ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠵᠠᠰᠠᠭ ᠠᠯᠪᠠᠨ | ᠲᠠᠷᠬᠠᠭᠠᠠᠠᠰᠡᠨ ﹇2020﹈ 17 ᠳ᠋ᠤᠭᠠᠷ ᠲᠤᠭᠠᠲᠤ | ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠦᠢᠳᠡᠨᠰᠢᠯᠢ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ | ᠨᠢᠭᠡᠴᠡ ᠳᠤ᠄ | ᠰᠠᠭᠤᠭᠠᠯᠢ ᠣᠷᠴᠢᠨ ᠲᠣᠭᠤᠷᠢᠨ ᠢ ᠰᠠᠶᠢᠵᠢᠷᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠠᠯ᠎ᠠ ᠪᠠᠷ ᠬᠢ ᠭᠠᠴᠠᠭ᠎ᠠ ᠲᠣᠰᠬᠤᠨ ᠤ | ᠴᠡᠪᠡᠷᠯᠡᠭᠴᠢ ᠶᠢᠨ ᠴᠢᠬᠤᠯᠠ ᠦᠢᠯᠡᠳᠣᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠮᠠᠯᠵᠢᠬᠤ | ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠳᠦᠷᠰᠦ ᠪᠠᠶᠢᠳᠠᠯ ᠴᠡᠪᠡᠷ ᠲᠡᠭᠰᠢ ᠪᠠᠶᠢᠬᠤ ᠶᠢ ᠦᠨᠡᠨᠬᠦ ᠪᠠᠳᠣᠯᠠᠵᠦ᠂ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠨ᠎ᠡ᠃ ᠴᠠᠬᠠᠷ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠭᠠᠴᠠᠭ᠎ᠠ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠶᠢᠨ | ᠬᠠᠮᠢᠶᠠᠷᠤᠯᠲᠠ ᠶᠢᠨ ᠠᠷᠭ᠎ᠠ᠂ ᠤᠯᠠᠮ ᠨᠢᠭᠡ ᠠᠯᠬᠤᠮ ᠭᠠᠴᠠᠭ᠎ᠠ ᠲᠤᠰᠬᠤᠨ ᠤ ᠴᠡᠪᠡᠷᠯᠡᠭᠴᠢ ᠶᠢᠨ | ᠬᠠᠮᠢᠶᠠᠷᠤᠯᠲᠠ ᠶᠢᠨ ᠠᠵᠢᠯ ᠤᠨ ᠲᠤᠬᠠᠢ ᠮᠡᠳᠡᠭᠳᠡᠯ᠄ | ᠨᠢᠭᠡ᠂ ᠴᠡᠪᠡᠷᠯᠡᠭᠴᠢ ᠶᠢ ᠰᠣᠩᠭᠤᠨ ᠤᠷᠢᠬᠤ ᠨᠥᠬᠦᠴᠡᠯ ᠢ ᠴᠢᠩᠳᠠᠯᠠᠵᠤ᠂ ᠬᠥᠳᠡᠯᠦᠩᠭᠦᠶ | ᠬᠠᠮᠢᠶᠠᠷᠤᠯᠲᠠ ᠵᠢᠬᠡᠷᠡᠭᠵᠢᠭᠦᠯᠦᠨᠡ | 1᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠴᠡᠪᠡᠷᠯᠡᠭᠴᠢ ᠶᠢᠨ ᠤᠷᠢᠨ ᠬᠡᠷᠡᠭᠯᠡᠬᠦ | ᠡᠳᠡᠭᠡᠳ ᠨᠢ ᠲᠤᠰ ᠬᠠᠷᠢᠶ᠎ᠠ ᠣᠷᠣᠨ ᠤ ᠡᠷᠦᠬᠡ ᠠᠮᠠ ᠶᠢᠨ ᠳᠠᠩᠰᠠ ᠲᠠᠢ ᠪᠠᠶᠢᠩᠭᠤ ᠰᠠᠭᠤᠭ᠎ᠠ ᠬᠥᠮᠦᠨ ᠠᠮᠠ ᠠᠵᠢᠯ | ᠤᠯᠬᠤ ᠬᠦᠰᠡᠯ ᠲᠠᠢ ᠪᠥᠭᠡᠳ ᠬᠥᠳᠡᠯᠮᠦᠷᠢᠯᠡᠬᠦ ᠴᠢᠳᠠᠪᠤᠷᠢ ᠲᠠᠢ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠳᠡᠢ | ᠬᠥᠳᠡᠯᠮᠦᠷᠢ ᠶᠢᠨ ᠬᠦᠴᠦᠨ᠂ ᠭᠠᠴᠠᠭ᠎ᠠ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠨᠠᠰᠤ ᠨᠢ | ᠨᠡᠯᠢᠶᠡᠳ ᠶᠡᠭᠡ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠤᠷᠢᠨ ᠬᠡᠷᠡᠭᠯᠡᠬᠦ ᠨᠠᠰᠤᠨ ᠤ ᠬᠢᠵᠠᠭᠠᠷᠯᠠᠯ ᠢ | ᠵᠣᠬᠢᠬᠤ ᠬᠡᠮᠵᠢᠶ᠎ᠡ ᠪᠠᠷ ᠠᠭᠤᠵᠢᠭᠤ ᠲᠠᠯᠪᠢᠵᠤ ᠪᠣᠯᠤᠨ᠎ᠠ᠃ | 2 ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠴᠡᠪᠡᠷᠯᠡᠭᠴᠢ ᠶᠢ ᠰᠣᠩᠭᠤᠨ ᠤᠷᠢᠬᠤ | ᠦᠶᠡᠰ᠂ ᠲᠤᠰ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶᠂ ᠭᠠᠴᠠᠭ᠎ᠠ ᠲᠣᠰᠬᠤᠨ ᠳᠤ ᠬᠠᠨᠳᠤᠭᠤᠯᠤᠨ | ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠵᠦ᠂ ︽ᠢᠯᠡ᠂ ᠲᠥᠪ ᠭᠤᠣᠯᠴᠢ︾ ᠪᠠᠶᠢᠬᠤ ᠶᠢ ᠪᠠᠷᠢᠮᠲᠠᠯᠠᠵᠤ᠂ ︽ᠬᠡᠨ | ᠬᠡᠷᠡᠭᠯᠡᠪᠡᠯ ᠲᠡᠷᠡ ᠬᠠᠮᠢᠶᠠᠷᠬᠤ︾ ᠵᠠᠷᠴᠢᠮ ᠤᠨ ᠰᠢᠯᠢᠳᠡᠭ ᠢ ᠨᠢ ᠰᠣᠩᠭᠤᠨ ᠬᠡᠷᠡᠭᠯᠡᠵᠦ᠂ ᠨᠥᠬᠦᠴᠡᠯ ᠳᠤ | ᠨᠡᠶᠢᠴᠡᠬᠦ ᠶᠢ ᠨᠢ ᠨᠡᠶᠢᠲᠡ ᠳᠤ ᠵᠠᠷᠯᠠᠵᠤ᠂ ᠤᠷᠢᠨ ᠬᠡᠷᠡᠭᠯᠡᠬᠦ ᠬᠡᠷᠡᠭᠲᠡᠶ᠃ | 3᠂ ᠭᠠᠴᠠᠭ᠎ᠠ ᠲᠣᠰᠬᠤᠨ ᠤ ᠴᠡᠪᠡᠷᠯᠡᠭᠴᠢ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠨᠥᠬᠦᠴᠡᠯ ᠳᠤ | ᠨᠡᠶᠢᠴᠡᠬᠦ ᠦᠭᠡᠢ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠭᠰᠡᠨ ᠦᠭᠡᠢ ᠶᠢ ᠨᠢ ᠰᠤᠩᠭᠤᠵᠦ ᠤᠷᠢᠬᠤ | ᠳᠡᠰ ᠳᠠᠷᠠᠭᠠᠯᠠᠯ ᠤᠨ ᠶᠣᠰᠣᠭᠠᠷ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ︽ᠨᠢᠭᠡ ᠬᠥᠮᠦᠨ ᠬᠤᠶᠠᠷ | ᠠᠵᠢᠯ ᠤᠨ ᠪᠠᠶᠢᠷᠢ ᠳᠤ ᠪᠠᠶᠢᠬᠤ᠂ ᠬᠥᠮᠦᠨ ᠠᠵᠢᠯ ᠤᠨ ᠪᠠᠶᠢᠷᠢ ᠳᠤ ᠲᠤᠬᠢᠷᠠᠬᠤ ᠦᠭᠡᠢ︾ ᠪᠠ ᠬᠤᠭᠤᠰᠣᠨ | ᠠᠵᠢᠯ ᠤᠨ ᠪᠠᠶᠢᠷᠢ ᠭᠠᠷᠭᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠦᠵᠡᠭᠳᠡᠯ ᠢ ᠴᠢᠩᠭ᠎ᠠ ᠴᠠᠭᠠᠵᠠᠯᠠᠬᠤ | ᠬᠡᠷᠡᠭ ᠲᠠᠢ᠃ | ᠬᠤᠶᠠᠷ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠴᠡᠪᠡᠷᠯᠡᠭᠴᠢ ᠶᠢ ᠬᠠᠮᠢᠶᠠᠷᠴᠤ ᠬᠡᠷᠡᠭᠯᠡᠬᠦ | ᠠᠵᠢᠯ ᠢ ᠰᠠᠶᠢᠲᠤᠷ ᠠᠳᠬᠤᠬᠤ ᠬᠡᠷᠡᠭᠲᠡᠶ | ᠡᠯ᠎ᠡ ᠭᠠᠵᠠᠷ ᠤᠨ ᠬᠢᠨ ︽ᠬᠡᠨ ᠬᠥᠮᠦᠨ ᠬᠡᠷᠡᠭᠯᠡᠪᠡᠯ᠂ ᠬᠡᠨ ᠬᠠᠮᠢᠶᠠᠷᠬᠤ︾ ᠪᠠ ᠭᠠᠴᠠᠭ᠎ᠠ ᠳᠤ ᠬᠡᠷᠡᠭᠯᠡᠵᠦ | ᠰᠢᠶᠠᠩ ᠠᠴᠠ ᠬᠠᠮᠢᠶᠠᠷᠬᠤ ᠵᠠᠷᠴᠢᠮ ᠢ ᠪᠠᠷᠢᠮᠲᠠᠯᠠᠵᠤ᠂ ᠬᠠᠮᠢᠶᠠᠷᠬᠤ ᠪᠠ ᠬᠢᠨᠠᠨ ᠰᠢᠯᠭᠠᠬᠤ ᠳᠦᠷᠢᠮ ᠲᠣᠭᠲᠠᠭᠠᠵᠤ᠂ | ᠭᠠᠴᠠᠭ᠎ᠠ ᠲᠣᠰᠬᠤᠨ ᠤ ᠴᠡᠪᠡᠷᠯᠡᠭᠴᠢ ᠶᠢ ᠤᠷᠢᠨ ᠬᠡᠷᠡᠭᠯᠡᠬᠦ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶ | ᠢᠯᠠᠵᠤ᠂ ᠭᠠᠴᠠᠭ᠎ᠠ ᠲᠣᠰᠬᠤᠨ ᠤ ᠣᠷᠣᠰᠢᠨ ᠰᠠᠭᠤᠵᠤ ᠪᠠᠶᠢᠭ᠎ᠠ ᠪᠠᠶᠢᠳᠠᠯ ᠢ ᠦᠨᠳᠦᠰᠦᠯᠡᠨ ᠠᠷᠢᠭᠤᠨ ᠴᠡᠪᠡᠷ ᠤᠨ | ᠬᠠᠷᠢᠭᠤᠴᠠᠯᠭᠠᠲᠤ ᠣᠷᠣᠨ ᠲᠣᠭᠤᠷᠢᠭ ᠢ ᠬᠤᠪᠢᠶᠠᠷᠢᠯᠠᠨ᠂ ᠠᠷᠢᠭᠤᠨ ᠴᠡᠪᠡᠷ ᠪᠠᠶᠢᠯᠭᠠᠬᠤ ᠪᠠᠷᠢᠮᠵᠢᠶ᠎ᠠ ᠶᠢ | ᠲᠣᠭᠲᠠᠭᠠᠵᠤ᠂ ᠠᠷᠢᠭᠤᠨ ᠴᠡᠪᠡᠷ ᠤᠨ ᠦᠢᠯᠡᠴᠢᠯᠡᠭᠡᠨ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠲᠣᠰ | ᠣᠷᠣᠨ ᠪᠦᠰᠡ ᠶᠢᠨ ᠳᠣᠲᠣᠷᠠᠬᠢ ᠣᠷᠴᠢᠨ ᠲᠣᠭᠤᠷᠢᠨ ᠤ ᠠᠷᠢᠭᠤᠨ ᠴᠡᠪᠡᠷ ᠢ ᠦᠨᠡᠨᠬᠦ ᠪᠠᠲᠤᠯᠠᠬᠤ ᠬᠡᠷᠡᠭᠲᠡᠶ᠃ | ᠲᠤᠰᠬᠠᠶ ᠬᠥᠮᠦᠨ ᠵᠢᠭᠠᠨ ᠲᠣᠭᠲᠠᠭᠠᠵᠤ᠂ ᠬᠠᠮᠢᠶᠠᠷᠤᠯᠲᠠ ᠶᠢ ᠰᠠᠶᠢᠲᠤᠷ ᠠᠳᠬᠤᠵᠤ᠂ ᠠᠵᠢᠯ ᠤᠨ ᠲᠡᠮᠳᠡᠭᠯᠡᠯ ᠢᠶᠠᠨ | ᠰᠠᠶᠢᠳᠤᠷ ᠬᠢᠬᠦ ᠬᠡᠷᠡᠭᠲᠡᠶ᠃ ᠡᠯ᠎ᠡ ᠭᠠᠵᠠᠷ ᠤᠨ ᠬᠢᠨ ᠭᠠᠴᠠᠭ᠎ᠠ ᠲᠣᠰᠬᠤᠨ ᠤ ᠴᠡᠪᠡᠷᠯᠡᠭᠴᠢ ᠶᠢᠨ ᠲᠤᠬᠠᠶᠢᠯᠠᠭᠰᠠᠨ | ᠠᠵᠢᠯ ᠤᠨ ᠪᠣᠯᠪᠠᠰᠤᠷᠠᠭᠤᠯᠤᠯ ᠤᠨ ᠠᠵᠢᠯ ᠢ ᠰᠠᠶᠢᠲᠤᠷ ᠬᠢᠵᠦ᠂ ᠠᠷᠢᠭᠤᠨ ᠴᠡᠪᠡᠷ ᠤᠨ ᠡᠩᠨᠡᠭᠡᠨ ᠤ ᠪᠦᠬᠦᠯᠢ | ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ | ᠭᠤᠷᠪᠠ᠂ ᠬᠠᠮᠢᠶᠠᠷᠤᠯᠲᠠ ᠶᠢ ᠵᠢᠷᠤᠮᠵᠢᠭᠤᠯᠬᠤ ᠶᠢ ᠪᠠᠷᠢᠮᠲᠠᠯᠠᠵᠤ᠂ ᠳᠠᠩᠰᠠ ᠡᠪᠬᠡᠮᠡᠯ ᠤᠨ ᠮᠠᠲ᠋ᠧᠷᠢᠶᠠᠯ ᠢ | ᠲᠡᠭᠦᠯᠳᠡᠷᠵᠢᠭᠦᠯᠦᠨ᠎ᠡ | ᠭᠠᠴᠠᠭ᠎ᠠ ᠲᠣᠰᠬᠤᠨ ᠤ ᠴᠡᠪᠡᠷᠯᠡᠭᠴᠢ ᠶᠢ ᠤᠷᠢᠵᠤ ᠬᠡᠷᠡᠭᠯᠡᠬᠦ ᠠᠵᠢᠯ ᠢ ᠡᠯ᠎ᠡ ᠭᠠᠵᠠᠷ ᠤᠨ ᠬᠢᠨ | ᠨᠢᠭᠡᠳᠦᠯᠲᠡᠶ ᠳᠤ ᠵᠣᠬᠢᠶᠠᠨ ᠪᠠᠶᠢᠭᠤᠯᠬᠤ ᠪᠤᠶᠤ ᠬᠥᠮᠦᠨ ᠬᠡᠷᠡᠭᠯᠡᠬᠦ ᠨᠢᠭᠡᠴᠡ ᠥᠪᠡᠰᠦᠪᠡᠨ ᠵᠣᠬᠢᠶᠠᠨ ᠪᠠᠶᠢᠭᠤᠯᠵᠤ᠂ | ᠲᠡᠷᠡᠴᠢᠯᠡᠨ ᠤᠷᠢᠨ ᠬᠡᠷᠡᠭᠯᠡᠬᠦ ᠭᠡᠷ᠎ᠡ ︵ᠬᠡᠯᠡᠯᠴᠡᠭᠡᠷ︶ ᠳᠤ ᠭᠠᠷ ᠤᠨ ᠥᠰᠥᠭ ᠵᠢᠷᠤᠵᠤ ︵ᠦᠷᠭᠦᠯᠵᠢᠯᠡᠯ︶ | ᠲᠤᠠᠠᠳᠠᠭᠠᠨ᠎ᠠ᠃ ᠡᠯ᠎ᠡ ᠭᠠᠵᠠᠷ ᠤᠨ ᠬᠢᠨ ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠬᠦ ︵ᠭᠤᠶᠤᠴᠢᠯᠠᠬᠤ︶᠂ ᠬᠢᠨᠠᠨ | ᠬᠠᠷᠭᠤᠭᠤᠯᠵᠤ ᠬᠢᠨᠠᠨ ᠵᠥᠪᠰᠢᠶᠡᠷᠡᠬᠦ᠂ ᠢᠯᠡ ᠪᠠᠷ ᠤᠷᠢᠵᠤ ᠬᠡᠷᠡᠭᠯᠡᠬᠦ᠂ ᠳᠡᠭᠡᠭᠰᠢᠯᠡᠭᠦᠯᠵᠦ ᠳᠠᠩᠰᠠᠯᠠᠭᠤᠯᠬᠤ ᠳᠡᠰ | ᠳᠠᠷᠠᠭᠠᠯᠠᠯ ᠶᠣᠰᠣᠭᠠᠷ ᠰᠣᠩᠭᠤᠨ ᠤᠷᠢᠬᠤ ᠬᠡᠷᠡᠭᠲᠡᠶ᠃ ᠭᠠᠴᠠᠭ᠎ᠠ ᠲᠣᠰᠬᠤᠨ ᠤ ᠴᠡᠪᠡᠷᠯᠡᠭᠴᠢ ᠶᠢ ᠵᠢᠷᠤᠮᠵᠢᠭᠤᠯᠤᠨ | ᠬᠠᠮᠢᠶᠠᠷᠬᠤ ᠶᠢ ᠴᠢᠩᠭᠠᠳᠬᠠᠬᠤ ᠬᠡᠷᠡᠭᠲᠡᠶ᠃ | ᠬᠥᠮᠦᠨ ᠬᠡᠷᠡᠭᠯᠡᠬᠦ ᠨᠢᠭᠡᠴᠡ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ | ᠤᠷᠢᠵᠤᠬᠡᠷᠡᠭᠯᠡᠭᠰᠡᠨ ᠬᠥᠮᠦᠰ ᠤᠨ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢᠨ ᠡᠬᠡ ᠳᠠᠩᠰᠠ︾ ᠶᠢ | ᠪᠠᠶᠢᠭᠤᠯᠵᠤ᠂ ᠡᠬᠡ ᠳᠠᠩᠰᠠ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠬᠥᠮᠦᠰ ᠤᠨ | ᠭᠤᠶᠤᠴᠢᠯᠠᠯ ᠤᠨ ᠪᠢᠴᠢᠭ᠂ ᠬᠢᠨᠠᠨ ᠵᠥᠪᠰᠢᠶᠡᠷᠡᠬᠦ ᠬᠦᠰᠦᠨᠦᠭᠲᠦ᠂ ᠬᠥᠳᠡᠯᠮᠦᠷᠢ ᠶᠢᠨ ᠬᠡᠯᠡᠯᠴᠡᠭᠡᠷ᠂ ᠠᠵᠢᠯ ᠤᠨ | ᠳᠡᠮᠳᠡᠭᠯᠡᠯ ᠵᠡᠷᠭᠡ ᠶᠢ ᠪᠠᠭᠲᠠᠭᠠᠭᠰᠠᠨ ᠪᠥᠭᠡᠳ ᠠᠵᠢᠯ ᠣᠯᠭᠤᠬᠤ ᠰᠠᠯᠠᠭ᠎ᠠ ᠮᠥᠴᠢᠷ ᠲᠤ ᠮᠡᠳᠡᠭᠦᠯᠦᠨ | ᠳᠠᠩᠰᠠᠯᠠᠭᠤᠯᠤᠨ᠎ᠠ᠃ ᠨᠥᠬᠦᠪᠥᠷᠢ ᠣᠯᠭᠤᠬᠤ ᠶᠢᠨ ᠭᠤᠤᠯ ᠦᠨᠳᠦᠰᠦᠯᠡᠯ ᠪᠣᠯᠭᠠᠬᠤ ᠶᠢᠨ ᠬᠠᠮᠲᠤ ᠤᠷᠢᠨ ᠬᠡᠷᠡᠭᠯᠡᠬᠦ | ᠬᠥᠮᠦᠰ ᠤᠨ ᠡᠭᠦᠷᠭᠡ ᠬᠠᠷᠢᠭᠤᠴᠠᠯᠭ᠎ᠠ᠂ ᠠᠵᠢᠯ ᠤᠨ ᠰᠠᠬᠢᠯᠭ᠎ᠠ ᠪᠠᠲᠤ᠂ ᠣᠯᠭᠤᠮᠵᠢ ᠶᠢᠨ ᠨᠥᠬᠦᠪᠥᠷᠢ ᠪᠣᠯᠤᠨ ᠬᠢᠨᠠᠨ | ᠰᠢᠯᠭᠠᠵᠤ ᠱᠠᠩᠨᠠᠬᠤ ᠲᠣᠷᠭᠠᠬᠤ ᠠᠷᠭ᠎ᠠ ᠶᠢ ᠲᠣᠭᠲᠠᠭᠠᠬᠤ ᠬᠡᠷᠡᠭᠲᠡᠶ᠃ | ᠳᠥᠷᠪᠡ᠂ ᠬᠠᠮᠢᠶ᠎ᠠ ᠪᠥᠬᠦᠶ ᠠᠵᠢᠯ ᠤᠨ ᠪᠠᠶᠢᠷᠢ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠦᠷᠢᠵᠢᠭᠤᠯᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ ᠶᠢ ᠪᠠᠲᠤᠯᠠᠨ᠎ᠠ | ᠰᠢᠶᠠᠩ ᠲᠣᠰᠬᠤᠨ ᠤ ᠴᠡᠪᠡᠷᠯᠡᠭᠴᠢ ᠶᠢᠨ ᠠᠵᠢᠯ ᠤᠨ ᠪᠠᠶᠢᠷᠢ ᠶᠢᠨ ᠨᠥᠬᠦᠪᠥᠷᠢ ᠶᠢᠨ ᠳᠦᠷᠢᠮ ᠢ ᠪᠠᠶᠢᠭᠤᠯᠤᠨ | ᠳᠡᠭᠦᠯᠳᠡᠷᠵᠢᠭᠦᠯᠵᠦ᠂ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠪᠣᠯᠤᠨ ᠬᠠᠮᠢᠶ᠎ᠠ ᠪᠦᠬᠦᠢ | ᠰᠠᠯᠠᠭ᠎ᠠ ᠮᠥᠴᠢᠷ ᠤᠳ ᠪᠤᠳᠠᠳᠠᠢ ᠵᠣᠬᠢᠴᠠᠭᠤᠯᠤᠨ ᠬᠠᠮᠢᠶᠠᠷᠬᠤ ᠠᠵᠢᠯ ᠢ ᠰᠠᠶᠢᠲᠤᠷ ᠬᠢᠬᠦ ᠬᠡᠷᠡᠭᠲᠡᠶ᠃ | 1᠂ ᠪᠦᠬᠦ ᠬᠤᠰᠢᠭᠤᠨ ᠤ 82 ᠲᠣᠰᠬᠤᠨ ᠤ ᠲᠡᠰ ᠤᠨ ᠴᠠᠬᠢᠯᠭᠠᠨ ᠥᠷᠲᠡᠭᠡᠨ ᠤ ᠪᠠᠶᠢᠭ᠎ᠠ ᠲᠣᠰᠬᠤᠨ ᠤ ᠤᠷᠢᠨ | ᠬᠡᠷᠡᠭᠯᠡᠭᠰᠡᠨ ᠴᠠᠬᠢᠯᠭᠠᠨ ᠥᠷᠲᠡᠭᠡᠨ ᠤ ᠠᠰᠠᠷᠠᠭᠴᠢ᠂ ᠴᠠᠬᠢᠯᠭᠠᠨ ᠥᠷᠲᠡᠭᠡᠨ ᠤ ᠰᠠᠭᠤᠷᠢ ᠲᠥᠬᠦᠭᠡᠷᠦᠮᠵᠢ ᠶᠢᠨ | ᠴᠡᠪᠡᠷᠯᠡᠭᠴᠢ᠂ ᠴᠠᠬᠢᠯᠭᠠᠨ ᠥᠷᠲᠡᠭᠡᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠠᠭᠠᠯᠠᠭᠴᠢ ᠶᠢᠨ | ᠠᠵᠢᠯ ᠤᠨ ᠪᠠᠶᠢᠷᠢ ᠶᠢᠨ ᠨᠥᠬᠦᠪᠥᠷᠢ᠂ ᠬᠥᠮᠦᠨ ᠪᠦᠷᠢ ᠳᠤ ᠰᠠᠷ᠎ᠠ ᠪᠦᠷᠢ 200 ᠲᠥᠭᠦᠷᠢᠭ ᠥᠭᠴᠦ᠂ ᠬᠡᠷᠡᠭᠰᠡᠬᠦ | ᠪᠡᠯᠡ ᠮᠥᠩᠭᠦ ᠶᠢ ᠲᠣᠰᠬᠤᠨ ᠤ ᠱᠠᠲᠤᠨ ᠤ ᠴᠠᠬᠢᠯᠭᠠᠨ ᠥᠷᠲᠡᠭᠡ ᠶᠢᠨ ᠠᠰᠢᠭ ᠣᠷᠣᠯᠭ᠎ᠠ ᠠᠴᠠ ᠪᠤᠶ ᠪᠣᠯᠤᠭᠰᠠᠨ | ᠲᠣᠰᠬᠤᠨ ᠤ ᠬᠠᠮᠲᠤ ᠶᠢᠨ ᠠᠵᠤ ᠠᠬᠤᠶ ᠠᠴᠠ ᠥᠭᠭᠦᠨ᠎ᠡ᠃ ᠲᠣᠰᠬᠤᠨ ᠤ ᠱᠠᠲᠤᠨ ᠤ ᠴᠠᠬᠢᠯᠭᠠᠨ ᠥᠷᠲᠡᠭᠡ ᠶᠢᠨ | ᠪᠤᠰᠤᠳ ᠭᠠᠴᠠᠭ᠎ᠠ ᠲᠣᠰᠬᠤᠨ ᠤ ᠤᠷᠢᠨ ᠬᠡᠷᠡᠭᠯᠡᠭᠰᠡᠨ ᠠᠷᠢᠭᠤᠨ ᠴᠡᠪᠡᠷ ᠢ ᠬᠠᠮᠠᠭᠠᠯᠠᠬᠤ ᠠᠵᠢᠯᠲᠠᠨ ᠤ ᠠᠵᠢᠯ ᠤᠨ | ᠪᠠᠶᠢᠷᠢ ᠶᠢᠨ ᠨᠥᠬᠦᠪᠥᠷᠢ ᠶᠢ ᠪᠠᠶᠢᠭ᠎ᠠ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠠᠴᠠ | ᠴᠠᠭ ᠲᠤᠬᠠᠶ ᠳᠤᠨᠢ ᠣᠯᠭᠤᠨ᠎ᠠ᠃ ᠲᠠᠷᠬᠠᠭᠠᠬᠤ ᠪᠠᠷᠢᠮᠵᠢᠶ᠎ᠠ ᠨᠢ ᠬᠥᠮᠦᠨ ᠪᠦᠷᠢ ᠰᠠᠷ᠎ᠠ ᠳᠤ 200 ᠲᠥᠭᠦᠷᠢᠭ | ᠪᠣᠯᠤᠨ᠎ᠠ᠃ | 2᠂ ᠬᠦᠴᠦ ᠶᠠᠪᠤᠭᠰᠠᠳ ᠲᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠨᠠᠢᠳᠠᠪᠤᠷᠢᠵᠢᠭᠤᠯᠬᠤ᠂ ᠭᠤᠷᠪᠠᠨ | ᠰᠠᠷ᠎ᠠ ᠠᠴᠠ ᠳᠡᠭᠡᠭᠰᠢ ᠠᠵᠢᠯ ᠣᠯᠤᠭᠰᠠᠨ ᠭᠠᠴᠠᠭ᠎ᠠ ᠲᠣᠰᠬᠤᠨ ᠤ ᠴᠡᠪᠡᠷᠯᠡᠭᠴᠢ ᠶᠢ ᠰᠤᠮᠤ ᠰᠢᠶᠠᠩ ᠪᠠᠯᠭᠠᠰᠤ ︵ | ᠬᠦᠷᠢᠶᠡᠯᠡᠩ ᠲᠣᠭᠤᠷᠢᠭ︶ ᠶᠢᠨ ᠳᠡᠭᠡᠭᠰᠢ ᠮᠡᠳᠡᠭᠦᠯᠦᠭᠰᠡᠨ ᠪᠠ ᠭᠠᠴᠠᠭ᠎ᠠ ᠲᠣᠰᠬᠤᠨ ᠤ ᠴᠡᠪᠡᠷᠯᠡᠭᠴᠢ ᠶᠢ ᠤᠷᠢᠨ | ᠬᠡᠷᠡᠭᠯᠡᠬᠦ ᠨᠡᠷᠡᠰ ᠢ ᠦᠨᠳᠦᠰᠦᠯᠡᠨ᠂ ᠠᠵᠢᠯ ᠣᠯᠭᠤᠬᠤ ᠲᠣᠪᠴᠢᠶ᠎ᠠ ᠠᠴᠠ ᠰᠠᠷ᠎ᠠ ᠪᠦᠷᠢ 100 ᠲᠥᠭᠦᠷᠢᠭ ᠤᠨ | ᠬᠥᠯᠥᠰᠥᠨ ᠠᠵᠢᠯ ᠬᠢᠬᠦ ᠨᠥᠬᠦᠪᠥᠷᠢ ᠥᠭᠴᠦ᠂ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ | ᠬᠠᠮᠵᠢᠯᠴᠠᠭ᠎ᠠ ᠶᠢᠨ ᠪᠡᠯᠡ ᠮᠥᠩᠭᠦ ᠶᠢᠨ ᠳᠣᠲᠣᠷ᠎ᠠ ᠠᠴᠠ ᠭᠠᠷᠭᠠᠵᠤ᠂ ︽ᠪᠦᠬᠦᠨ ᠳᠤ ᠲᠣᠬᠢᠷᠠᠬᠤ ᠺᠠᠷᠲ︾ ᠤᠨ | ᠬᠡᠯᠪᠡᠷᠢ ᠪᠠᠷ ᠬᠥᠮᠦᠨ ᠳᠤ ᠨᠥᠬᠦᠪᠥᠷᠢᠯᠡᠨ᠎ᠡ᠃ | | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠬᠡᠷ | 2020 ᠣᠨ ᠤ 5 ᠳ᠋ᠤᠭᠠᠷ ᠰᠠᠷ᠎ᠠ ᠶᠢᠨ 25 ᠤ ᠡᠳᠦᠷ | | | | | | |