ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠵᠠᠷ ᠰᠢᠷᠣᠶ ᠶᠢ ᠠᠰᠢᠭᠯᠠᠬᠤ ᠶᠡᠷᠦᠩᠬᠡᠶ | ᠲᠥᠯᠥᠪᠵᠢᠭᠦᠯᠭᠡ ︵2009 — 2020 ᠣᠨ︶ ᠳᠤ ᠵᠠᠰᠠᠪᠤᠷᠢ ᠣᠷᠣᠭᠤᠯᠬᠤ ᠲᠤᠬᠠᠶ ᠵᠢᠭᠠᠪᠤᠷᠢ ᠠᠪᠬᠤ | ᠮᠡᠳᠡᠭᠦᠯᠦᠯᠲᠡ | ᠣᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄ | ︽ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠵᠠᠷ ᠰᠢᠷᠣᠶ ᠶᠢ ᠠᠰᠢᠭᠯᠠᠬᠤ ᠶᠡᠷᠦᠩᠬᠡᠶ | ᠲᠥᠯᠥᠪᠵᠢᠭᠦᠯᠭᠡ ︵2009 — 2020 ᠣᠨ︶︾ ᠶᠢ ᠵᠥᠪᠰᠢᠶᠡᠷᠡᠨ ᠬᠡᠷᠡᠭᠵᠢᠭᠦᠯᠦᠭᠰᠡᠨ ᠠᠴᠠ ᠨᠠᠰᠢ᠂ ᠪᠥᠬᠦ | ᠬᠤᠰᠢᠭᠤᠨ ᠤ ᠲᠠᠷᠢᠶᠠᠨ ᠭᠠᠵᠡᠷ ᠢᠯᠠᠩᠭᠤᠶ᠎ᠠ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠳᠤ ᠴᠢᠬᠤᠯᠠ | ᠦᠢᠯᠡᠳᠣᠯ ᠦᠵᠡᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠬᠦᠴᠦᠲᠡᠶ ᠪᠠᠲᠤᠯᠠᠭ᠎ᠠ | ᠬᠠᠩᠭᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ | ᠲᠣᠰᠬᠤᠨ ᠤ ᠬᠠᠮᠳᠣ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠳᠣᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢᠨ ᠨᠠᠶᠢᠳᠠᠪᠦᠷᠢᠵᠢᠭᠤᠯᠤᠯᠳᠡ ᠶᠢ ᠪᠦᠲᠦᠮᠵᠢᠲᠡᠶ ᠠᠬᠢᠭᠤᠯᠬᠤ ᠶᠢᠨ ᠲᠥᠯᠥᠭᠡ᠂ ᠮᠠᠨ ᠤ ᠬᠤᠰᠢᠭᠤ ᠬᠡᠰᠡᠭ | ᠰᠠᠭᠤᠷᠢ ᠲᠦᠭᠦᠭᠡᠷᠦᠮᠵᠢ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠠᠶᠢᠮᠠᠭ ᠬᠤᠲᠠ ᠶᠢᠨ | ᠭᠦᠢᠴᠡᠳᠭᠡᠯ ᠲᠤᠭ᠎ᠠ ᠶᠢ ᠳᠣᠭᠢᠷᠠᠭᠤᠯᠬᠤ ᠵᠢᠴᠢ ᠠᠷᠪᠢᠯᠠᠭᠰᠠᠨ ᠭᠦᠢᠴᠡᠳᠭᠡᠯ ᠲᠤᠭ᠎ᠠ ᠶᠢ ᠮᠤᠵᠢ ᠣᠷᠣᠨ ᠠᠯᠤᠰᠯᠠᠨ | ᠳᠣᠭᠢᠷᠠᠭᠤᠯᠬᠤ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠂ | ᠭᠡᠪᠡᠴᠦ ᠣᠳᠣ ᠶᠢᠨ ᠬᠡᠷᠡᠭᠵᠢᠭᠦᠯᠵᠦ ᠪᠠᠶᠢᠭ᠎ᠠ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠪᠡ ᠨᠢ | ᠭᠠᠵᠠᠷ ᠰᠢᠷᠣᠶ ᠬᠡᠷᠡᠭᠯᠡᠬᠦ ᠪᠠᠶᠢᠷᠢᠰᠢᠭᠤᠯᠤᠯᠲᠠ ᠶᠢᠨ ᠲᠠᠯ᠎ᠠ ᠪᠠᠷ ᠨᠢᠭᠡᠨᠲᠡ ᠳᠡᠭᠡᠷ᠎ᠡ ᠳᠤᠷᠠᠳᠤᠭᠰᠠᠨ ᠲᠥᠷᠥᠯ ᠵᠦᠢᠯ ᠤᠨ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠶᠢ ᠬᠠᠩᠭᠠᠵᠤ ᠲᠡᠶᠢᠯᠬᠦ ᠦᠭᠡᠢ ᠪᠣᠯᠵᠠᠶ᠂᠂ ᠡᠳᠦᠭᠡ ︽ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠵᠠᠷ ᠰᠢᠷᠣᠶ ᠠᠰᠢᠭᠯᠠᠬᠤ ᠶᠡᠷᠦᠩᠬᠡᠶ ᠲᠦᠯᠦᠪᠵᠢᠬᠦᠯᠭᠡ ︵ | 2009 — 2020 ᠣᠨ︶︾ ᠳᠤ ᠵᠠᠰᠠᠪᠤᠷᠢ ᠣᠷᠣᠭᠤᠯᠬᠤ ᠪᠠᠷ ᠭᠤᠶᠤᠴᠢᠯᠠᠵᠤ᠂ ᠳᠡᠭᠡᠷ᠎ᠡ ᠳᠤᠷᠠᠳᠤᠭᠰᠠᠨ | ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠶ᠃ | ᠵᠣᠬᠢᠰᠳᠡᠢ ᠡᠰᠡᠬᠦ ᠶᠢ ᠴᠤᠬᠤᠯᠠᠪᠤᠷᠢᠯᠠᠬᠤ ᠪᠣᠯᠪᠠᠤ᠃ | ᠬᠠᠷᠢᠯᠴᠠᠬᠤ ᠬᠥᠮᠦᠨ᠄ ᠵᠠᠨ ᠬᠠᠶ ᠵᠢᠶᠠᠩ | ᠬᠠᠷᠢᠯᠴᠠᠬᠤ ᠣᠳᠠᠰᠣ᠄ 18748415188 | | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2020 ᠣᠨ ᠤ 1 ᠰᠠᠷ᠎ᠡ ᠶᠢᠨ 9 ᠤ ᠡᠳᠣᠷ | | | ᠣᠷᠴᠢᠭᠤᠯᠣᠨᠨᠴᠢ᠄ ᠭᠧ ᠲᠣᠸᠠᠨ ᠯᠢᠶᠡᠨ |