︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠮ ᠤᠨ ᠳᠠᠷᠤᠭ᠎ᠠ ᠶᠢᠨ ᠲᠦᠷᠢᠮ ᠤᠨ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020-05-15
    ᠨᠢᠭᠡ᠂ ᠲᠣᠭᠲᠠᠭᠠᠭᠰᠠᠨ ᠠᠬᠤᠶ ᠪᠠᠶᠢᠳᠠᠯ     ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠴᠢᠬᠤᠯᠠ ᠵᠢᠭᠠᠪᠦᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠰᠠᠶᠢᠨᠳᠡᠢ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠦᠴᠦᠨ ᠨᠡᠮᠡᠷᠢᠯᠡᠵᠦ᠂ ᠪᠥᠲᠥᠭᠡᠨ ᠪᠠᠶᠢᠭᠤᠯᠬᠤ ᠪᠠ ᠰᠤᠪᠢᠯᠠᠬᠤ ᠶᠢ ᠵᠡᠷᠭᠡ ᠪᠠᠷ ᠴᠢᠬᠤᠯᠠᠴᠢᠯᠠᠬᠤ᠂ ᠠᠮᠤᠷ ᠲᠦᠪᠰᠢᠨ ᠰᠠᠭᠠᠳ ᠥᠬᠡᠶ ᠨᠡᠪᠲᠡᠷᠡᠬᠦ᠂ ᠣᠷᠴᠢᠨ ᠲᠣᠭᠤᠷᠢᠨ ᠭᠤᠶᠢᠳᠠ ᠰᠠᠶᠢᠬᠠᠨ᠂ ᠦᠢᠯᠡᠴᠢᠯᠡᠭᠡ ᠰᠢᠯᠢᠳᠡᠭ ᠰᠠᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠰᠢᠨ᠎ᠡ ᠪᠠᠶᠢᠷᠢᠰᠢᠯ ᠢ ᠪᠣᠶ ᠪᠣᠯᠭᠠᠬᠤ ᠶᠢᠨ ᠲᠥᠯᠥᠭᠡ᠂ ︽ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠲᠤᠷ ᠪᠠᠶᠢᠭᠤᠯᠬᠤ᠂ ᠰᠠᠶᠢᠲᠤᠷ ᠬᠠᠮᠢᠶᠠᠷᠬᠤ᠂ ᠰᠠᠶᠢᠲᠤᠷ ᠬᠠᠮᠠᠭᠠᠯᠠᠬᠤ᠂ ᠰᠠᠶᠢᠲᠤᠷ ᠡᠵᠡᠩᠨᠡᠬᠦ︾ ᠶᠡᠷᠦᠩᠬᠡᠶ ᠬᠠᠷᠠᠯᠲᠠ ᠶᠢ ᠪᠡᠶᠡᠯᠡᠭᠦᠯᠵᠦ᠂ ︽︿ᠬᠥᠳᠡᠭᠡ ᠲᠣᠰᠬᠤᠨ ᠤ ᠵᠠᠮ﹀ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠪᠥᠬᠦ ᠬᠤᠰᠢᠭᠤᠨ ᠳᠤ ᠬᠥᠳᠡᠭᠡ ᠲᠣᠰᠬᠤᠨ ᠤ ᠵᠠᠰᠠᠮᠠᠯ ᠵᠠᠮ ᠤᠨ ︽ᠵᠠᠮ ᠤᠨ ᠳᠠᠷᠤᠭ᠎ᠠ ᠶᠢᠨ ᠲᠦᠷᠢᠮ︾ ᠢ ᠬᠡᠷᠡᠭᠵᠢᠭᠦᠯᠬᠦ ᠪᠠᠷ ᠲᠣᠭᠲᠠᠪᠠ᠃      ᠬᠤᠶᠡᠷ᠂ ᠲᠤᠭᠤᠷᠪᠢᠭᠰᠠᠨ ᠶᠠᠪᠤᠴᠠ      ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠬᠠᠷᠢᠭᠤᠴᠠᠨ ᠲᠤᠭᠤᠷᠪᠢᠵᠤ᠂ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠰᠢᠭᠤ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠵᠡᠷᠭᠡ ᠲᠠᠯ᠎ᠠ ᠪᠠᠷ ᠬᠠᠮᠢᠶ᠎ᠠ ᠪᠦᠬᠦᠢ ᠰᠠᠨᠠᠯ ᠳᠤᠷᠠᠳᠪᠠ᠃      ᠭᠤᠷᠪᠠ᠂ ᠴᠢᠬᠤᠯᠠ ᠠᠴᠢ ᠬᠤᠯᠪᠣᠭᠳᠠᠯ      1. ᠪᠣᠳᠠᠲᠤ ᠬᠡᠷᠡᠭᠴᠡᠭᠡ᠃ ︽ᠵᠠᠮ ᠤᠨ ᠳᠠᠷᠤᠭ᠎ᠠ ᠶᠢᠨ ᠳᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠬᠦ ᠨᠢ ᠮᠠᠨ ᠤ ᠬᠤᠰᠢᠭᠤᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠶᠠᠪᠤᠵᠤ ᠰᠠᠭᠤᠬᠤ ᠨᠥᠬᠦᠴᠡᠯ ᠢ ᠰᠠᠶᠢᠵᠢᠷᠠᠭᠤᠯᠬᠤ ᠳᠤ ᠠᠰᠢᠭᠲᠠᠢ ᠪᠠᠶᠢᠵᠤ᠂ ︽ᠰᠢᠶᠠᠨ ᠤ ᠵᠠᠮ ᠰᠢᠶᠠᠨ ᠬᠠᠮᠢᠶᠠᠷᠬᠤ᠂ ᠰᠢᠶᠠᠩ ᠤᠨ ᠵᠠᠮ ᠰᠢᠶᠠᠩ ᠬᠠᠮᠢᠶᠠᠷᠬᠤ᠂ ᠲᠣᠰᠬᠤᠨ ᠤ ᠵᠠᠮ ᠲᠣᠰᠬᠤᠨ ᠬᠠᠮᠢᠶᠠᠷᠬᠤ︾ ᠬᠠᠷᠢᠭᠤᠴᠠᠯᠭ᠎ᠠ ᠶᠢᠨ ᠰᠢᠰᠲ᠋ᠧᠮ ᠢ ᠴᠢᠩᠭ᠎ᠠ ᠨᠠᠢᠳᠠᠪᠤᠷᠢᠵᠢᠭᠤᠯᠬᠤ᠂ ᠬᠥᠳᠡᠭᠡ ᠲᠣᠰᠬᠤᠨ ᠤ ᠵᠠᠰᠠᠮᠠᠯ ᠵᠠᠮ ᠢ ᠦᠨᠡᠨᠬᠦ ᠠᠮᠤᠷ ᠲᠦᠪᠰᠢᠨ ᠤ ᠵᠠᠮ᠂ ᠠᠮᠢ ᠠᠬᠤᠢ ᠶᠢᠨ ᠵᠠᠮ᠂ ᠵᠣᠯ ᠵᠢᠷᠭᠠᠯ ᠤᠨ ᠵᠠᠮ ᠪᠣᠯᠭᠠᠨ ᠪᠦᠲᠦᠭᠡᠨ ᠪᠠᠶᠢᠭᠤᠯᠵᠤ᠂ ᠵᠠᠰᠠᠮᠠᠯ ᠵᠠᠮ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠲᠤᠯᠭᠠᠭᠤᠷᠢ ᠪᠠᠲᠤᠯᠠᠭ᠎ᠠ ᠬᠠᠩᠭᠠᠨ᠎ᠠ᠃      2. ᠠᠷᠠᠳ ᠲᠤ ᠠᠰᠢᠭ ᠬᠦᠷᠲᠡᠭᠡᠬᠦ ᠪᠠᠲᠤᠯᠠᠭ᠎ᠠ᠃ ᠬᠥᠳᠡᠭᠡ ᠲᠣᠰᠬᠤᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠬᠤ ᠵᠢᠴᠢ ᠵᠠᠮ ᠤᠨ ᠭᠠᠷᠤᠯᠲᠠ ᠵᠠᠮ ᠤᠨ ᠡᠷᠬᠡ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠢᠳᠡᠪᠬᠢᠲᠡᠶ ᠥᠷᠨᠢᠭᠦᠯᠵᠦ᠂ ᠵᠠᠰᠠᠮᠠᠯ ᠵᠠᠮ ᠤᠨ ᠬᠤᠶᠠᠷ ᠬᠠᠵᠠᠭᠤ ᠳᠤ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠦᠲᠦᠭᠡᠨ ᠪᠠᠶᠢᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠳᠤ ᠨᠡᠩ ᠲᠠᠭᠠᠯᠠᠮᠵᠢᠲᠠᠶ᠂ ᠴᠡᠪᠡᠷ ᠲᠡᠭᠰᠢ᠂ ᠠᠮᠤᠷ ᠲᠦᠪᠰᠢᠨ᠂ ᠡᠮᠬᠢ ᠵᠢᠷᠤᠮ ᠲᠠᠢ᠂ ᠭᠤᠶᠤ ᠰᠠᠶᠢᠬᠠᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠬᠠᠩᠭᠠᠬᠤ ᠬᠡᠷᠡᠭᠲᠡᠶ      ᠲᠦᠷᠪᠡ᠂ ᠭᠤᠤᠯ ᠠᠭᠤᠯᠭ᠎ᠠ      ᠨᠢᠭᠡ ᠳᠤ ᠶᠡᠷᠦᠩᠬᠡᠶ ᠬᠠᠷᠠᠯᠲᠠ ᠶᠢ ᠲᠣᠭᠲᠠᠭᠠᠵᠤ᠂ ᠵᠠᠰᠠᠭ ᠤᠨ ᠣᠷᠳᠣᠨ ᠭᠤᠤᠯᠯᠠᠨ ᠤᠳᠤᠷᠢᠳᠬᠤ᠂ ᠬᠠᠷᠢᠶ᠎ᠠ ᠭᠠᠵᠡᠷ ᠲᠤᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠴᠤ ᠲᠡᠵᠢᠭᠡᠬᠦ ᠠᠵᠢᠯ ᠤᠨ ᠲᠣᠨᠨᠳᠠᠴᠡ ᠶᠢ ᠪᠠᠶᠢᠭᠤᠯᠤᠨ᠎ᠠ︔      ᠬᠤᠶᠠᠷ ᠲᠤ ᠭᠤᠤᠯ ᠡᠭᠦᠷᠭᠡ ᠶᠢ ᠨᠠᠶᠢᠳᠠᠪᠤᠷᠢᠵᠢᠭᠤᠯᠵᠤ᠂ ︽ᠵᠠᠮ ᠤᠨ ᠳᠠᠷᠤᠭ᠎ᠠ ᠶᠢᠨ ᠲᠦᠷᠢᠮ︾ ᠢ ᠵᠢᠷᠣᠮᠵᠢᠭᠤᠯᠬᠤ᠂ ᠪᠠᠶᠢᠩᠭᠤᠵᠢᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ︔      ᠭᠤᠷᠪᠡ ᠳᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠦᠷᠢᠨᠰᠢᠭᠦᠯᠵᠦ᠂ ᠬᠤᠰᠢᠭᠤ᠂ ᠰᠤᠮᠤ ᠰᠢᠶᠠᠩ ᠪᠠᠯᠭᠠᠰᠣ ︵ᠬᠦᠷᠢᠶᠡᠯᠡᠩ ᠲᠣᠭᠤᠷᠢᠭ︶᠂ ᠲᠣᠰᠬᠤᠨ ᠭᠤᠷᠪᠠᠨ ᠱᠠᠲᠤᠨ ᠤ ᠵᠠᠮ ᠤᠨ ᠳᠠᠷᠤᠭ᠎ᠠ ᠶᠢ ᠪᠠᠶᠢᠭᠤᠯᠵᠤ᠂ ᠡᠬᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠨ᠂ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶᠂ ᠰᠠᠯᠠᠭ᠎ᠠ ᠮᠥᠴᠢᠷ ᠤᠨ ᠨᠡᠪᠲᠡᠷᠡᠯᠴᠡᠭᠡ ᠬᠠᠮᠵᠢᠯᠴᠠᠭ᠎ᠠ ᠶᠢ ᠴᠢᠩᠭᠠᠳᠬᠠᠨ᠎ᠠ︔       ᠳᠥᠷᠪᠡ ᠳᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠡᠯ᠎ᠡ ᠱᠠᠲᠤᠨ ᠤ ᠵᠠᠮ ᠤᠨ ᠲᠠᠷᠤᠭ᠎ᠠ ᠵᠢᠴᠢ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠪᠠᠭᠤᠯᠭᠠᠭᠰᠠᠨ ᠡᠯ᠎ᠡ ᠵᠦᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ᠎ᠠ᠃       ᠲᠠᠪᠦ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ       ᠪᠥᠬᠦ ᠬᠤᠰᠢᠭᠤᠨ ᠤ ᠰᠢᠶᠠᠨ ᠤ ᠵᠠᠮ᠂ ᠰᠢᠶᠠᠩ ᠤᠨ ᠵᠠᠮ᠂ ᠲᠣᠰᠬᠤᠨ ᠤ ᠵᠠᠮ ᠨᠡᠶᠢᠲᠡ 121 ᠵᠤᠷᠪᠤᠰ 1142.43 ᠺᠢᠯᠣᠮᠧᠲᠷ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠪᠦᠬᠦᠨ ᠢ ︽ᠵᠠᠮ ᠤᠨ ᠳᠠᠷᠤᠭ᠎ᠠ ᠶᠢᠨ ᠲᠦᠷᠢᠮ︾ ᠤᠨ ᠬᠠᠮᠢᠶᠠᠷᠣᠯᠳᠡ ᠶᠢᠨ ᠬᠡᠪᠴᠢᠶᠡᠨ ᠳᠤ ᠣᠷᠣᠭᠤᠯᠵᠤ᠂ ᠬᠤᠰᠢᠭᠤᠨ ᠤ ᠱᠠᠲᠤᠨ ᠳᠤ ᠶᠡᠷᠦᠩᠬᠡᠶ ᠵᠠᠮ ᠤᠨ ᠳᠠᠷᠤᠭ᠎ᠠ ᠭᠠᠷᠭᠠᠵᠤ᠂ ᠬᠤᠰᠢᠭᠤ᠂ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶᠂ ᠲᠣᠰᠬᠤᠨ ᠤ ᠭᠤᠷᠪᠠᠨ ᠱᠠᠲᠤᠨ ᠤ ᠳᠠᠷᠤᠭ᠎ᠠ ᠶᠢ ᠲᠠᠰ ᠬᠤᠪᠢᠶᠠᠨ ᠪᠠᠶᠢᠭᠤᠯᠵᠤ᠂ ᠪᠦᠷᠢᠨ ᠲᠡᠭᠦᠯᠳᠡᠷ ᠬᠤᠰᠢᠭᠤ᠂ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶᠂ ᠲᠣᠰᠬᠤᠨ ᠤ ᠭᠤᠷᠪᠠᠨ ᠱᠠᠲᠤᠨ ᠤ ᠵᠠᠮ ᠤᠨ ᠳᠠᠷᠤᠭ᠎ᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠣᠷᠣᠨ ᠪᠦᠰᠡ ᠶᠢᠨ ᠬᠡᠪᠴᠢᠶᠡᠨ ᠳᠠᠬᠢ ᠳᠣᠲᠣᠭᠠᠳᠤ ᠵᠠᠮ ᠤᠨ ᠳᠠᠷᠤᠭ᠎ᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠰᠣᠬᠤᠷ ᠪᠠᠯᠠᠶ ᠣᠷᠣᠨ ᠥᠬᠡᠶ᠂ ᠬᠠᠮᠢᠶᠠᠷᠤᠯᠲᠠ ᠳᠤ ᠳᠤᠲᠠᠭᠳᠠᠯ ᠥᠬᠡᠶ᠂ ᠬᠠᠷᠢᠭᠤᠴᠠᠯᠭ᠎ᠠ ᠬᠤᠭᠤᠰᠣᠨ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃ ᠵᠠᠮ ᠤᠨ ᠳᠠᠷᠤᠭ᠎ᠠ ᠶᠢᠨ ᠬᠠᠮᠲᠤᠷᠠᠭᠰᠠᠨ ᠬᠤᠷᠠᠯ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ᠂ ᠠᠵᠢᠯ ᠤᠨ ᠰᠢᠮᠳᠠᠭᠤᠯᠤᠨ ᠪᠠᠶᠢᠴᠠᠭᠠᠬᠤ᠂ ᠬᠢᠨᠠᠨ ᠰᠢᠯᠭᠠᠬᠤ᠂ ᠮᠡᠳᠡᠭᠡ ᠵᠠᠩᠭᠢ ᠨᠡᠪᠲᠡᠷᠡᠭᠦᠯᠬᠦ᠂ ᠵᠠᠮ ᠤᠨ ᠲᠤᠰᠬᠠᠶ ᠬᠠᠮᠢᠶᠠᠷᠤᠭᠴᠢ ᠶᠢᠨ ᠬᠠᠮᠢᠶᠠᠷᠤᠯᠲᠠ ᠶᠢᠨ ᠠᠷᠭ᠎ᠠ ᠵᠡᠷᠭᠡ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠪᠦᠬᠦ ᠣᠷᠣᠨ ᠤ ᠵᠠᠰᠠᠮᠠᠯ ᠵᠠᠮ ᠳᠤ ᠪᠦᠬᠦ ᠬᠡᠪᠴᠢᠶᠡᠨ ᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠥᠩᠭᠡᠷᠡᠭᠰᠡᠨ ᠤ ᠵᠠᠮ ᠬᠠᠷᠢᠯᠴᠠᠭᠠᠨ ᠤ ᠰᠠᠯᠠᠭ᠎ᠠ ᠮᠥᠴᠢᠷ ᠤᠨ ︽ᠭᠠᠭᠴᠠ ᠳᠦᠷᠢ︾ ᠶᠢ ᠣᠳᠣ ᠶᠢᠨ ︽ᠬᠠᠮ ᠳᠠᠭᠤᠤ︾ ᠪᠣᠯᠭᠠᠨ ᠬᠤᠪᠢᠷᠠᠭᠤᠯᠬᠤ ᠬᠡᠷᠡᠭᠲᠡᠶ᠃      ᠵᠢᠷᠭᠤᠭ᠎ᠠ᠂ ᠲᠠᠷᠠᠭᠠᠴᠢ ᠶᠢᠨ ᠠᠯᠬᠤᠮ ᠤᠨ ᠠᠵᠢᠯ ᠤᠨ ᠪᠣᠳᠣᠯᠬᠢᠯᠠᠯ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠵᠠᠮ ᠤᠨ ᠳᠠᠷᠤᠭ᠎ᠠ ᠶᠢᠨ ᠳᠦᠷᠢᠮ ᠤᠨ ᠡᠯ᠎ᠡ ᠵᠦᠢᠯ ᠤᠨ ᠠᠵᠢᠯ ᠤᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠ ᠪᠠᠶᠢᠩᠭᠤᠵᠢᠭᠤᠯᠤᠯᠲᠠ ᠶᠢ ᠦᠨᠡᠨᠬᠦ ᠪᠠᠲᠤᠯᠠᠵᠤ᠂ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠶᠢ ᠢᠯᠡᠷᠬᠡᠶ ᠳᠡᠭᠡᠭᠰᠢᠯᠡᠭᠦᠯᠦᠨ᠎ᠡ᠃      ︵ᠬᠤᠶᠠᠷ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ᠪᠠᠶᠢᠭᠤᠯᠤᠯ ᠲᠣᠨᠨᠳᠠᠴᠡ ᠶᠢ ᠨᠡᠩ ᠲᠡᠭᠦᠯᠳᠡᠷᠵᠢᠭᠦᠯᠦᠨ᠎ᠡ᠃ ᠰᠢᠶᠠᠨ ᠤ ᠱᠠᠲᠤᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠵᠢᠷᠤᠮᠵᠢᠭᠤᠯᠬᠤ ᠰᠠᠭᠤᠷᠢᠨ ᠳᠡᠭᠡᠷ᠎ᠡ᠂ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶᠂ ᠲᠣᠰᠬᠤᠨ ᠤ ᠱᠠᠲᠤᠨ ᠳᠤ ᠲᠤᠰᠬᠠᠶ ᠬᠠᠮᠢᠶᠠᠷᠣᠯᠳᠡ ᠶᠢᠨ ᠪᠠᠶᠢᠭᠤᠯᠤᠮᠵᠢ ᠪᠠᠶᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠬᠥᠳᠡᠭᠡ ᠲᠣᠰᠬᠤᠨ ᠤ ᠵᠠᠰᠠᠮᠠᠯ ᠵᠠᠮ ᠳᠤ ᠬᠠᠮᠢᠶᠠᠷᠤᠯᠲᠠ ᠶᠠᠪᠤᠭᠤᠯᠬᠤ ᠬᠡᠷᠡᠭᠲᠡᠶ᠃     ︵ᠭᠤᠷᠪᠠ︶ ᠨᠡᠶᠢᠭᠡᠮ ᠤᠨ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠭᠤᠤᠯ ᠪᠣᠯᠬᠤ ᠵᠠᠰᠠᠮᠠᠯ ᠵᠠᠮ ᠤᠨ ᠢᠯᠡ ᠪᠠᠶᠢᠷᠢᠨ ᠳᠤ ᠵᠠᠮ ᠤᠨ ᠳᠠᠷᠤᠭ᠎ᠠ ᠶᠢᠨ ᠢᠯᠡ ᠨᠡᠶᠢᠲᠡᠯᠡᠬᠦ ᠫᠠᠶᠢᠰᠠ ᠲᠣᠬᠢᠷᠠᠭᠤᠯᠵᠤ᠂ ᠵᠤᠷᠪᠤᠰ ᠳᠠᠷᠠᠭᠠᠯᠠᠨ ᠪᠣᠳᠡᠳᠡᠢ ᠵᠠᠮ ᠤᠨ ᠳᠠᠷᠤᠭ᠎ᠠ ᠶᠢ ᠨᠠᠶᠢᠳᠠᠪᠦᠷᠢᠵᠢᠭᠤᠯᠬᠤ᠂ ᠵᠠᠮ ᠤᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ᠂  ᠵᠠᠰᠠᠮᠠᠯ ᠵᠠᠮ ᠤᠨ ᠲᠦᠢᠮᠣ ᠪᠠᠶᠢᠳᠡᠯ᠂ ᠬᠠᠮᠢᠶᠠᠷᠴᠤ ᠬᠠᠮᠠᠭᠠᠯᠠᠬᠤ ᠬᠠᠷᠠᠯᠲᠠ᠂ ᠬᠢᠨᠠᠯᠲᠠ ᠲᠠᠯᠪᠢᠬᠤ ᠳ᠋ᠢᠶᠠᠩᠬᠤᠸᠠ ᠵᠡᠷᠭᠡ ᠠᠭᠤᠯᠭ᠎ᠠ ᠶᠢ ᠲᠣᠳᠣᠷᠬᠠᠶᠢᠯᠠᠨ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠶ᠃ ᠡᠭᠦᠨ ᠤ ᠬᠠᠮᠲᠤ᠂ ᠵᠠᠮ ᠤᠨ ᠳᠠᠷᠤᠭ᠎ᠠ ᠶᠢᠨ ᠳᠦᠷᠢᠮ ᠤᠨ ᠤᠬᠠᠭᠤᠯᠭ᠎ᠠ ᠶᠢ ᠶᠡᠬᠡᠪᠡᠷ ᠥᠷᠨᠢᠭᠦᠯᠵᠦ᠂ ᠠᠵᠢᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠠᠰᠠᠮᠠᠯ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠳᠤ ᠢᠳᠡᠪᠬᠢᠲᠡᠶ ᠣᠷᠣᠯᠴᠠᠭᠤᠯᠵᠤ᠂ ᠪᠦᠬᠦ ᠨᠡᠶᠢᠭᠡᠮ ᠤᠨ ᠬᠢᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠬᠠᠷᠢᠭᠤᠴᠠᠯᠭ᠎ᠠ ᠶᠢᠨ ᠦᠵᠡᠯ ᠤᠬᠠᠮᠰᠠᠷ ᠪᠣᠯᠤᠨ ᠣᠷᠣᠯᠴᠠᠬᠤ ᠦᠵᠡᠯ ᠤᠬᠠᠮᠰᠠᠷ ᠢ ᠨᠡᠮᠡᠭᠳᠡᠭᠦᠯᠬᠦ ᠬᠡᠷᠡᠭᠲᠡᠶ᠃                       ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ           ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号