷᠣᠯᠭ᠎ᠠ ᠵᠠᠷᠤᠯᠭ᠎ᠠ ᠶᠢ ᠢᠯᠡ ᠪᠣᠯᠭᠠᠬᠤ ᠬᠡᠷᠡᠭᠲᠡᠶ ᠭᠡᠵᠦ ᠱᠠᠭᠠᠷᠳᠠᠵᠠᠶ᠂ ᠡᠭᠦᠨ ᠤ ᠬᠠᠮᠲᠤ ᠲᠠᠷᠢᠶᠠᠯᠠᠩ ᠤᠨ ᠤᠰᠤᠨ ᠤ ᠦᠨ᠎ᠡ ᠪᠣᠯᠤᠨ ᠤᠰᠤᠨ ᠤ  ᠰᠤᠶᠢᠳᠬᠡᠯ ᠢ ᠪᠣᠳᠣᠵᠤ ᠬᠤᠷᠢᠶᠠᠬᠤ  ᠶᠢᠨ ᠬᠢᠨᠠᠯᠲᠠ ᠬᠠᠮᠢᠶᠠᠷᠤᠯᠲᠠ ᠪᠠᠨ  ᠴᠢᠩᠭᠠᠳᠬᠠᠵᠦ᠂ ᠤᠰᠤᠨ ᠤ ᠦᠨ᠎ᠡ ᠶᠢ ᠲᠣᠭᠲᠠᠭᠠᠮᠠᠭᠴᠠ ᠴᠠᠭ ᠲᠤᠬᠠᠶ ᠳᠤᠨᠢ ᠦᠨ᠎ᠡ ᠬᠠᠩᠰᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠬᠤ ᠬᠡᠷᠡᠭᠲᠡᠶ᠃                                         ᠵ᠊‍ᠣᠬᠢᠶ᠋ᠬᠠᠴᠢ᠄ ᠣᠯᠠᠭᠠᠨᠴᠠᠪ ᠬᠤᠳᠠ ᠶᠢᠨ                                        ᠠᠷᠠᠳ ᠤᠨ ᠵᠠᠰᠠᠭ ᠤᠨ ᠣᠷᠳᠣᠨ                                        ᠤᠷᠴᠢᠭᠤᠯᠤᠠᠠᠴᠢ᠄  ᠱᠤ᠋ ᠭᠤᠸᠠᠩ
 
ᠢᠷᠡᠯᠲᠡ᠄ ᠣᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号