︽ᠵᠠᠮ ᠲᠡᠭᠡᠭᠡᠪᠦᠷᠢ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020-05-07
                   ︽ᠦᠨ᠎ᠡ ᠬᠠᠩᠰᠢ ᠶᠢᠨ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ᠢ ᠲᠣᠭᠤᠰᠢᠯᠠᠭᠤᠯᠤᠨ ᠨᠠᠶᠢᠳᠠᠪᠦᠷᠢᠵᠢᠭᠤᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠳᠤᠮᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠶ ᠦᠢᠯᠡᠳᠣᠯ ᠢ ᠭᠦᠢᠴᠡᠳ ᠪᠠᠳᠠᠷᠠᠭᠤᠯᠤᠨ᠂ ᠵᠠᠰᠠᠭ ᠤᠨ ᠣᠷᠳᠣᠨ ᠤ ᠦᠢᠯᠡᠳᠣᠯ ᠢ ᠨᠠᠩ ᠰᠠᠶᠢᠲᠤᠷ ᠪᠠᠳᠠᠷᠠᠭᠤᠯᠬᠤ ᠶᠢᠨ ᠲᠥᠯᠥᠭᠡ᠂ ᠣᠶᠢᠷ᠎ᠠ ᠳᠤ᠂ ᠵᠠᠮ ᠲᠡᠭᠡᠭᠡᠪᠦᠷᠢ ᠶᠢᠨ ᠶᠠᠮᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ︽ᠵᠠᠮ ᠲᠡᠭᠡᠭᠡᠪᠦᠷᠢ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠬᠦᠯᠬᠦ ᠲᠤᠬᠠᠶ ᠰᠠᠨᠠᠯ︾ ︵︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠵᠠᠮ ᠲᠡᠭᠡᠭᠡᠪᠦᠷᠢ ᠶᠢᠨ ᠦᠨ᠎ᠡ ᠬᠠᠩᠰᠢ ᠶᠢᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃       ᠨᠢᠭᠡ᠂ ᠨᠡᠶᠢᠲᠡᠯᠡᠭᠰᠡᠨ ᠠᠬᠤᠶ ᠪᠠᠶᠢᠳᠠᠯ       ᠦᠨ᠎ᠡ ᠬᠠᠩᠰᠢ ᠶᠢᠨ ᠲᠣᠭᠲᠠᠴᠠ ᠪᠣᠯ ᠵᠠᠬ᠎ᠠ ᠳᠡᠯᠭᠡᠭᠦᠷ ᠤᠨ ᠲᠣᠭᠲᠠᠴᠠ ᠶᠢᠨ ᠭᠤᠤᠯ ᠴᠢᠮᠥᠭᠡ ᠮᠥᠨ᠂ ᠵᠠᠬ᠎ᠠ ᠲᠡᠯᠭᠡᠬᠦᠷ ᠦᠨ᠎ᠡ ᠬᠠᠩᠰᠢ ᠶᠢ ᠲᠣᠭᠲᠠᠭᠠᠬᠤ ᠪᠣᠯ ᠵᠠᠬ᠎ᠠ ᠳᠡᠯᠭᠡᠭᠦᠷ ᠤᠨ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠤ ᠰᠢᠢᠳᠪᠦᠷᠢᠯᠡᠭᠴᠢ ᠴᠢᠨᠠᠷᠲᠠᠶ ᠦᠢᠯᠡᠳᠣᠯ ᠦᠵᠡᠭᠦᠯᠬᠦ ᠶᠢᠨ ᠵᠠᠩᠭᠢᠯᠠᠭ᠎ᠠ ᠮᠥᠨ᠃ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠠᠴᠠ ᠨᠠᠰᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠦᠨ᠎ᠡ ᠬᠠᠩᠰᠢ ᠶᠢᠨ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠬᠤ᠂ ᠭᠤᠤᠯᠳᠠᠭᠤ ᠵᠠᠬ᠎ᠠ ᠲᠡᠯᠭᠡᠬᠦᠷ ᠢᠶᠠᠷ ᠲᠣᠭᠳᠠᠭᠠᠭᠳᠠᠬᠤ ᠦᠨ᠎ᠡ ᠬᠠᠩᠰᠢ ᠶᠢᠨ ᠲᠣᠭᠲᠠᠴᠠ ᠶᠢ ᠲᠦᠷᠭᠡᠪᠴᠢᠯᠡᠨ ᠲᠡᠭᠦᠯᠳᠡᠷᠵᠢᠭᠦᠯᠬᠦ ᠲᠤᠬᠠᠶ ᠠᠯᠢ ᠣᠯᠠᠨ ᠪᠠᠶᠢᠷᠢᠯᠠᠭᠤᠯᠤᠯᠲᠠ ᠬᠢᠭᠰᠡᠨ ᠪᠥᠭᠡᠳ ᠵᠠᠮ ᠲᠡᠭᠡᠭᠡᠪᠦᠷᠢ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠠᠵᠢᠯ ᠳᠤ ᠴᠢᠭᠯᠡᠭᠦᠯᠦᠨ ᠪᠣᠳᠠᠲᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ︽ᠦᠨ᠎ᠡ ᠬᠠᠩᠰᠢ ᠶᠢᠨ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ  ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ᠳᠤ ︽ᠵᠠᠮ ᠲᠡᠭᠡᠭᠡᠪᠦᠷᠢ ᠶᠢᠨ ᠬᠦᠷᠢᠶ᠎ᠡ ᠴᠠᠷᠠᠭ᠎ᠠ ᠶᠢ ᠡᠵᠡᠩᠨᠡᠭᠴᠢ ᠡᠵᠡᠨ ᠮᠡᠳᠡᠵᠦ ᠦᠨ᠎ᠡ ᠲᠣᠭᠲᠠᠭᠠᠬᠤ ᠬᠦᠷᠢᠶ᠎ᠡ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠥᠷᠢᠰᠥᠯᠳᠦᠭᠡᠨ ᠤ ᠴᠢᠨᠠᠷᠲᠠᠶ ᠬᠦᠷᠢᠶ᠎ᠡ ᠴᠠᠷᠠᠭ᠎ᠠ ᠶᠢᠨ ᠦᠨ᠎ᠡ ᠬᠠᠩᠰᠢ ᠶᠢ ᠴᠠᠭ ᠲᠤᠬᠠᠶ ᠳᠤᠨᠢ ᠴᠢᠯᠥᠭᠡᠲᠡᠶ ᠲᠠᠯᠪᠢᠵᠤ ᠂ ᠦᠨ᠎ᠡ ᠬᠠᠩᠰᠢ  ᠰᠦᠢᠳᠭᠡᠯ ᠬᠤᠷᠢᠶᠠᠬᠤ ᠲᠦᠷᠢᠮ ᠢ ᠲᠡᠭᠦᠯᠳᠡᠷᠵᠢᠬᠦᠯᠦᠨ᠎ᠡ︾ ︽ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨ᠎ᠡ ᠶᠢᠨ ᠪᠦᠷᠢᠯᠳᠦᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢ ᠲᠣᠬᠢᠷᠠᠭᠤᠯᠬᠤ ᠬᠥᠰᠢᠭᠦᠷᠭᠡ ᠶᠢᠨ ᠦᠢᠯᠡᠳᠣᠯ ᠢ  ᠪᠠᠳᠠᠷᠠᠭᠤᠯᠣᠨ᠎ᠠ︾ ᠭᠡᠵᠦ ᠳᠤᠷᠠᠳᠤᠨ ᠭᠠᠷᠭᠠᠪᠠ᠃      ᠠᠵᠢᠯ ᠲᠥᠷᠥᠯ ᠤᠨ ᠬᠥᠭᠵᠢᠯᠲᠡ ᠶᠢᠨ ᠪᠣᠳᠠᠲᠤ ᠪᠠᠶᠢᠳᠠᠯ ᠠᠴᠠ ᠦᠵᠡᠪᠡᠯ᠂ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠰᠢᠰᠲ᠋ᠧᠮᠵᠢ ᠶᠢᠨ ᠦᠷᠭᠦᠯᠵᠢᠯᠡᠨ ᠲᠡᠭᠦᠯᠳᠡᠷᠵᠢᠬᠦ ᠪᠠ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠨᠢᠭᠡ ᠴᠣᠭᠴᠠᠵᠢᠬᠤ ᠬᠢᠷᠢ ᠬᠡᠮᠵᠢᠶ᠎ᠡ ᠶᠢᠨ ᠲᠠᠰᠤᠷᠠᠯᠲᠠ ᠥᠬᠡᠶ ᠳᠡᠭᠡᠭᠰᠢᠯᠡᠬᠦ ᠶᠢ ᠳᠠᠭᠠᠯᠳᠤᠨ᠂ ᠰᠦᠯᠵᠢᠶᠠᠨ ᠳᠡᠭᠡᠷ᠎ᠡ ᠪᠣᠯᠵᠣᠬᠤ ᠲᠡᠷᠭᠡ᠂ ᠵᠠᠮ ᠲᠡᠭᠡᠭᠡᠪᠦᠷᠢ ᠶᠢᠨ ᠵᠠᠬᠢᠶᠠᠯᠠᠨ ᠦᠢᠯᠡᠳᠬᠦ ᠦᠢᠯᠡᠴᠢᠯᠡᠭᠡ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠡᠪ ᠵᠠᠭᠪᠤᠷ ᠲᠦᠷᠭᠡᠨ ᠬᠥᠭᠵᠢᠵᠦ᠂ ᠵᠠᠮ ᠲᠡᠭᠡᠭᠡᠪᠦᠷᠢ ᠶᠢᠨ ᠡᠯ᠎ᠡ ᠬᠦᠷᠢᠶ᠎ᠡ ᠪᠠ ᠵᠠᠩᠭᠢᠯᠠᠭ᠎ᠠ ᠶᠢᠨ ᠥᠷᠢᠰᠥᠯᠳᠦᠭᠡᠨ ᠨᠠᠩ ᠭᠦᠢᠴᠡᠳ ᠪᠣᠯᠪᠠ᠃ ︽ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡᠨ ᠤ ᠰᠦᠢᠳᠭᠡᠯ ᠬᠤᠷᠢᠶᠠᠬᠤ ᠲᠦᠷᠢᠮ︾᠂ ︽ᠮᠠᠰᠢᠨ ᠲᠡᠷᠭᠡᠨ ᠤ ᠲᠡᠭᠡᠭᠡᠪᠦᠷᠢ ᠶᠢᠨ ᠦᠨ᠎ᠡ ᠶᠢᠨ ᠲᠦᠷᠢᠮ︾᠂ ︽ᠵᠠᠮ ᠲᠡᠭᠡᠭᠡᠪᠦᠷᠢ ᠶᠢᠨ ᠦᠨ᠎ᠡ ᠬᠠᠩᠰᠢ ᠶᠢᠨ ᠬᠠᠮᠢᠶᠠᠷᠣᠯᠳᠡ ᠶᠢᠨ ᠲᠣᠭᠲᠠᠭᠠᠯ︾ ᠵᠡᠷᠭᠡ ᠪᠢᠴᠢᠭ ᠮᠠᠲ᠋ᠧᠷᠢᠶᠠᠯ ᠢᠶᠠᠷ ᠭᠤᠤᠯ ᠴᠣᠭᠴᠠ ᠪᠣᠯᠭᠠᠭᠰᠠᠨ ᠣᠲᠣ ᠶᠢᠨ ᠬᠡᠷᠡᠭᠵᠢᠬᠦᠯᠵᠦ ᠪᠠᠶᠢᠭ᠎ᠠ ᠵᠠᠮ ᠲᠡᠭᠡᠭᠡᠪᠦᠷᠢ ᠶᠢᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠨᠢ ᠨᠢᠭᠡᠨᠲᠡ ᠰᠢᠨ᠎ᠡ ᠪᠠᠶᠢᠳᠡᠯ ᠳᠣᠤᠷᠠᠬᠢ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠵᠤ ᠴᠢᠳᠠᠬᠤ ᠥᠬᠡᠶ ᠪᠣᠯᠵᠣ᠂ ᠠᠷᠠᠳ ᠣᠯᠠᠨ ᠤ ᠶᠠᠪᠤᠵᠤ ᠰᠠᠭᠤᠬᠤ ᠥᠩᠭᠡᠷᠡᠯᠲᠡ ᠶᠢ ᠨᠥᠯᠥᠭᠡᠯᠡᠵᠦ᠂ ᠵᠠᠬ᠎ᠠ ᠲᠡᠯᠭᠡᠬᠦᠷᠴᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠᠲᠠᠶ ᠪᠠᠶᠢᠨ᠎ᠠ᠃       ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠣ ᠪᠣᠳᠣᠯᠭ᠎ᠠ ᠶᠢᠨ ᠪᠠᠶᠢᠷᠢᠭᠤᠯᠣᠯᠳᠡ ᠶᠢ ᠭᠦᠨᠵᠡᠭᠡᠶ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠡᠬᠢ ᠪᠠᠶᠠᠯᠢᠭ ᠢ ᠳᠣᠭᠢᠷᠠᠭᠤᠯᠬᠤ ᠶᠠᠪᠤᠴᠠ ᠳᠠᠬᠢ ᠦᠨ᠎ᠡ ᠬᠠᠩᠰᠢ ᠶᠢᠨ ᠲᠣᠭᠲᠠᠴᠠ ᠶᠢᠨ ᠵᠠᠩᠭᠢᠯᠠᠭ᠎ᠠ ᠶᠢᠨ ᠦᠢᠯᠡᠳᠣᠯ ᠢ ᠭᠦᠢᠴᠡᠳ ᠪᠠᠳᠠᠷᠠᠭᠤᠯᠤᠨ᠂ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠢᠯ ᠲᠥᠷᠥᠯ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠷᠠᠭᠤᠯᠤᠨ᠂ ᠡᠵᠡᠩᠨᠡᠭᠴᠢ ᠶᠢᠨ ᠣᠯᠠᠨ ᠡᠰᠢᠵᠢᠭᠰᠡᠨ᠂ ᠴᠢᠨᠠᠷ ᠰᠠᠶᠢᠲᠠᠶ ᠲᠡᠭᠡᠭᠡᠪᠦᠷᠢ ᠶᠢᠨ ᠦᠢᠯᠡᠴᠢᠯᠡᠭᠡ ᠬᠠᠩᠭᠠᠬᠤ ᠶᠢ ᠠᠬᠢᠭᠤᠯᠵᠤ᠂ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠠᠷᠠᠳ ᠣᠯᠠᠨ ᠤ ᠰᠠᠶᠢᠨ ᠰᠠᠶᠢᠬᠠᠨ ᠶᠠᠪᠤᠵᠤ ᠰᠠᠭᠤᠬᠤ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠶᠢᠨ ᠲᠤᠰᠠᠳᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠤᠭᠰᠠᠨ ᠰᠠᠭᠤᠷᠢᠨ ᠳᠡᠭᠡᠷ᠎ᠡ᠂ ᠬᠠᠮᠲᠤᠷᠠᠨ ︽ᠰᠠᠨᠠᠯ︾ ᠢ ᠳᠠᠷᠤᠮᠠᠯᠯᠠᠨ ᠲᠠᠷᠬᠠᠭᠠᠵᠤ᠂ 2020 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃        ᠬᠤᠶᠡᠷ᠂ ︽ᠰᠠᠨᠠᠯ︾ ᠤᠨ ᠭᠤᠤᠯ ᠠᠭᠤᠯᠭ᠎ᠠ        ︵ᠨᠢᠭᠡ︶ ᠶᠡᠷᠦᠩᠬᠡᠶ ᠱᠠᠭᠠᠷᠳᠠᠯᠭ᠎ᠠ᠃ ︽ᠰᠠᠨᠠᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ  ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠡᠷᠳᠡᠢ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠢᠶᠠᠷ ᠣᠳᠣᠷᠢᠳᠣᠮᠵᠢ ᠪᠣᠯᠭᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠪᠠᠭᠲᠠᠭᠠᠮᠵᠢᠲᠠᠶ ᠪᠣᠯᠭᠤᠮᠵᠢᠲᠠᠶ ᠪᠠᠶᠢᠬᠤ᠂ ᠨᠢᠭᠡᠳᠣᠯᠳᠡᠢ ᠲᠥᠯᠥᠪᠯᠡᠨ ᠠᠬᠢᠭᠤᠯᠬᠤ ᠵᠡᠷᠭᠡ ᠦᠨᠳᠦᠰᠦᠨ ᠵᠠᠷᠴᠢᠮ ᠢ ᠪᠠᠷᠢᠮᠲᠠᠯᠠᠵᠤ᠂ ᠭᠤᠤᠯᠳᠠᠭᠤ ᠵᠠᠬ᠎ᠠ  ᠲᠡᠯᠭᠡᠬᠦᠷ ᠠᠴᠠ ᠲᠣᠭᠲᠠᠭᠠᠭᠰᠠᠨ ᠵᠠᠮ ᠲᠡᠭᠡᠭᠡᠪᠦᠷᠢ ᠶᠢᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠪᠠ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠢᠯᠡ ᠲᠣᠳᠣ ᠵᠠᠮ ᠲᠡᠭᠡᠭᠡᠪᠦᠷᠢ ᠶᠢᠨ ᠦᠨ᠎ᠡ ᠬᠠᠩᠰᠢ ᠶᠢᠨ ᠬᠢᠨᠠᠯᠲᠠ ᠬᠠᠮᠢᠶᠠᠷᠣᠯᠳᠡ ᠶᠢᠨ ᠲᠦᠷᠢᠮ ᠢ ᠪᠦᠷᠢᠨᠰᠢᠭᠦᠯᠦᠨ᠎ᠡ ᠭᠡᠵᠦ ᠲᠣᠳᠣᠷᠬᠠᠶ ᠲᠣᠭᠲᠠᠭᠠᠪᠠ᠃       ︵ᠬᠤᠶᠠᠷ︶ ᠭᠤᠤᠯ ᠡᠭᠦᠷᠭᠡ       ᠨᠢᠭᠡ ᠳᠤ᠂ ᠵᠠᠮ ᠲᠡᠭᠡᠭᠡᠪᠦᠷᠢ ᠶᠢᠨ ᠦᠨ᠎ᠡ ᠬᠠᠩᠰᠢ ᠶᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠬᠦᠯᠦᠨ᠎ᠡ᠃ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠠᠴᠠ ᠭᠠᠳᠠᠨ᠎ᠠ᠂ 3 ᠡᠷᠦᠬᠡ ᠵᠢᠴᠢ ᠲᠡᠭᠦᠨ ᠠᠴᠠ ᠳᠡᠭᠡᠭᠰᠢᠬᠢ ᠡᠵᠡᠩᠨᠡᠭᠴᠢᠳ ᠬᠠᠮᠲᠤ ᠪᠠᠷ ᠡᠵᠡᠩᠨᠡᠬᠦ ᠵᠠᠮ ᠱᠤᠭᠤᠮ᠂ ᠳᠡᠭᠡᠳᠦ ᠬᠤᠷᠳᠤᠴᠠᠲᠤ ᠲᠡᠮᠦᠷ ᠵᠠᠮ ᠤᠨ ᠣᠯᠠᠨ ᠬᠥᠳᠡᠯᠭᠡᠭᠦᠷᠲᠦ ᠴᠤᠪᠤᠭ᠎ᠠ ᠲᠡᠷᠭᠡᠨ ᠤ ᠵᠠᠮ ᠱᠤᠭᠤᠮ ᠲᠠᠢ ᠵᠡᠷᠭᠡᠴᠡᠭᠡ ᠵᠠᠮ ᠱᠤᠭᠤᠮ ᠵᠡᠷᠭᠡ ᠥᠷᠢᠰᠥᠯᠳᠦᠭᠡᠨ ᠢᠶᠠᠷ ᠭᠦᠢᠴᠡᠳ ᠡᠭᠡᠯᠵᠢ ᠶᠢᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠳᠤ ᠵᠠᠷᠴᠢᠮ ᠳᠡᠭᠡᠷ᠎ᠡ ᠪᠠᠨ ᠵᠠᠬ᠎ᠠ ᠲᠡᠯᠭᠡᠬᠦᠷ ᠢᠶᠠᠷ ᠦᠨ᠎ᠡ ᠬᠠᠩᠰᠢ ᠶᠢ ᠳᠣᠭᠢᠷᠠᠭᠤᠯᠤᠨ᠎ᠠ︔ ᠥᠷᠢᠰᠥᠯᠳᠦᠭᠡᠨ ᠢᠶᠠᠷ ᠭᠦᠢᠴᠡᠳ ᠪᠤᠰᠤ ᠡᠭᠡᠯᠵᠢ ᠶᠢᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠳᠤ ᠵᠠᠰᠠᠭ ᠤᠨ ᠣᠷᠳᠣᠨ ᠤ ᠵᠢᠯᠣᠭᠤᠳᠬᠤ ᠦᠨ᠎ᠡ ︵ᠬᠠᠮᠤᠭ ᠤᠨ ᠥᠨᠳᠥᠷ ᠳᠡᠭᠡᠷ᠎ᠡ ᠬᠢᠵᠠᠭᠠᠷ ᠤᠨ ᠦᠨ᠎ᠡ︶ ᠶᠢᠨ ᠬᠠᠮᠢᠶᠠᠷᠣᠯᠳᠡ ᠶᠢ ᠬᠡᠷᠡᠭᠵᠢᠭᠦᠯᠵᠦ ᠪᠣᠯᠤᠨ᠎ᠠ᠃ ᠲᠣᠭᠲᠠᠮᠠᠯ ᠵᠠᠮ ᠱᠤᠭᠤᠮ ᠤᠨ ᠶᠣᠰᠣᠭᠠᠷ ᠠᠵᠢᠯᠯᠠᠬᠤ ᠪᠤᠶᠤ ᠣᠷᠣᠨ ᠪᠦᠰᠡ ᠶᠢᠨ ᠡᠵᠡᠩᠨᠡᠯᠲᠡ ᠶᠢ ᠬᠡᠷᠡᠭᠵᠢᠭᠦᠯᠵᠦ ᠪᠠᠶᠢᠭ᠎ᠠ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠳᠤ ᠪᠣᠯ ᠵᠠᠷᠴᠢᠮ ᠳᠡᠭᠡᠷ᠎ᠡ ᠪᠠᠨ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠶᠢ ᠬᠡᠷᠡᠭᠵᠢᠭᠦᠯᠬᠦ ᠬᠡᠷᠡᠭᠲᠡᠶ᠃      ᠬᠤᠶᠡᠷ ᠲᠤ ᠮᠠᠰᠢᠨ ᠲᠡᠷᠭᠡᠨ ᠤ ᠠᠶᠠᠨᠴᠢᠳ ᠲᠡᠭᠡᠭᠡᠪᠦᠷᠢ ᠶᠢᠨ ᠥᠷᠲᠡᠭᠡ ᠶᠢᠨ ᠰᠦᠢᠳᠭᠡᠯ ᠬᠤᠷᠢᠶᠠᠬᠤ ᠲᠥᠷᠥᠯ ᠬᠤᠪᠢᠶᠠᠷᠯᠬᠠᠰᠠᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ ᠠᠶᠠᠨᠴᠢᠳ ᠲᠡᠭᠡᠭᠡᠪᠦᠷᠢ ᠶᠢᠨ ᠡᠵᠡᠩᠨᠡᠭᠴᠢ᠂ ᠠᠶᠠᠨᠴᠢᠳ ᠡᠵᠡᠨ ᠮᠡᠳᠡᠨ ᠰᠣᠩᠭᠤᠵᠤ ᠪᠣᠯᠬᠤ ᠦᠢᠯᠡᠴᠢᠯᠡᠬᠡᠨ ᠤ ᠰᠦᠢᠳᠭᠡᠯ ᠬᠤᠷᠢᠶᠠᠬᠤ ᠳᠤ ᠵᠠᠬ᠎ᠠ ᠳᠡᠯᠭᠡᠭᠦᠷ ᠢᠶᠠᠷ ᠲᠣᠬᠢᠷᠠᠭᠤᠯᠬᠤ ᠦᠨ᠎ᠡ ᠶᠢ ᠬᠡᠷᠡᠭᠵᠢᠭᠦᠯᠬᠦ ᠬᠡᠷᠡᠭᠲᠡᠶ᠃ ᠠᠶᠠᠨᠴᠢᠳ ᠲᠡᠭᠡᠭᠡᠪᠦᠷᠢ ᠶᠢᠨ ᠣᠷᠣᠯᠠᠨ  ᠭᠦᠢᠴᠡᠳᠭᠡᠬᠦ᠂ ᠠᠶᠠᠨᠴᠢᠳ ᠲᠡᠷᠭᠡ ᠶᠢᠨ ᠡᠭᠡᠯᠵᠢ ᠨᠡᠶᠢᠲᠡᠯᠡᠬᠦ᠂ ᠲᠡᠷᠭᠡ ᠬᠥᠰᠬᠡ ᠶᠢᠨ ᠠᠮᠤᠷ ᠲᠦᠪᠰᠢᠨ ᠤ ᠵᠤᠷᠰᠢᠯ ᠪᠠᠶᠢᠴᠠᠭᠠᠯᠲᠠ ᠵᠡᠷᠭᠡ ᠲᠡᠷᠭᠡ ᠬᠥᠰᠬᠡ ᠶᠢᠨ ᠥᠷᠲᠡᠭᠡ ᠶᠢᠨ ᠶᠠᠪᠤᠳᠠᠯ ᠤᠨ ᠦᠨᠳᠦᠰᠦᠨ ᠦᠢᠯᠡᠴᠢᠯᠡᠬᠡᠨ ᠵᠢᠴᠢ ᠪᠢᠯᠧᠲ ᠪᠤᠴᠠᠭᠠᠬᠤ᠂ ᠥᠷᠲᠡᠭᠡ ᠶᠢᠨ ᠶᠠᠪᠤᠳᠠᠯ ᠵᠡᠷᠭᠡ ᠠᠶᠠᠨᠴᠢᠳ ᠦᠨᠳᠦᠰᠦᠨ ᠦᠢᠯᠡᠴᠢᠯᠡᠬᠡᠨ ᠤ ᠰᠦᠢᠳᠭᠡᠯ ᠬᠤᠷᠢᠶᠠᠬᠤ ᠳᠤ ᠵᠠᠷᠴᠢᠮ ᠳᠡᠭᠡᠷ᠎ᠡ ᠪᠠᠨ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠬᠠᠩᠰᠢ ᠶᠢ ᠬᠡᠷᠡᠭᠵᠢᠭᠦᠯᠦᠨ᠎ᠡ᠃ ᠡᠯ᠎ᠡ ᠭᠠᠵᠠᠷ ᠤᠨ ᠬᠢᠨ ᠴᠦ ᠪᠣᠳᠠᠲᠤ ᠪᠠᠶᠢᠳᠡᠯ ᠲᠠᠢ ᠪᠠᠨ ᠤᠶᠠᠯᠳᠤᠭᠤᠯᠤᠨ᠂ ᠵᠠᠬ᠎ᠠ ᠳᠡᠯᠭᠡᠭᠦᠷ ᠤᠨ ᠲᠣᠬᠢᠷᠠᠭᠤᠯᠬᠤ ᠦᠨ᠎ᠡ ᠶᠢ ᠬᠡᠰᠡᠭ ᠲᠠᠯ᠎ᠠ ᠪᠠᠷ ᠬᠡᠷᠡᠭᠵᠢᠭᠦᠯᠬᠦ ᠪᠤᠶᠤ ᠪᠦᠬᠦᠨ ᠢ ᠬᠡᠷᠡᠭᠵᠢᠭᠦᠯᠵᠦ ᠪᠣᠯᠤᠨ᠎ᠠ᠃      ᠭᠤᠷᠪᠠ ᠳᠤ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨ᠎ᠡ ᠶᠢᠨ ᠪᠦᠷᠢᠯᠳᠦᠬᠦ ᠲᠣᠭᠲᠠᠴᠠ ᠶᠢ ᠪᠦᠷᠢᠨᠰᠢᠭᠦᠯᠦᠨ᠎ᠡ᠃ ᠲᠡᠭᠡᠭᠡᠪᠦᠷᠢ ᠶᠢᠨ ᠦᠨ᠎ᠡ ᠶᠢ ᠬᠥᠳᠡᠯᠦᠩᠭᠦᠶ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠬᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠵᠦ ᠲᠡᠭᠦᠯᠳᠡᠷᠵᠢᠭᠦᠯᠬᠦ ᠬᠡᠷᠡᠭᠲᠡᠶ᠃ ᠲᠤᠰ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠡᠭᠡᠭᠡᠪᠦᠷᠢ ᠶᠢᠨ ᠦᠨ᠎ᠡ ᠶᠢ ᠨᠥᠯᠥᠭᠡᠯᠡᠬᠦ ᠭᠤᠣᠯ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ᠂ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠶᠢᠨ ᠲᠡᠭᠡᠭᠡᠪᠦᠷᠢ ᠶᠢᠨ ᠦᠨ᠎ᠡ ᠶᠢᠨ ᠬᠢᠷᠢ ᠬᠡᠮᠵᠢᠶ᠎ᠡ ᠪᠣᠯᠤᠨ ᠪᠦᠲᠦᠴᠡ ᠶᠢ ᠴᠠᠭ ᠲᠤᠬᠠᠶ ᠳᠤᠨᠢ ᠲᠣᠬᠢᠷᠠᠭᠤᠯᠬᠤ ᠬᠡᠷᠡᠭᠲᠡᠶ᠃ ᠡᠯ᠎ᠡ ᠭᠠᠵᠠᠷ ᠤᠨ ᠬᠢᠨ ᠤ ᠲᠡᠭᠡᠭᠡᠪᠦᠷᠢ ᠶᠢᠨ ᠦᠨ᠎ᠡ ᠶᠢ ᠲᠣᠬᠢᠷᠠᠭᠤᠯᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠣᠨ ᠲᠡᠭᠦᠯᠳᠡᠷᠵᠢᠭᠦᠯᠬᠦ ᠶᠢ ᠵᠣᠷᠢᠭᠵᠢᠭᠤᠯᠵᠤ᠂ ᠲᠡᠭᠡᠭᠡᠪᠦᠷᠢ ᠶᠢᠨ ᠦᠨ᠎ᠡ ᠶᠢ ᠲᠣᠬᠢᠷᠠᠭᠤᠯᠬᠤ ᠲᠣᠭᠲᠠᠴᠠ ᠳᠤ ᠭᠡᠷᠡᠴᠢᠯᠡᠭᠡ ᠰᠣᠨᠣᠰᠴᠤ᠂ ᠡᠬᠢᠯᠡᠭᠦᠯᠬᠦ ᠨᠥᠬᠦᠴᠡᠯ ᠳᠤ ᠬᠦᠷᠦᠭᠰᠡᠨ ᠣᠶᠶ᠎ᠠ ᠳᠤ ᠲᠡᠭᠡᠭᠡᠪᠦᠷᠢ ᠶᠢᠨ ᠦᠨ᠎ᠡ ᠶᠢ ᠴᠠᠭ ᠲᠤᠬᠠᠶ ᠳᠤᠨᠢ ᠲᠣᠬᠢᠷᠠᠭᠤᠯᠬᠤ ᠶᠢᠨ ᠬᠠᠮᠲᠤ ᠨᠡᠶᠢᠭᠡᠮ ᠳᠤ ᠵᠠᠷᠯᠠᠬᠤ ᠬᠡᠷᠡᠭᠲᠡᠶ᠃      ᠳᠥᠷᠪᠡ ᠳᠤ᠂ ᠵᠠᠮ ᠲᠡᠭᠡᠭᠡᠪᠦᠷᠢ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠤᠨ ᠦᠨ᠎ᠡ ᠬᠠᠩᠰᠢ ᠶᠢᠨ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ ᠦᠨ᠎ᠡ ᠲᠣᠭᠲᠠᠭᠠᠬᠤ᠂ ᠦᠨ᠎ᠡ ᠨᠡᠮᠡᠬᠦ ᠲᠣᠨᠨᠳᠡᠴᠡ ᠪᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠵᠤ᠂ ᠲᠡᠭᠡᠭᠡᠪᠦᠷᠢ ᠶᠢᠨ ᠦᠨ᠎ᠡ ᠶᠢᠨ ᠪᠦᠲᠦᠴᠡ᠂  ᠦᠨ᠎ᠡ ᠨᠡᠮᠡᠬᠦ ᠲᠦᠷᠢᠮ ᠢ ᠨᠡᠶᠢᠲᠡᠯᠡᠵᠦ᠂ ᠦᠨ᠎ᠡ ᠨᠡᠮᠡᠬᠦ ᠪᠠᠷᠢᠮᠵᠢᠶ᠎ᠠ ᠶᠢ ᠵᠦᠶ ᠵᠣᠬᠢᠰᠲᠠᠶ ᠪᠥᠭᠡᠳ ᠬᠠᠷᠢᠴᠠᠩᠭᠤᠢ ᠪᠠᠷ ᠲᠣᠭᠲᠠᠭᠤᠨ ᠪᠠᠶᠢᠯᠭᠠᠵᠤ᠂ ᠲᠡᠰᠦᠯᠦᠨ ᠪᠤᠳᠤᠬᠤ ᠲᠠᠩᠰᠠ ᠨᠢ ᠲᠣᠳᠣᠷᠬᠠᠶ᠂ ᠵᠢᠷᠤᠮᠵᠢᠯ ᠲᠠᠢ᠂ ᠢᠯᠡ ᠲᠣᠳᠣ ᠪᠠᠶᠢᠬᠤ ᠶᠢ ᠪᠠᠲᠤᠯᠠᠬᠤ ᠬᠡᠷᠡᠭᠲᠡᠶ᠃ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠵᠠᠬᠢᠶᠠᠯᠠᠨ ᠦᠢᠯᠡᠳᠬᠦ ᠦᠢᠯᠡᠴᠢᠯᠡᠬᠡᠨ ᠳᠤ ᠵᠠᠬ᠎ᠠ ᠳᠡᠯᠭᠡᠭᠦᠷ ᠢᠶᠠᠷ ᠲᠣᠬᠢᠷᠠᠭᠤᠯᠬᠤ ᠦᠨ᠎ᠡ ᠶᠢ ᠬᠡᠷᠡᠭᠵᠢᠭᠦᠯᠬᠦ ᠬᠡᠷᠡᠭᠲᠡᠶ᠃ ᠬᠥᠳᠡᠭᠡ ᠲᠣᠰᠬᠤᠨ ᠤ ᠭᠠᠵᠠᠷ ᠣᠷᠣᠨ ᠳᠤ ᠣᠯᠠᠨ ᠨᠡᠶᠢᠲᠡ ᠶᠢᠨ ᠮᠠᠰᠢᠨ ᠴᠠᠬᠢᠯᠭᠠᠨ ᠲᠡᠷᠭᠡᠨ ᠤ ᠠᠶᠠᠨᠴᠢᠳ ᠲᠡᠭᠡᠭᠡᠪᠦᠷᠢ ᠶᠢ ᠨᠡᠪᠲᠡᠷᠡᠭᠦᠯᠬᠦ ᠳᠤ᠂ ᠵᠠᠷᠴᠢᠮ ᠳᠡᠭᠡᠷ᠎ᠡ ᠪᠠᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠨ᠎ᠡ ᠬᠠᠩᠰᠢ ᠶᠢᠨ ᠬᠠᠮᠢᠶᠠᠷᠤᠯᠲᠠ ᠳᠤ ᠣᠷᠣᠭᠤᠯᠬᠤ ᠬᠡᠷᠡᠭᠲᠡᠶ᠃      ᠲᠠᠪᠦ ᠳᠤ ᠣᠨᠴᠠᠭᠠᠶ ᠠᠶᠠᠨᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠪᠦᠷᠢᠨᠰᠢᠭᠦᠯᠦᠨ᠎ᠡ᠃ ᠠᠷᠠᠳ ᠤᠨ ᠴᠠᠭᠳᠠᠭ᠎ᠠ ᠶᠢᠨ ᠬᠠᠤᠯᠢ᠂ ᠴᠡᠷᠢᠭ ᠤᠨ ᠠᠰᠠᠷᠠᠮᠵᠢ ᠬᠠᠷᠠᠭᠠᠯᠵᠠᠯ ᠤᠨ ᠳᠦᠷᠢᠮ᠂ ︽ᠤᠯᠤᠰ ᠤᠨ ᠶᠡᠷᠦᠩᠭᠡᠶᠢᠯᠡᠭᠰᠡᠨ ᠴᠢᠨᠠᠷᠲᠠᠶ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠬᠤ ᠪᠣᠷᠣ ᠲᠥᠯᠥᠪ ᠤᠨ ᠲᠥᠰᠦᠯ︾ ᠤᠨ ᠬᠤᠯᠪᠣᠭᠳᠠᠯ ᠪᠦᠬᠦᠢ ᠲᠣᠭᠲᠠᠭᠠᠯ ᠢ ᠨᠠᠶᠢᠳᠠᠪᠤᠷᠢᠵᠢᠭᠤᠯᠵᠤ᠂ ᠵᠡᠮᠳᠡᠭ ᠴᠡᠷᠢᠭ᠂ ᠵᠡᠮᠳᠡᠭ ᠠᠷᠠᠳ ᠤᠨ ᠴᠠᠭᠳᠠᠭ᠎ᠠ᠂ ᠵᠡᠮᠳᠡᠭ ᠭᠠᠯ ᠤᠨᠲᠠᠷᠠᠭᠠᠬᠤ ᠠᠪᠤᠷᠠᠨ ᠲᠤᠰᠠᠯᠠᠬᠤ ᠬᠥᠮᠦᠰ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡᠨ ᠳᠤ ᠰᠠᠭᠤᠵᠤ᠂ ᠠᠶᠠᠨᠴᠢᠳ ᠤᠨ ᠪᠢᠯᠧᠲ ᠤᠨ ᠬᠠᠭᠠᠰ ᠦᠨ᠎ᠡ ᠶᠢᠨ ᠬᠠᠷᠠᠭᠠᠯᠵᠠᠯ ᠢ ᠬᠦᠷᠲᠡᠨ᠎ᠡ ᠭᠡᠵᠦ ᠲᠣᠳᠣᠷᠬᠠᠶᠢᠯᠠᠪᠠ᠃ ᠨᠥᠬᠦᠴᠡᠯ ᠳᠤ ᠨᠡᠶᠢᠴᠡᠬᠦ ᠬᠡᠤᠬᠡᠳ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡᠨ ᠳᠤ ᠰᠠᠭᠤᠪᠠᠯ ᠰᠦᠢᠳᠭᠡᠯ ᠬᠤᠷᠢᠶᠠᠬᠤ ᠦᠭᠡᠢ ᠪᠠᠷ ᠲᠡᠷᠭᠡᠨ ᠳᠤ ᠰᠠᠭᠤᠬᠤ ᠪᠤᠶᠤ ᠠᠶᠠᠨᠴᠢᠳ ᠪᠢᠯᠧᠲ ᠤᠨ ᠬᠠᠭᠠᠰ ᠦᠨ᠎ᠡ ᠶᠢᠨ ᠬᠠᠷᠠᠭᠠᠯᠵᠠᠯ ᠢ ᠬᠦᠷᠲᠡᠬᠦ ᠶᠢ ᠲᠣᠳᠣᠷᠬᠠᠶᠢᠯᠠᠨ᠎ᠠ᠃ ᠬᠡᠤᠬᠡᠳ ᠤᠨ ᠪᠡᠶ᠎ᠡ ᠶᠢᠨ ᠥᠨᠳᠥᠷ ᠤᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ᠂ ᠨᠠᠰᠤ ᠪᠠᠷ ᠦᠨᠳᠦᠰᠦᠯᠡᠯ  ᠪᠣᠯᠭᠠᠨᠨᠰᠠᠨ ᠬᠡᠤᠬᠡᠳ ᠤᠨ ᠪᠢᠯᠧᠲ᠂ ᠪᠢᠯᠧᠲ ᠠᠪᠬᠤ ᠥᠬᠡᠶ ᠪᠠᠷ ᠬᠤᠪᠢᠶᠠᠷᠢᠯᠠᠬᠤ ᠪᠠᠷᠢᠮᠵᠢᠶ᠎ᠠ ᠶᠢ ᠨᠡᠮᠡᠭᠳᠡᠭᠦᠯᠦᠨ᠎ᠡ᠃ ᠬᠡᠤᠬᠡᠳ ᠤᠨ ᠨᠠᠰᠤ ᠵᠢᠯ ᠢ ᠭᠡᠷᠡᠴᠢᠯᠡᠬᠦ ᠬᠦᠴᠦᠨ ᠪᠥᠬᠦᠶ ᠪᠡᠶ᠎ᠡ ᠶᠢᠨ ᠦᠨᠡᠮᠯᠡᠯ ᠤᠨ ᠲᠥᠷᠥᠯ ᠵᠦᠢᠯ ᠢ ᠲᠣᠳᠣᠷᠬᠠᠶᠢᠯᠠᠪᠠ᠃       ︵ᠭᠤᠷᠪᠠ︶ ᠬᠠᠮᠢᠶ᠎ᠠ ᠪᠦᠬᠦᠢ ᠠᠷᠭ᠎ᠠ ᠬᠡᠮᠵᠢᠶ᠎ᠡ       ᠨᠢᠭᠡ ᠳᠤ ᠵᠠᠰᠠᠭ ᠤᠨ ᠣᠷᠳᠣᠨ ᠤ ᠦᠨ᠎ᠡ ᠲᠣᠭᠲᠠᠭᠠᠬᠤ ᠠᠵᠢᠯᠯᠠᠭ᠎ᠠ ᠶᠢ ᠵᠢᠷᠤᠮᠵᠢᠭᠤᠯᠤᠨ᠎ᠠ᠃ ᠦᠨ᠎ᠡ ᠬᠠᠩᠰᠢ ᠲᠣᠭᠲᠠᠭᠠᠬᠤ ᠪᠠᠶᠢᠭᠤᠯᠤᠯᠭ᠎ᠠ ᠦᠨ᠎ᠡ ᠬᠠᠩᠰᠢ ᠲᠣᠭᠲᠠᠭᠠᠬᠤ ᠪᠤᠶᠤ ᠲᠣᠬᠢᠷᠠᠭᠤᠯᠬᠤ ᠳᠠᠭᠠᠨ ᠦᠨ᠎ᠡ ᠲᠣᠨᠨᠳᠠᠭᠠᠬᠤ ᠥᠪᠡᠷ ᠤᠨ ᠥᠷᠲᠡᠭ ᠢ ᠬᠢᠨᠠᠨ ᠪᠠᠶᠢᠴᠠᠭᠠᠬᠤ ᠪᠤᠶᠤ ᠥᠪᠡᠷ ᠤᠨ ᠥᠷᠲᠡᠭ ᠤᠨ ᠪᠠᠶᠢᠴᠠᠭᠠᠯᠲᠠ ᠶᠢ ᠬᠠᠤᠯᠢ ᠶᠣᠰᠣᠭᠠᠷ ᠥᠷᠨᠢᠭᠦᠯᠬᠦ ᠶᠢᠨ ᠬᠠᠮᠲᠤ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠬᠤ ᠬᠡᠷᠡᠭᠳᠡᠢ᠃ ᠴᠠᠭᠠᠨ ᠰᠠᠷ᠎ᠠ ᠶᠢᠨ ᠲᠡᠭᠡᠭᠡᠪᠦᠷᠢ ᠪᠠ ᠪᠠᠶᠠᠷ ᠳᠤᠷᠠᠰᠬᠠᠯ ᠠᠮᠠᠷᠠᠯᠲᠠ ᠶᠢᠨ ᠬᠤᠭᠤᠴᠠᠭᠠᠨ ᠳᠤ ᠡᠭᠡᠯᠵᠢ ᠶᠢᠨ  ᠲᠡᠷᠭᠡ ᠶᠢᠨ ᠠᠶᠠᠨᠴᠢᠳ ᠤᠨ ᠲᠡᠭᠡᠭᠡᠪᠦᠷᠢ ᠶᠢᠨ ᠪᠢᠯᠧᠲ ᠤᠨ ᠦᠨ᠎ᠡ ᠳᠤ ᠦᠨ᠎ᠡ ᠨᠡᠮᠡᠬᠦ ᠣᠨᠴᠠᠭᠠᠶ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠣᠯᠬᠤ ᠥᠬᠡᠶ᠃      ᠬᠤᠶᠡᠷ ᠲᠤ ᠡᠵᠡᠩᠨᠡᠭᠴᠢ ᠶᠢᠨ ᠡᠵᠡᠨ ᠮᠡᠳᠡᠵᠦ ᠦᠨ᠎ᠡ ᠲᠣᠭᠲᠠᠭᠠᠬᠤ ᠠᠵᠢᠯᠯᠠᠭ᠎ᠠ ᠶᠢ ᠵᠢᠷᠤᠮᠵᠢᠭᠤᠯᠤᠨ᠎ᠠ᠃ ᠵᠠᠮ ᠲᠡᠭᠡᠭᠡᠪᠦᠷᠢ ᠶᠢᠨ ᠡᠵᠡᠩᠨᠡᠭᠴᠢ ᠦᠨ᠎ᠡ ᠬᠠᠩᠰᠢ ᠶᠢ ᠢᠯᠡ ᠲᠡᠮᠳᠡᠭᠯᠡᠬᠦ ᠶᠢ ᠬᠡᠷᠡᠭᠵᠢᠭᠦᠯᠵᠦ᠂  ᠦᠢᠯᠡᠴᠢᠯᠡᠬᠡᠨ ᠤ ᠲᠥᠷᠥᠯ ᠵᠦᠢᠯ ᠵᠢᠴᠢ ᠦᠨ᠎ᠡ ᠬᠠᠩᠰᠢ ᠶᠢ ᠢᠯᠡ ᠨᠡᠶᠢᠲᠡᠯᠡᠬᠦ ᠶᠢᠨ ᠬᠠᠮᠲᠤ ᠦᠨ᠎ᠡ ᠬᠠᠩᠰᠢ ᠶᠢ ᠦᠨᠳᠦᠰᠦᠨ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠬᠤ ᠬᠡᠷᠡᠭᠲᠡᠶ᠃ ᠡᠭᠡᠯᠵᠢ ᠶᠢᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠳᠤ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠶᠢ ᠬᠡᠷᠡᠭᠵᠢᠭᠦᠯᠦᠭᠰᠡᠨ ᠪᠣᠯ ᠪᠠᠰᠠ ᠠᠶᠠᠨᠴᠢᠳ ᠤᠨ ᠪᠢᠯᠧᠲ ︵ᠡᠯᠧᠺᠲᠷᠣᠨ ᠠᠶᠠᠨᠴᠢᠳ ᠤᠨ ᠪᠢᠯᠧᠲ ᠪᠠᠭᠳᠠᠨ᠎ᠠ︶ ᠳᠤ ᠲᠣᠳᠣᠷᠬᠠᠶᠢᠯᠠᠯᠲᠠ ᠬᠠᠳᠠᠬᠤ ᠪᠤᠶᠤ ᠪᠢᠯᠧᠲ ᠬᠤᠳᠠᠯᠳᠤᠬᠤ ᠠᠷᠭ᠎ᠠ ᠵᠠᠮ ᠢᠶᠠᠷ ᠳᠠᠮᠵᠢᠭᠤᠯᠤᠨ ᠪᠢᠯᠧᠲ ᠤᠨ ᠦᠨ᠎ᠡ ᠶᠢ ᠨᠡᠶᠢᠲᠡᠯᠡᠬᠦ ᠬᠡᠷᠡᠭᠲᠡᠶ᠃ ᠵᠠᠮ ᠲᠡᠭᠡᠭᠡᠪᠦᠷᠢ ᠶᠢᠨ ᠡᠵᠡᠩᠨᠡᠭᠴᠢ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠦᠨ᠎ᠡ ᠬᠠᠩᠰᠢ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠶᠢᠨ ᠦᠨ᠎ᠡ ᠬᠠᠩᠰᠢ ᠲᠣᠭᠲᠠᠭᠠᠬᠤ ᠲᠣᠨᠨᠳᠠᠴᠡ ᠪᠤᠶᠤ ᠬᠥᠳᠡᠯᠦᠩᠭᠦᠶ ᠦᠨ᠎ᠡ ᠨᠡᠮᠡᠬᠦ ᠲᠣᠭᠲᠠᠴᠠ ᠳᠤ ᠲᠣᠬᠢᠷᠠᠭᠤᠯᠤᠯᠲᠠ ᠬᠢᠬᠦ ᠪᠤᠶᠤ ᠲᠣᠬᠢᠷᠠᠭᠤᠯᠤᠯᠲᠠ  ᠬᠢᠬᠦ ᠳᠡᠭᠡᠨ ᠠᠳᠠᠭ ᠲᠠᠭᠠᠨ 7 ᠡᠳᠦᠷ ᠤᠨ ᠡᠮᠦᠨ᠎ᠡ ᠨᠡᠶᠢᠭᠡᠮ ᠳᠤ ᠨᠡᠶᠢᠲᠡᠯᠡᠬᠦ ᠬᠡᠷᠡᠭᠲᠡᠶ᠃       ᠭᠤᠷᠪᠡ ᠳᠤ ᠦᠨ᠎ᠡ ᠬᠠᠩᠰᠢ ᠶᠢᠨ ᠬᠢᠨᠠᠨ ᠬᠡᠮᠵᠢᠯᠲᠡ ᠪᠠ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠭᠠᠵᠠᠷ ᠤᠨ ᠦᠨ᠎ᠡ ᠬᠠᠩᠰᠢ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠮ ᠲᠡᠭᠡᠭᠡᠪᠦᠷᠢ ᠶᠢᠨ ᠦᠨ᠎ᠡ ᠬᠠᠩᠰᠢ ᠶᠢ ᠬᠢᠨᠠᠨ ᠬᠡᠮᠵᠢᠵᠦ ᠵᠠᠳᠠᠯᠤᠯᠲᠠ ᠬᠢᠵᠦ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠴᠠᠭᠠᠨ ᠰᠠᠷ᠎ᠠ ᠶᠢᠨ ᠲᠡᠭᠡᠭᠡᠪᠦᠷᠢ᠂ ᠪᠠᠶᠠᠷ ᠳᠤᠷᠠᠰᠬᠠᠯ ᠠᠮᠠᠷᠠᠯᠳᠡ ᠶᠢᠨ ᠡᠳᠦᠷ ᠵᠡᠷᠭᠡ ᠭᠤᠤᠯᠳᠠᠯᠭ᠎ᠠ ᠲᠠᠢ ᠴᠠᠭ ᠬᠤᠭᠤᠴᠠᠭᠠᠨ ᠤ ᠦᠨ᠎ᠡ ᠬᠠᠩᠰᠢ ᠶᠢ ᠬᠢᠨᠠᠨ ᠬᠡᠮᠵᠢᠬᠦ ᠶᠢ ᠭᠤᠤᠯᠴᠢᠯᠠᠨ ᠴᠢᠩᠭᠠᠳᠬᠠᠵᠤ᠂ ᠲᠤᠬᠢᠷᠠᠭᠤᠯᠤᠨ ᠡᠵᠡᠮᠳᠡᠬᠦ ᠰᠠᠨᠠᠭᠤᠯᠭ᠎ᠠ ᠶᠢ ᠴᠠᠭ ᠲᠤᠬᠠᠶ ᠳᠤᠨᠢ ᠳᠤᠷᠠᠳᠴᠤ᠂ ᠦᠨ᠎ᠡ ᠬᠠᠩᠰᠢ ᠶᠢᠨ ᠬᠢᠷᠢ ᠬᠡᠮᠵᠢᠶ᠎ᠡ ᠶᠢ ᠵᠦᠶ ᠵᠣᠬᠢᠰᠲᠠᠶ ᠣᠷᠣᠨ ᠪᠠᠶᠢᠷᠢ ᠳᠤ ᠪᠠᠶᠢᠯᠭᠠᠬᠤ ᠶᠢ ᠪᠠᠲᠤᠯᠠᠬᠤ ᠬᠡᠷᠡᠭᠲᠡᠶ︔ ᠵᠠᠮ ᠲᠡᠭᠡᠭᠡᠪᠦᠷᠢ ᠶᠢᠨ ᠦᠨ᠎ᠡ ᠬᠠᠩᠰᠢ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠪᠠᠶᠢᠭᠤᠯᠬᠤ ᠶᠢ ᠠᠬᠢᠭᠤᠯᠵᠤ᠂ ᠬᠠᠮᠢᠶ᠎ᠠ ᠪᠥᠬᠦᠶ ᠢᠲᠡᠭᠡᠯ ᠠᠯᠳᠠᠭᠰᠠᠨ ᠬᠠᠷᠢᠭᠤᠴᠠᠯᠭᠠᠲᠤ ᠴᠣᠭᠴᠠ ᠳᠤ ᠬᠠᠤᠯᠢ ᠲᠣᠭᠲᠠᠭᠠᠯ ᠶᠣᠰᠣᠭᠠᠷ ᠢᠲᠡᠭᠡᠮᠵᠢ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠦᠨ᠎ᠡ᠃      ᠲᠦᠷᠪᠡ ᠳᠤ ᠠᠵᠢᠯ ᠲᠥᠷᠥᠯ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠤᠨ᠎ᠠ᠃ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠮ ᠲᠡᠭᠡᠭᠡᠪᠦᠷᠢ ᠶᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨ᠎ᠡ ᠬᠠᠩᠰᠢ ᠶᠢᠨ ᠥᠭᠡᠷᠡᠴᠢᠯᠡᠯᠲᠡ ᠳᠤ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ᠃      ︵ᠲᠦᠷᠪᠡ︶ ᠠᠵᠢᠯ ᠤᠨ ᠱᠠᠭᠠᠷᠳᠠᠯᠭ᠎ᠠ᠃ ᠡᠯ᠎ᠡ ᠭᠠᠵᠠᠷ ᠤᠨ ᠵᠠᠮ ᠬᠠᠷᠢᠯᠴᠠᠭ᠎ᠠ ᠲᠡᠭᠡᠭᠡᠪᠦᠷᠢ᠂ ᠦᠨ᠎ᠡ ᠬᠠᠩᠰᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠵᠣᠬᠢᠶᠠᠨ ᠪᠠᠶᠢᠭᠤᠯᠤᠯᠲᠠ ᠪᠠᠨ ᠴᠢᠩᠭᠠᠳᠬᠠᠵᠤ᠂ ᠨᠡᠶᠢᠭᠡᠮ ᠤᠨ ᠳᠠᠭᠠᠭᠠᠬᠤ ᠴᠢᠳᠠᠪᠤᠷᠢ ᠶᠢ ᠭᠦᠢᠴᠡᠳ ᠪᠣᠳᠣᠯᠬᠢᠯᠠᠨ᠂ ᠲᠥᠷᠥᠯ ᠬᠤᠪᠢᠶᠠᠨ ᠵᠢᠯᠣᠭᠤᠳᠬᠤ ᠶᠢ ᠪᠠᠷᠢᠮᠲᠠᠯᠠᠵᠤ᠂ ᠳᠦᠷᠢᠮ ᠤᠨ ︽ᠲᠣᠭᠲᠠᠭᠠᠬᠤ ᠵᠠᠰᠠᠬᠤ ᠬᠦᠴᠦᠨ ᠥᠬᠡᠶ ᠪᠣᠯᠭᠠᠬᠤ︾ ᠶᠢ ᠴᠢᠩᠭᠠᠷᠠᠭᠤᠯᠤᠨ᠂ ᠤᠬᠠᠭᠤᠯᠤᠨ ᠨᠡᠪᠲᠡᠷᠡᠭᠦᠯᠬᠦ᠂ ᠲᠥᠷᠥ ᠶᠢᠨ ᠪᠣᠳᠣᠯᠭ᠎ᠠ ᠶᠢᠨ ᠲᠠᠶᠢᠯᠪᠦᠷᠢᠯᠠᠯᠳᠡ ᠶᠢ ᠭᠦᠨᠵᠡᠭᠡᠶ ᠥᠷᠨᠢᠭᠦᠯᠵᠦ᠂ ᠵᠠᠮ ᠲᠡᠭᠡᠭᠡᠪᠦᠷᠢ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠯᠠᠪᠳᠠᠭᠤᠨ ᠪᠥᠭᠡᠳ ᠡᠮᠬᠢ ᠵᠢᠷᠤᠮ ᠲᠠᠢ᠂ ᠣᠨᠣᠪᠴᠢᠲᠠᠶ ᠪᠥᠭᠡᠳ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃                                 ᠵᠣᠬᠢᠶ᠋ᠬᠠᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ                              ᠬᠠᠮ ᠵᠠᠭᠤᠴᠢᠯᠠᠭᠤᠷ ᠤᠨ ᠲᠥᠪ                          ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号