ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠲᠠᠶᠢᠯᠤᠮᠵᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ︽︿ᠨᠢᠭᠡ ᠰᠡᠳᠬᠢᠯ ᠣᠯᠠᠨ ᠴᠡᠭ﹀ ᠴᠢᠳᠠᠪᠤᠷᠢᠲᠠᠨ ᠤ ᠠᠵᠢᠯ ᠤᠨ ᠰᠢᠨ᠎ᠡ ᠪᠠᠶᠢᠷᠢᠰᠢᠯ ᠢ ᠪᠠᠶᠢᠭᠤᠯᠬᠤ ᠲᠤᠬᠠᠶ ᠵᠢᠯᠣᠭᠤᠳᠬᠤ ᠰᠠᠨᠠᠯ︾
ᠨᠡᠶᠢᠲᠡᠯᠡᠭᠰᠡᠨ ᠴᠠᠭ᠄
2020-04-29
         ᠴᠢᠳᠠᠪᠦᠷᠢᠳᠡᠨ ᠢᠶᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢ ᠳᠥᠯᠭᠢᠨ ᠠᠬᠢᠭᠤᠯᠵᠤ᠂ ᠪᠥᠬᠦ ᠣᠷᠣᠨ ᠤ ᠴᠢᠳᠠᠪᠤᠷᠢᠲᠠᠨ ᠤ ᠠᠵᠢᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠶᠠᠰᠤ ᠴᠢᠨᠡᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ ᠥᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ︽︿ᠨᠢᠭᠡ ᠰᠡᠳᠬᠢᠯ ᠣᠯᠠᠨ ᠴᠡᠭ﹀ ᠤᠨ ᠴᠢᠳᠠᠪᠤᠷᠢᠲᠠᠨ ᠤ ᠠᠵᠢᠯ ᠤᠨ ᠰᠢᠨ᠎ᠡ ᠪᠠᠶᠢᠷᠢᠰᠢᠯ ᠢ ᠪᠠᠶᠢᠭᠤᠯᠬᠤ ᠲᠤᠬᠠᠶ ᠵᠢᠯᠣᠭᠤᠳᠬᠤ ᠰᠠᠨᠠᠯ︾ ᠢ ᠲᠠᠷᠣᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠭᠤᠤᠯ ᠠᠵᠢᠯ ᠲᠠᠢ ᠨᠢᠭᠲᠠ ᠤᠶᠠᠯᠳᠤᠭᠤᠯᠤᠨ᠂ ᠰᠢᠨ᠎ᠡ ᠴᠠᠭ ᠦᠶ᠎ᠡ ᠶᠢᠨ ᠪᠥᠬᠦ ᠣᠷᠣᠨ ᠤ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠳᠤ ᠰᠢᠰᠲ᠋ᠧᠮ ᠲᠠᠢ ᠤᠬᠠᠭᠠᠯᠠᠨ ᠰᠡᠳᠦᠬᠦ ᠪᠠ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠬᠢᠪᠠ᠃      ᠶᠡᠷᠦᠩᠭᠡᠢ ᠰᠡᠳᠬᠢᠮᠵᠢ᠄      ᠵᠢᠯᠣᠭᠤᠳᠬᠤ ᠰᠠᠨᠠᠯ ᠳᠤ ᠥᠪᠡᠷᠲᠡᠭᠡᠨ ᠵᠠᠰᠠᠬᠤ ᠣᠷᠣᠨ ᠤ ︽ᠨᠢᠭᠡ ᠰᠡᠳᠬᠢᠯ ᠣᠯᠠᠨ ᠴᠡᠭ  ︾ ᠴᠢᠳᠠᠪᠤᠷᠢᠲᠠᠨ ᠤ ᠠᠵᠢᠯ ᠤᠨ ᠶᠡᠷᠦᠩᠬᠡᠶ ᠰᠡᠳᠬᠢᠮᠵᠢ ᠪᠣᠯ᠂ ᠭᠠᠳᠠᠭᠰᠢ᠂ ᠨᠡᠶᠢᠰᠯᠡᠯ ᠢᠶᠠᠷ ᠲᠥᠪ ᠪᠣᠯᠭᠠᠵᠤ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠢᠴᠢ ᠳᠤᠮᠳᠠᠳᠤ ᠣᠷᠣᠨ᠂ ᠪᠠᠷᠠᠭᠤᠨ ᠬᠤᠶᠢᠲᠤ ᠣᠷᠣᠨ᠂ ᠵᠡᠭᠦᠨ ᠬᠤᠶᠢᠲᠤ ᠣᠷᠣᠨ ᠵᠡᠷᠭᠡ ᠭᠠᠵᠠᠷ ᠣᠷᠣᠨ ᠢᠶᠠᠷ ᠣᠯᠠᠨ ᠴᠡᠭ ᠪᠣᠯᠭᠠᠵᠤ᠂ ᠪᠡᠭᠡᠵᠢᠩ ᠤᠨ ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ᠂ ᠰᠢᠨ᠎ᠡ ᠶᠢ ᠡᠭᠦᠳᠬᠦ ᠭᠤᠤᠯ ᠲᠥᠪᠯᠡᠷᠡᠯ ᠤᠨ ᠭᠠᠵᠠᠷ ᠢ ᠭᠦᠢᠴᠡᠳ ᠠᠰᠢᠭᠯᠠᠨ᠂ ᠮᠠᠨ ᠤ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠴᠢᠳᠠᠪᠦᠷᠢᠳᠡᠨ ᠢ ᠤᠶᠠᠨ ᠵᠥᠭᠡᠯᠡᠨ ᠢᠶᠠᠷ ᠣᠷᠣᠭᠤᠯᠤᠨ ᠠᠪᠴᠢᠷᠠᠬᠤ ᠪᠠᠷ ᠭᠤᠤᠯ ᠭᠠᠷᠳᠠᠴᠠ ᠪᠠ ᠭᠤᠤᠯ ᠪᠣᠯᠬᠤ ᠠᠵᠢᠯ ᠤᠨ ᠠᠷᠭ᠎ᠠ ᠮᠠᠶ᠋ᠢᠭ ᠪᠣᠯᠭᠠᠵᠤ᠂ ᠪᠠᠶᠢᠭ᠎ᠠ ᠭᠠᠵᠠᠷ ᠢ ᠬᠥᠭᠡᠭᠡᠴᠡᠯᠳᠦᠬᠦ ᠥᠬᠡᠶ᠂ ᠭᠡᠪᠡᠴᠦ ᠬᠡᠷᠡᠭᠯᠡᠬᠦ ᠶᠢ ᠬᠦᠰᠡᠵᠦ᠂ ᠤᠶᠠᠨ ᠵᠥᠭᠡᠯᠡᠨ ᠢᠶᠠᠷ ᠣᠷᠣᠭᠤᠯᠤᠨ ᠠᠪᠴᠢᠷᠠᠬᠤ ᠶᠢ ᠶᠡᠬᠡᠪᠡᠷ ᠠᠬᠢᠭᠤᠯᠤᠨ᠎ᠠ︔ ᠳᠣᠲᠣᠭᠠᠳᠤ ᠳᠤ ᠪᠠᠨ᠂ ᠨᠡᠶᠢᠰᠯᠡᠯ ᠢᠶᠠᠷ ᠲᠥᠪ ᠪᠣᠯᠭᠠᠵᠤ᠂ ᠲᠥᠪ ᠤᠨ ᠴᠢᠳᠠᠪᠤᠷᠢᠲᠠᠨ ᠴᠤᠭᠯᠠᠷᠠᠭᠰᠠᠨ ᠭᠠᠵᠠᠷ ᠢ ᠪᠠᠶᠢᠭᠤᠯᠵᠦ᠂ ᠲᠥᠪ ᠠᠴᠠ ᠳᠡᠭᠡᠳᠦ ᠲᠠᠰ ᠤᠨ ᠴᠢᠳᠠᠪᠤᠷᠢᠲᠠᠨ ᠴᠤᠭᠯᠠᠷᠠᠭᠰᠠᠨ  ᠦᠢᠯᠡᠳᠣᠯ ᠢ ᠪᠣᠶ ᠪᠣᠯᠭᠠᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠠᠵᠤ ᠦᠢᠯᠡᠰ ᠤᠨ ᠰᠦᠷᠦᠭᠵᠢᠯ᠂ ᠬᠠᠲᠤᠨ ᠭᠤᠤᠯ ᠳᠠᠭᠠᠤ ᠶᠢᠨ ᠠᠮᠢ ᠠᠬᠤᠶ ᠶᠢᠨ ᠠᠵᠤ ᠠᠬᠤᠶ ᠶᠢᠨ ᠪᠦᠰᠡ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠵᠡᠷᠭᠡ ᠪᠠᠷ ᠣᠯᠠᠨ ᠴᠡᠭ ᠢᠶᠠᠷ ᠪᠦᠬᠦ ᠣᠷᠣᠨ ᠤ ᠴᠢᠳᠠᠪᠤᠷᠢᠲᠠᠨ ᠴᠤᠭᠯᠠᠷᠠᠭᠰᠠᠨ ᠪᠠᠶᠢᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠪᠣᠯᠬᠤ ᠳᠤ᠂ ᠣᠷᠣᠨ ᠤ ᠲᠥᠪ ᠣᠷᠣᠨ ᠤ ᠡᠯ᠎ᠡ ᠲᠥᠷᠥᠯ ᠤᠨ ᠴᠢᠳᠠᠪᠤᠷᠢᠲᠠᠨ ᠢ ᠰᠢᠨ᠎ᠡ ᠪᠠᠷ 30 ᠲᠦᠮᠡ ᠨᠡᠮᠡᠭᠳᠡᠭᠦᠯᠵᠦ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠠᠵᠤ ᠦᠢᠯᠡᠰ ᠤᠨ ᠰᠦᠷᠦᠭᠵᠢᠯ ᠢ ᠨᠥᠯᠥᠭᠡᠯᠡᠨ ᠳᠠᠶᠢᠴᠢᠯᠠᠵᠤ᠂ ᠡᠯ᠎ᠡ ᠲᠥᠷᠥᠯ ᠤᠨ ᠴᠢᠳᠠᠪᠤᠷᠢᠲᠠᠨ ᠢ ᠰᠢᠨ᠎ᠡ ᠪᠠᠷ 60 ᠲᠦᠮᠡ ᠨᠡᠮᠡᠭᠳᠡᠭᠦᠯᠦᠨ᠎ᠡ︔ ᠨᠠᠮ ᠠᠴᠠ ᠴᠢᠳᠠᠪᠤᠷᠢᠲᠠᠨ ᠢ ᠬᠠᠮᠢᠶᠠᠷᠬᠤ ᠪᠠᠷ ᠭᠤᠤᠯ ᠪᠣᠯᠭᠠᠵᠤ᠂ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠨ ᠬᠥᠮᠦᠨ ᠬᠡᠷᠡᠭᠯᠡᠬᠦ ᠨᠢᠭᠡᠴᠡ ᠪᠠᠷ ᠣᠯᠠᠨ ᠴᠡᠭ ᠲᠤ ᠦᠢᠯᠡᠴᠢᠯᠡᠬᠦ ᠴᠢᠳᠠᠪᠤᠷᠢᠲᠠᠨ ᠢᠶᠠᠷ ᠴᠢᠳᠠᠪᠦᠷᠢᠳᠡᠨ ᠢ ᠲᠠᠭᠠᠭᠤᠯᠣᠨ ᠰᠠᠶᠢᠲᠤᠷ ᠬᠡᠷᠡᠭᠯᠡᠵᠦ᠂ ︽ᠰᠡᠳᠬᠢᠯ︾ ︽ᠴᠡᠭ︾ ᠢᠶᠠᠷ ᠳᠠᠶᠢᠴᠢᠯᠠᠬᠤ᠂ ᠬᠠᠮᠲᠤᠷᠠᠨ ᠬᠥᠳᠡᠯᠦᠯᠴᠡᠬᠦ᠂ ᠬᠠᠷᠢᠯᠴᠠᠨ ᠬᠥᠳᠡᠯᠦᠯᠴᠡᠵᠦ ᠬᠥᠭᠵᠢᠬᠦ ᠴᠢᠳᠠᠪᠤᠷᠢᠲᠠᠨ ᠤ ᠠᠵᠢᠯ ᠤᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃      ᠲᠡᠮᠡᠴᠡᠬᠦ ᠬᠠᠷᠠᠯᠲᠠ᠄      ᠯᠠᠪᠳᠠᠭᠤᠨ ᠪᠠᠲᠤᠲᠠᠶ ᠪᠥᠭᠡᠳ ᠬᠦᠴᠦᠲᠡᠶ ᠠᠵᠢᠯᠯᠠᠬᠤ ᠪᠠᠷ ᠳᠠᠮᠵᠢᠭᠤᠯᠤᠨ᠂ ︽ᠨᠢᠭᠡ ᠰᠡᠳᠬᠢᠯ ᠣᠯᠠᠨ ᠴᠡᠭ ︾ ᠴᠢᠳᠠᠪᠤᠷᠢᠲᠠᠨ ᠤ ᠠᠵᠢᠯ ᠤᠨ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠪᠣᠯᠲᠠᠯ᠎ᠠ᠂ ᠴᠢᠳᠠᠪᠤᠷᠢᠲᠠᠨ ᠤ ᠡᠬᠢ ᠪᠠᠶᠠᠯᠢᠭ ᠢ 80 ᠲᠦᠮᠡᠨ ᠬᠥᠮᠦᠨ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠴᠢᠳᠠᠪᠤᠷᠢᠲᠠᠨ ᠤ ᠡᠬᠢ ᠪᠠᠶᠠᠯᠢᠭ ᠤᠨ ᠶᠡᠷᠦᠩᠭᠡᠢ ᠬᠡᠮᠵᠢᠶ᠎ᠡ ᠶᠢᠨ ᠬᠥᠮᠦᠨ ᠠᠮᠠ ᠳᠠᠬᠢ ᠡᠵᠡᠯᠡᠬᠦ ᠬᠤᠪᠢ ᠶᠢᠨ ᠵᠢᠩ ᠢ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠳᠤ ᠬᠦᠷᠦᠭᠦᠯᠦᠨ᠎ᠡ᠃ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠴᠢᠳᠠᠪᠤᠷᠢᠲᠠᠨ ᠤ ᠡᠩᠨᠡᠭᠡ ᠶᠢᠨ ᠪᠦᠲᠦᠴᠡ᠂ ᠪᠠᠶᠢᠷᠢᠰᠢᠭᠤᠯᠤᠯᠲᠠ ᠪᠠ ᠰᠢᠨ᠎ᠡ ᠶᠢ ᠡᠭᠦᠳᠬᠦ ᠴᠢᠳᠠᠪᠦᠷᠢ ᠨᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠲᠠᠢ ᠵᠣᠬᠢᠴᠠᠵᠦ᠂ ᠴᠢᠳᠠᠪᠤᠷᠢᠲᠠᠨ ᠤ ᠬᠥᠭᠵᠢᠯᠲᠡ ᠶᠢᠨ ᠶᠡᠷᠦᠩᠬᠡᠶ ᠬᠢᠷᠢ ᠬᠡᠮᠵᠢᠶ᠎ᠡ ᠨᠢ ᠪᠠᠷᠠᠭᠤᠨ ᠬᠡᠰᠡᠭ ᠤᠨ ᠮᠤᠵᠢ ᠣᠷᠣᠨ ᠤ ᠡᠮᠦᠨ᠎ᠡ ᠡᠩᠨᠡᠭᠡᠨ ᠳᠤ ᠣᠷᠣᠪᠠ᠃      ᠭᠤᠣᠯᠳᠠᠯᠭ᠎ᠠ ᠲᠠᠢ ᠠᠵᠢᠯ ᠤᠨ ᠲᠥᠯᠥᠪᠯᠡᠭᠡ ᠶᠢ ᠬᠡᠷᠡᠭᠵᠢᠭᠦᠯᠬᠦ᠄      ︽ᠨᠢᠭᠡ ᠰᠡᠳᠬᠢᠯ ᠣᠯᠠᠨ ᠴᠡᠭ︾ ᠤᠨ ᠴᠢᠳᠠᠪᠤᠷᠢᠲᠠᠨ ᠤ ᠠᠵᠢᠯ ᠢ ᠠᠬᠢᠭᠤᠯᠬᠤ 8 ᠵᠦᠢᠯ ᠤᠨ ᠭᠤᠤᠯᠳᠠᠯᠭ᠎ᠠ ᠲᠠᠢ ᠠᠵᠢᠯ ᠤᠨ ᠲᠥᠯᠥᠪᠯᠡᠭᠡ ᠶᠢ ᠲᠣᠳᠣᠷᠬᠠᠶ ᠲᠣᠭᠲᠠᠭᠠᠪᠠ᠃ ᠠᠺᠠᠳᠧᠮᠢᠴᠢ ᠶᠢᠨ ᠵᠢᠱᠢᠭᠳᠡᠭᠴᠢ ᠶᠢ ᠬᠥᠮᠦᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠳᠠᠯᠳᠠ ᠬᠦᠴᠦᠨ ᠲᠠᠢ ᠲᠡᠭᠡᠳᠦ ᠲᠠᠰ ᠳᠠᠪᠬᠤᠷᠭ᠎ᠠ ᠶᠢᠨ ᠳᠠᠭᠠᠭᠤᠯᠤᠭᠴᠢ ᠴᠢᠳᠠᠪᠤᠷᠢᠲᠠᠨ ᠢ ᠰᠣᠩᠭᠤᠵᠤ ᠭᠤᠤᠯᠳᠠᠯᠭ᠎ᠠ ᠲᠠᠢ ᠬᠦᠮᠦᠵᠢᠬᠦᠯᠦᠨ᠎ᠡ︔ ᠰᠣᠩᠭᠤᠭᠳᠠᠭᠰᠠᠨ ᠴᠢᠳᠠᠪᠤᠷᠢᠲᠠᠨ ᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠪᠠᠷ ᠢᠳᠡᠪᠬᠢᠲᠡᠶ ᠰᠣᠩᠭᠤᠭᠳᠠᠬᠤ ᠶᠢ ᠵᠣᠷᠢᠨᠨᠵᠢᠭᠤᠯᠬᠤ ᠪᠠ ᠲᠠᠨᠢᠯᠴᠠᠭᠤᠯᠤᠨ᠎ᠠ᠃ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠯᠥᠪᠯᠡᠭᠡ ᠶᠢ ᠬᠡᠷᠡᠭᠵᠢᠭᠦᠯᠵᠦ᠂ ︽ᠰᠠᠭᠠᠳ ᠥᠬᠡᠶ ᠨᠡᠪᠲᠡᠷᠡᠬᠦ ᠵᠠᠮ︾ ᠢᠶᠠᠷ ᠳᠠᠮᠵᠢᠭᠤᠯᠤᠨ᠂ ᠭᠤᠤᠯᠳᠠᠯᠭ᠎ᠠ ᠲᠠᠢ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠵᠠᠩᠭᠢᠯᠠᠭ᠎ᠠ ᠶᠢᠨ ᠠᠵᠢᠯ ᠤᠨ ᠪᠠᠶᠢᠷᠢ ᠪᠠᠷ ᠵᠢᠯ ᠪᠦᠷᠢ 10 ᠨᠡᠷᠡᠰ ᠣᠷᠴᠢᠮ ︽ᠴᠠᠩᠵᠢᠶᠠᠩ ᠡᠷᠳᠡᠮᠲᠡᠨ ᠢ ᠱᠠᠩᠨᠠᠬᠤ ᠲᠥᠯᠥᠪᠯᠡᠭᠡ︾ ᠶᠢᠨ ᠣᠨᠴᠠ ᠤᠷᠢᠭᠰᠠᠨ ᠫᠷᠤᠹᠧᠰᠰᠣᠷ ᠵᠡᠷᠭᠡ ᠨᠡᠯᠢᠶᠡᠳ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠨ᠎ᠠ᠃ ᠴᠢᠳᠠᠪᠤᠷᠢᠲᠠᠨ ᠢ ᠤᠷᠢᠨ ᠠᠪᠴᠢᠷᠠᠬᠤ ᠵᠥᠭᠡᠯᠡᠨ ᠲᠥᠯᠥᠪᠯᠡᠭᠡ ᠶᠢ ᠬᠡᠷᠡᠭᠵᠢᠭᠦᠯᠵᠦ᠂ ᠵᠢᠯ ᠪᠦᠷᠢ ᠳᠡᠭᠡᠰᠦ ᠳᠡᠰ ᠲᠠᠪᠬᠤᠷᠭ᠎ᠠ ᠶᠢᠨ ᠴᠢᠳᠠᠪᠤᠷᠢᠲᠠᠨ ᠢ 100 ᠨᠡᠷᠡᠰ ᠣᠷᠣᠭᠤᠯᠤᠨ ᠠᠪᠴᠢᠷᠠᠬᠤ ᠪᠠᠷ ᠴᠢᠷᠮᠠᠶᠢᠨ᠎ᠠ᠃ ᠨᠠᠮ ᠵᠠᠰᠠᠭ ᠤᠨ ᠴᠢᠳᠠᠪᠤᠷᠢᠲᠠᠨ ᠢ ᠬᠥᠲᠥᠯᠥᠨ ᠬᠥᠮᠦᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ︽ᠠᠷᠪᠠᠨ ᠲᠥᠷᠪᠡᠳᠣᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠪᠣᠯᠬᠤ ᠳᠤ᠂ ᠪᠥᠬᠦ ᠣᠷᠣᠨ ᠳᠤ ᠨᠠᠮ ᠵᠠᠰᠠᠭ ᠤᠨ ᠰᠢᠯᠢᠳᠡᠭ ᠵᠠᠯᠠᠭᠤ ᠨᠥᠭᠡᠴᠡ ᠴᠢᠳᠠᠪᠤᠷᠢᠲᠠᠨ ᠢ 3000 ᠨᠡᠷᠡᠰ ᠠᠴᠠ ᠳᠡᠭᠡᠭᠰᠢ ᠬᠥᠮᠦᠵᠢᠭᠦᠯᠵᠦ᠂ ᠰᠣᠩᠭᠤᠵᠦ ᠲᠣᠬᠢᠷᠠᠭᠤᠯᠬᠤ ᠰᠤᠷᠤᠭᠴᠢ ᠶᠢᠨ ᠲᠤᠭ᠎ᠠ ᠶᠢ ᠶᠡᠬᠡᠪᠡᠷ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠴᠢᠳᠠᠪᠤᠷᠢᠲᠠᠨ ᠢ ᠲᠡᠳᠬᠦᠬᠦ ᠲᠥᠯᠥᠪᠯᠡᠭᠡ ᠶᠢ ᠬᠡᠷᠡᠭᠵᠢᠭᠦᠯᠵᠦ᠂ ᠳᠠᠭᠠᠭᠤᠯᠤᠭᠴᠢ ᠠᠵᠤ ᠠᠬᠤᠶᠢᠯᠠᠯ ᠢ ᠡᠩ ᠲᠡᠷᠢᠭᠦᠨ ᠳᠤ ᠳᠡᠮᠵᠢᠬᠦ ᠶᠢ ᠪᠠᠷᠢᠮᠲᠠᠯᠠᠵᠤ᠂ ᠨᠢᠭᠡ ᠪᠦᠯᠦᠭ ᠠᠵᠢᠯ ᠲᠥᠷᠥᠯ ᠤᠨ ᠭᠤᠤᠯᠯᠠᠭᠴᠢ ᠠᠵᠤ ᠠᠬᠤᠶᠢᠯᠠᠯ ᠂ ᠰᠢᠨ᠎ᠡ ᠶᠢ ᠡᠭᠦᠳᠬᠦ ᠲᠤᠭᠴᠢ ᠠᠵᠤ ᠠᠬᠤᠶᠢᠯᠠᠯ ᠲᠠᠢ ᠭᠤᠤᠯᠳᠠᠯᠭ᠎ᠠ ᠲᠠᠢ ᠬᠠᠷᠢᠯᠴᠠᠵᠤ᠂  ᠵᠠᠬᠢᠶᠠᠯᠠᠭᠰᠠᠨ ᠦᠢᠯᠡᠴᠢᠯᠡᠭᠡ᠂ ᠬᠤᠷᠠᠮᠠᠯ ᠳᠡᠮᠵᠢᠯᠭᠡ ᠶᠢ ᠬᠡᠷᠡᠭᠵᠢᠭᠦᠯᠦᠨ᠎ᠡ︔ ᠠᠵᠦ ᠠᠬᠤᠶᠢᠯᠠᠯ ᠤᠨ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯᠯᠠᠬᠤ ᠥᠷᠲᠡᠭᠡ ᠪᠠᠶᠢᠭᠤᠯᠬᠤ ᠶᠢ ᠳᠠᠮᠵᠢᠵᠤ᠂ ᠠᠵᠤ ᠠᠬᠤᠶᠢᠯᠠᠯ ᠤᠨ ᠥᠷᠲᠡᠭᠡ ᠪᠠᠶᠢᠭᠤᠯᠬᠤ ᠳᠤ ᠦᠢᠯᠡᠳᠣᠯ ᠨᠢ ᠰᠠᠶᠢᠨ ᠪᠠᠶᠢᠪᠠᠯ᠂ ᠬᠠᠮᠤᠭ ᠤᠨ ᠥᠨᠳᠥᠷ ᠲᠤ ᠪᠠᠨ 50 ᠲᠦᠮᠡᠨ ᠲᠥᠭᠦᠷᠢᠭ ᠤᠨ ᠢᠵᠢ ᠪᠦᠷᠢᠳᠦᠭᠦᠯᠬᠦ ᠲᠤᠰᠠᠯᠠᠮᠵᠢ ᠣᠯᠭᠤᠨ᠎ᠠ᠃ ᠵᠠᠯᠠᠭᠤ ᠣᠷᠦ᠋ᠢᠯᠠᠭᠰᠠᠨ ᠴᠢᠳᠠᠪᠤᠷᠢᠲᠠᠨ ᠢ ᠬᠥᠮᠦᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ 40 ᠨᠠᠰᠤᠨ ᠠᠴᠠ ᠲᠣᠭᠤᠨᠨᠰᠢᠬᠢ ᠥᠨᠳᠥᠷ ᠰᠤᠷᠤᠯᠭ᠎ᠠ ᠶᠢᠨ ᠨᠠᠮᠲᠠᠷ ᠲᠠᠢ᠂ ᠳᠡᠭᠡᠳᠦ ᠮᠡᠷᠭᠡᠵᠢᠯ ᠤᠨ ᠴᠣᠯᠠ ᠲᠠᠢ᠂ ᠥᠨᠳᠥᠷ ᠤᠷ᠎ᠠ ᠮᠡᠷᠭᠡᠵᠢᠯ ᠲᠠᠢ ᠵᠠᠯᠠᠭᠤ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠬᠥᠮᠦᠵᠢᠭᠦᠯᠬᠦ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠎ᠡ᠃ ᠦᠨᠳᠦᠰᠦᠨ ᠱᠠᠲᠤᠨ ᠤ ᠴᠢᠳᠠᠪᠤᠷᠢᠲᠠᠨ ᠢ ᠬᠥᠭᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠴᠢᠳᠠᠪᠤᠷᠢᠲᠠᠨ ᠢ ᠵᠣᠷᠢᠨᠨᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠬᠠᠲᠠᠭᠤ ᠪᠡᠷᠬᠡᠰᠢᠶᠡᠯᠲᠡᠶ ᠵᠠᠬ᠎ᠠ ᠬᠢᠵᠠᠭᠠᠷ ᠣᠷᠣᠨ ᠪᠠ ᠥᠨᠳᠣᠰᠤᠨ ᠱᠠᠲᠤᠨ ᠤ ᠨᠢᠭᠡᠳᠦᠭᠡᠷ ᠹᠷᠣᠨᠲ ᠲᠤ ᠰᠢᠯᠵᠢᠭᠦᠯᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠨᠠᠶᠢᠳᠠᠪᠦᠷᠢᠵᠢᠭᠤᠯᠵᠦ᠂ ᠨᠡᠩ ᠤᠯᠠᠨ ᠰᠢᠯᠢᠳᠡᠭ ᠴᠢᠳᠠᠪᠤᠷᠢᠲᠠᠨ ᠤ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠣᠴᠢᠵᠤ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠶᠢ ᠵᠣᠷᠢᠭᠵᠢᠭᠤᠯᠤᠨ ᠬᠥᠲᠥᠯᠥᠨ ᠵᠢᠯᠣᠭᠤᠳᠤᠨ᠎ᠠ︔ ︽ᠲᠦᠮᠡᠨ ᠨᠡᠷᠡᠰ ᠲᠤᠰᠬᠠᠶ ᠮᠡᠷᠭᠡᠵᠢᠯᠲᠡᠨ ᠦᠨᠳᠦᠰᠦᠨ ᠱᠠᠲᠤᠨ ᠳᠤ  ᠦᠢᠯᠡᠴᠢᠯᠡᠬᠦ︾ ᠠᠵᠢᠯᠯᠠᠭ᠎ᠠ ᠶᠢ ᠭᠦᠨᠵᠡᠭᠡᠶᠢᠷᠡᠬᠦᠯᠵᠦ᠂ ᠵᠢᠯ ᠪᠦᠷᠢ ᠲᠥᠯᠥᠪᠯᠡᠭᠡ ᠲᠠᠢ ᠪᠠᠷ ᠡᠯ᠎ᠡ ᠣᠷᠣᠨ ᠪᠦᠰᠡ ᠶᠢᠨ ᠲᠤᠰᠬᠠᠶ ᠮᠡᠷᠭᠡᠵᠢᠯᠲᠡᠨ ᠢ ᠰᠣᠩᠭᠤᠨ ᠲᠣᠮᠢᠯᠠᠵᠤ ᠦᠨᠳᠦᠰᠦᠨ ᠱᠠᠲᠤᠨ ᠤ ᠨᠢᠭᠡᠴᠡ ᠳᠤ ᠣᠴᠢᠭᠤᠯᠤᠨ ᠦᠢᠯᠡᠴᠢᠯᠡᠭᠡ ᠬᠢᠯᠭᠡᠵᠦ ᠳᠠᠪᠲᠠᠨ ᠪᠣᠯᠪᠠᠰᠤᠷᠠᠭᠤᠯᠤᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ ᠤᠨ ᠥᠪᠥᠷ ᠮᠣᠩᠭᠤᠯ ᠳᠤ ᠦᠢᠯᠡᠴᠢᠯᠡᠬᠦ ᠲᠥᠯᠥᠪᠯᠡᠭᠡ ᠶᠢ ᠬᠡᠷᠡᠭᠵᠢᠭᠦᠯᠵᠦ᠂ ᠣᠷᠣᠰᠢᠨ ᠰᠠᠭᠤᠵᠤ ᠡᠷᠦᠬᠡ ᠠᠮᠠ ᠣᠷᠣᠬᠤ᠂ ᠠᠵᠢᠯ ᠣᠯᠭᠤᠯᠲᠠ ᠶᠢ ᠠᠬᠢᠭᠤᠯᠬᠤ᠂ ᠠᠳᠠᠯ ᠦᠢᠯᠡᠰ ᠴᠣᠭᠴᠠᠯᠠᠬᠤ ᠶᠢ ᠲᠡᠮᠵᠢᠬᠦ ᠪᠠ ᠥᠨᠳᠥᠷ ᠦᠷ᠎ᠡ ᠪᠦᠲᠦᠮᠵᠢᠲᠡᠶ ᠴᠢᠨᠠᠷ ᠰᠠᠶᠢᠲᠠᠶ ᠦᠢᠯᠡᠴᠢᠯᠡᠭᠡ ᠵᠡᠷᠭᠡ ᠲᠠᠯ᠎ᠠ ᠠᠴᠠ ᠭᠠᠷᠳᠠᠵᠤ᠂ ᠶᠡᠭᠡ ᠬᠡᠮᠵᠢᠶᠡᠨ ᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠥᠪᠥᠷ ᠮᠣᠩᠭᠤᠯ ᠳᠤ ᠠᠵᠢᠯᠯᠠᠵᠤ ᠠᠳᠠᠯ ᠦᠢᠯᠡᠰ ᠴᠣᠭᠴᠠᠯᠠᠬᠤ ᠶᠢ ᠲᠡᠳᠡᠨ ᠠᠪᠴᠢᠷᠠᠵᠤ᠂ 5 ᠵᠢᠯ ᠤᠨ ᠳᠣᠲᠣᠷ᠎ᠠ ᠣᠷᠣᠨ ᠤ ᠲᠥᠪ ᠣᠷᠣᠨ ᠳᠤ ᠳᠡᠭᠡᠳᠦ ᠰᠤᠷᠭᠠᠭᠤᠯᠢ ᠲᠡᠭᠦᠰᠦᠭᠰᠡᠳ ᠢ ᠴᠤᠭᠯᠠᠷᠠᠭᠤᠯᠤᠨ 10 ᠲᠦᠮᠡ ᠰᠢᠨ᠎ᠡ ᠪᠠᠷ ᠨᠡᠮᠡᠭᠳᠡᠭᠦᠯᠦᠨ᠎ᠡ︔ ︽ᠰᠢᠶᠠᠩ ᠠᠴᠠ ᠡᠯᠰᠡᠵᠦ ᠲᠣᠰᠬᠤᠨ ᠢᠶᠠᠷ ᠤᠷᠢᠬᠤ︾ ︽ᠰᠢᠶᠠᠩ ᠤᠨ ᠣᠷᠣᠨ ᠲᠤᠭ᠎ᠠ ᠶᠢ ᠲᠣᠰᠬᠤᠨ ᠪᠣᠯᠭᠠᠨ ᠬᠡᠷᠡᠭᠯᠡᠬᠦ︾ ᠵᠡᠷᠭᠡ ᠠᠷᠭ᠎ᠠ ᠶᠢ ᠰᠦᠪᠡᠭᠴᠢᠯᠡᠨ ᠬᠡᠷᠡᠭᠵᠢᠭᠦᠯᠵᠦ᠂ ᠲᠤᠰ ᠭᠠᠵᠠᠷ ᠣᠷᠣᠨ ᠠᠴᠠ ᠲᠡᠭᠦᠰᠦᠭᠰᠡᠨ ᠰᠤᠷᠤᠭᠴᠢ᠂ ᠣᠷᠣᠨ ᠠᠴᠠ ᠭᠠᠳᠠᠨᠠᠬᠢ ᠰᠤᠷᠭᠠᠭᠤᠯᠢ ᠲᠡᠭᠦᠰᠦᠭᠰᠡᠳ ᠢ ᠠᠶᠢᠮᠠᠭ ᠬᠤᠲᠠ ᠶᠢᠨ ᠦᠨᠳᠦᠰᠦᠨ ᠱᠠᠲᠤᠨ ᠳᠤ ᠣᠴᠢᠭᠤᠯᠤᠨ ᠰᠢᠨ᠎ᠡ ᠶᠢ ᠡᠭᠦᠳᠦᠨ ᠠᠳᠠᠯ  ᠦᠢᠯᠡᠰ ᠴᠣᠭᠴᠠᠯᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠡᠴᠦᠰ ᠪᠣᠯᠬᠤ ᠳᠤ᠂ ᠪᠦᠬᠦ ᠣᠷᠣᠨ ᠳᠤ ᠳᠡᠭᠡᠳᠦ ᠰᠤᠷᠭᠠᠭᠤᠯᠢ ᠲᠡᠭᠦᠰᠦᠭᠰᠡᠳ ᠢ ᠲᠥᠪᠯᠡᠷᠡᠭᠦᠯᠦᠨ 50 ᠲᠦᠮᠡᠨ ᠬᠥᠮᠦᠨ ᠢ ᠰᠢᠨ᠎ᠡ ᠪᠠᠷ ᠨᠡᠮᠡᠭᠳᠡᠭᠦᠯᠬᠦ ᠬᠡᠷᠡᠭᠲᠡᠶ᠃      ᠴᠢᠳᠠᠪᠤᠷᠢᠲᠠᠨ ᠤ ᠲᠣᠭᠲᠠᠴᠠ ᠶᠢᠨ ᠰᠢᠨ᠎ᠡ ᠶᠢ ᠡᠭᠦᠳᠦᠨ ᠲᠡᠭᠦᠯᠳᠡᠷᠵᠢᠭᠦᠯᠦᠨ᠎ᠡ᠄      ᠬᠥᠮᠦᠨ ᠬᠡᠷᠡᠭᠯᠡᠬᠦ ᠭᠤᠤᠯ ᠴᠣᠭᠴᠠ ᠶᠢᠨ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠬᠥᠮᠦᠨ ᠬᠡᠷᠡᠭᠯᠡᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢᠨ ᠦᠢᠯᠡᠳᠣᠯ ᠢ  ᠭᠦᠢᠴᠡᠳ ᠪᠠᠳᠠᠷᠠᠭᠤᠯᠤᠨ᠂ ᠠᠵᠤ ᠠᠬᠤᠶᠢᠯᠠᠯ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ ᠠᠬᠤᠶᠢᠯᠠᠯ ᠤᠨ ᠰᠠᠨᠠᠭᠠᠴᠢᠯᠠᠭ᠎ᠠ ᠠᠴᠠ ᠪᠠᠨ ︽ᠨᠢᠭᠡ ᠰᠡᠳᠬᠢᠯ ᠣᠯᠠᠨ ᠴᠡᠭ︾ ᠤᠨ ᠠᠵᠢᠯ ᠤᠨ ᠪᠠᠶᠢᠷᠢᠰᠢᠯ ᠳᠤ ᠠᠭᠤᠰᠤᠯᠴᠠᠬᠤ ᠶᠢ ᠵᠣᠷᠢᠭᠵᠢᠭᠤᠯᠤᠨ ᠳᠡᠮᠵᠢᠵᠦ᠂ ᠨᠡᠶᠢᠰᠯᠡᠯ᠂ ᠲᠥᠪ ᠬᠤᠳᠡ ᠶᠢᠨ ᠴᠢᠳᠠᠪᠤᠷᠢᠲᠠᠨ ᠤ ᠡᠬᠢ ᠪᠠᠶᠠᠯᠢᠭ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠡᠷᠡᠭᠴᠡᠭᠡ ᠶᠣᠰᠣᠭᠠᠷ ᠴᠢᠳᠠᠪᠤᠷᠢᠲᠠᠨ ᠤᠷᠢᠵᠤ ᠬᠡᠷᠡᠭᠯᠡᠬᠦ ᠪᠥᠭᠡᠳ ︽ᠲᠥᠪ︾ ᠤᠨ ᠳᠠᠪᠠᠭᠤᠯᠢᠭ ᠲᠤ ᠰᠠᠭᠤᠷᠢᠯᠠᠵᠤ ᠦᠨᠳᠦᠰᠦᠨ ᠱᠠᠲᠤᠨ ᠤ ᠠᠵᠤ ᠠᠬᠤᠶᠢᠯᠠᠯ ᠢ ᠨᠥᠯᠥᠭᠡᠯᠡᠨ ᠳᠠᠶᠢᠴᠢᠯᠠᠵᠤ᠂ ᠴᠢᠳᠠᠪᠤᠷᠢᠲᠠᠨ ᠤᠷᠢᠵᠤ ᠬᠡᠷᠡᠭᠯᠡᠬᠦ ᠬᠠᠷᠢᠯᠴᠠᠨ ᠬᠥᠳᠡᠯᠦᠯᠴᠡᠬᠦ ᠲᠣᠭᠲᠠᠴᠠ ᠶᠢ ᠪᠦᠷᠢᠯᠳᠦᠭᠦᠯᠬᠦ ᠬᠡᠷᠡᠭᠲᠡᠶ ᠭᠡᠵᠦ ᠳᠤᠷᠠᠳᠤᠨ ᠭᠠᠷᠭᠠᠪᠠ᠃ ᠴᠢᠳᠠᠪᠤᠷᠢᠲᠠᠨ ᠤ ᠲᠦᠷᠦ ᠶᠢᠨ ᠪᠤᠳᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠡᠭᠦᠨ ᠤ ᠬᠠᠮᠲᠤ᠂ ᠠᠵᠤ ᠠᠬᠤᠶᠢᠯᠠᠯ ᠤᠨ ᠴᠢᠳᠠᠪᠤᠷᠢᠲᠠᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠳᠡᠮᠵᠢᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠨᠤᠭᠤᠳ ᠢ ᠳᠤᠷᠠᠳᠤᠨ ᠭᠠᠷᠭᠠᠪᠠ᠃ ᠴᠢᠳᠠᠪᠤᠷᠢᠲᠠᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ︽ᠴᠢᠳᠠᠪᠤᠷᠢᠲᠠᠨ ᠤ ᠤᠯᠠᠨ ᠨᠡᠶᠢᠲᠡ ᠶᠢᠨ ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠬᠦ ᠲᠤᠬᠠᠶ ᠰᠠᠨᠠᠯ︾ ᠢ ᠨᠡᠶᠢᠲᠡᠯᠡᠵᠦ᠂ ᠴᠢᠳᠠᠪᠤᠷᠢᠲᠠᠨ ᠤ ᠦᠢᠯᠡᠳᠪᠦᠷᠢᠯᠡᠯ ᠠᠮᠢᠳᠤᠷᠠᠯ ᠳᠤ ︽ᠨᠢᠭᠡ ᠯᠡ ᠥᠷᠲᠡᠭᠡᠨ ᠤ ᠮᠠᠶ᠋ᠢᠭ︾ ᠤᠨ ᠲᠦᠷᠭᠡᠨ  ᠦᠢᠯᠡᠴᠢᠯᠡᠭᠡ ᠬᠠᠩᠭᠠᠬᠤ ᠬᠡᠷᠡᠭᠲᠡᠶ᠃ ︽ᠰᠠᠭᠠᠳ ᠥᠬᠡᠶ ᠨᠡᠪᠲᠡᠷᠡᠬᠦ ᠵᠠᠮ︾ ᠢ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠤ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ᠂ ᠬᠤᠯᠪᠣᠰᠤ ᠨᠢ ᠠᠵᠢᠯ ᠤᠯᠬᠤ ᠵᠡᠷᠭᠡ ᠠᠰᠠᠭᠤᠳᠡᠯ ᠢ ᠰᠢᠢᠳᠪᠦᠷᠢᠯᠡᠵᠦ᠂ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠤ ᠦᠷ᠎ᠡ ᠬᠡᠤᠬᠡᠳ ᠤᠨ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠢ ᠡᠳ᠋ᠯᠡᠬᠦ ᠶᠢ ᠪᠠᠲᠤᠯᠠᠨ᠂ ᠴᠢᠳᠠᠪᠤᠷᠢᠲᠠᠨ ᠢ ᠬᠦᠨᠳᠦᠳᠬᠡᠬᠦ᠂ ᠴᠢᠳᠠᠪᠤᠷᠢᠲᠠᠨ ᠢ ᠬᠦᠨᠳᠦᠳᠬᠡᠬᠦ᠂ ᠴᠢᠳᠠᠪᠤᠷᠢᠲᠠᠨ ᠳᠤ ᠦᠢᠯᠡᠴᠢᠯᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃                              ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ          ᠣᠷᠴᠢᠭᠤᠯᠣᠨᠨᠴᠢ᠄  ᠭᠧ ᠲᠣᠸᠠᠨ ᠯᠢᠶᠡᠨ    
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号