ᠠᠷᠠᠳ ᠤᠨ ᠶᠠᠪᠤᠳᠠᠯ ᠤᠨ ᠶᠠᠮᠤᠨ ︽ᠠᠷᠠᠳ ᠤᠨ ᠶᠠᠪᠤᠳᠠᠯ ᠤᠨ ᠠᠵᠢᠯ ᠤᠨ ᠵᠣᠬᠢᠶᠠᠯ ᠤᠨ ᠲᠡᠭᠦᠪᠦᠷᠢ︾ ᠴᠠᠬᠠᠷ ᠭᠠᠷᠤᠨ ᠳᠤᠮᠳᠠᠳᠤ ᠬᠤᠰᠢᠭᠤᠨ ᠤ ᠨᠡᠶᠢᠭᠡᠮ ᠤᠨ ᠠᠪᠤᠷᠠᠨ ᠲᠤᠰᠠᠯᠠᠯᠲᠠ ᠶᠢ ᠲᠤᠰᠬᠠᠭᠰᠠᠨ ᠮᠡᠳᠡᠭᠡᠯᠡᠯ ᠢ ᠨᠡᠶᠢᠳᠡᠯᠡᠪᠡ
ᠨᠡᠶᠢᠲᠡᠯᠡᠭᠰᠡᠨ ᠴᠠᠭ᠄
2020-05-09
       ᠣᠯᠣᠰ ᠤᠨ ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ ᠠᠴᠠ ᠨᠠᠶᠢᠷᠠᠭᠤᠯᠤᠨ ᠲᠠᠷᠬᠠᠭᠠᠭᠰᠠᠨ ︽ᠠᠷᠠᠳ ᠤᠨ ᠶᠠᠪᠤᠳᠠᠯ ᠤᠨ ᠠᠵᠢᠯ ᠤᠨ ᠵᠣᠬᠢᠶᠠᠯ ᠤᠨ ᠲᠡᠭᠦᠪᠦᠷᠢ︾ ᠶᠢᠨ 49  ᠳ᠋ᠣᠭᠡᠷ ᠬᠤᠭᠤᠴᠠᠭᠠᠨ ᠳᠤ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠡᠶᠢᠭᠡᠮ ᠤᠨ ᠠᠪᠤᠷᠠᠨ ᠲᠤᠰᠠᠯᠠᠯᠲᠠ ᠶᠢ ᠲᠤᠰᠬᠠᠭᠰᠠᠨ ᠮᠡᠳᠡᠭᠡᠯᠡᠯ ᠨᠡᠶᠢᠲᠡᠯᠡᠪᠡ᠃      ᠮᠡᠳᠡᠭᠡᠯᠡᠯ ᠳᠤ ᠬᠡᠯᠡᠭᠰᠡᠨ ᠨᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠥᠬᠦ ᠲᠠᠯ᠎ᠠ ᠪᠠᠷ ᠪᠠᠲᠤᠯᠠᠪᠠ᠃      ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠬᠦ ᠶᠢ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠳᠤ ᠢᠯᠠᠯᠲᠠ ᠤᠯᠬᠤ ᠶᠢᠨ ᠴᠢᠬᠤᠯᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠭᠠᠨ᠎ᠠ᠃ ᠭᠤᠣᠯ ᠤᠳᠤᠷᠢᠳᠤᠯᠭ᠎ᠠ ᠶᠡᠷᠦᠩᠬᠡᠢ ᠬᠠᠷᠢᠭᠤᠴᠠᠯᠭ᠎ᠠ ᠶᠢ ᠬᠠᠷᠢᠭᠤᠴᠠᠨ᠂ ᠪᠡᠶ᠎ᠡ ᠪᠠᠷ ᠢᠶᠠᠨ ᠠᠳᠬᠤᠵᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠳᠠᠲᠠᠢ ᠠᠳᠬᠤᠵᠤ᠂ ᠬᠤᠰᠢᠭᠤ ᠰᠢᠶᠠᠩ ᠲᠣᠰᠬᠤᠨ ᠱᠠᠲᠤ ᠱᠠᠲᠤ ᠪᠠᠷ ᠠᠳᠬᠤᠬᠤ ᠠᠵᠢᠯ ᠤᠨ ᠲᠣᠭᠲᠠᠴᠠ ᠶᠢ ᠪᠦᠷᠢᠯᠳᠦᠭᠦᠯᠪᠡ᠃ ᠵᠠᠰᠠᠭ ᠤᠨ ᠣᠷᠳᠣᠨ ᠭᠤᠤᠯ ᠠᠳᠬᠤᠬᠤ᠂ ᠠᠷᠠᠳ ᠤᠨ ᠶᠠᠪᠤᠳᠠᠯ ᠲᠦᠷᠦᠭᠦᠯᠡᠨ ᠬᠢᠬᠦ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠶᠡᠷᠦᠩᠬᠡᠶᠢᠯᠡᠨ ᠵᠣᠬᠢᠴᠠᠭᠤᠯᠬᠤ᠂ ᠬᠦᠴᠦ ᠪᠠᠨ ᠬᠠᠮᠲᠤᠳᠬᠠᠨ ᠠᠬᠢᠭᠤᠯᠬᠤ ᠠᠵᠢᠯ ᠤᠨ ᠪᠠᠶᠢᠷᠢᠰᠢᠯ ᠢ ᠪᠠᠶᠢᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠭᠦᠨᠵᠡᠭᠡᠶ ᠥᠷᠨᠢᠭᠦᠯᠬᠦ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃      ᠬᠤᠷᠴᠠ ᠴᠢᠳᠠᠮᠠᠭᠠᠶ ᠬᠦᠴᠦᠨ ᠢ ᠲᠠᠲᠠᠵᠤ᠂ ᠪᠥᠬᠦ ᠬᠤᠰᠢᠭᠤᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠣ ᠵᠠᠬ᠎ᠠ ᠶᠢᠨ ᠪᠠᠲᠤᠯᠠᠭ᠎ᠠ ᠶᠢᠨ ᠠᠵᠢᠯ ᠢ ᠭᠦᠨᠵᠡᠭᠡᠶ ᠪᠠᠶᠢᠴᠠᠭᠠᠨ ᠰᠤᠳᠤᠯᠵᠤ᠂ ᠨᠠᠷᠢᠨ ᠬᠢᠨᠠᠮᠠᠭᠠᠶ ᠵᠠᠳᠠᠯᠤᠨ ᠰᠤᠳᠤᠯᠵᠤ ᠮᠠᠭᠠᠳᠯᠠᠭᠰᠠᠨ ᠰᠠᠭᠤᠷᠢᠨ ᠳᠡᠭᠡᠷ᠎ᠡ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠡᠷᠡᠭᠦᠯ ᠢᠶᠠᠷ ᠬᠥᠭᠵᠢᠬᠦ ᠶᠢ ᠳᠦᠷᠢᠮᠵᠢᠭᠦᠯᠦᠨ ᠠᠬᠢᠭᠤᠯᠬᠤ᠂ ᠨᠠᠷᠢᠯᠢᠭ ᠣᠨᠣᠴᠠᠲᠠᠶ ᠥᠨᠳᠥᠷ ᠪᠦᠲᠦᠮᠵᠢᠲᠡᠶ ᠠᠵᠢᠯᠯᠠᠬᠤ ᠰᠡᠳᠬᠢᠮᠵᠢ ᠶᠢ ᠤᠯᠠᠮ ᠨᠢᠭᠡ ᠠᠯᠬᠤᠮ ᠲᠣᠭᠲᠠᠭᠠᠪᠠ᠃ ᠡᠭᠦᠨ ᠤ ᠬᠠᠮᠲᠤ ᠠᠵᠢᠯ ᠤᠨ ᠴᠤᠪᠤᠷᠠᠯ ᠲᠠᠢ ᠨᠢᠭᠲᠠ ᠤᠶᠠᠯᠳᠤᠭᠤᠯᠤᠨ᠂ ᠬᠢᠷᠢ ᠬᠡᠮ ᠢ ᠮᠠᠭᠠᠳᠯᠠᠨ ᠲᠣᠨᠨᠳᠠᠭᠠᠵᠦ ᠭᠦᠢᠴᠡᠳᠭᠡᠬᠦ ᠭᠤᠶᠤᠴᠢᠯᠠᠯ ᠭᠠᠷᠭᠠᠬᠤ᠂ ᠪᠠᠯᠠ ᠮᠥᠩᠭᠦ ᠣᠯᠭᠤᠬᠤ ᠵᠢᠴᠢ ᠬᠥᠳᠡᠯᠦᠩᠭᠦᠶ ᠬᠠᠮᠢᠶᠠᠷᠤᠯᠲᠠ ᠵᠡᠷᠭᠡ ᠲᠠᠯ᠎ᠠ ᠪᠠᠷ ᠲᠤᠯᠤᠭᠠᠨ ᠵᠦᠢᠯ ᠤᠨ ᠰᠢᠷᠢᠰ ᠬᠠᠮᠢᠶᠠᠷᠤᠯᠲᠠ ᠶᠢᠨ ᠲᠦᠷᠢᠮ ᠢ ᠲᠣᠭᠲᠠᠭᠠᠵᠤ᠂ ᠦᠨᠡᠨ ᠮᠥᠨ ᠢᠶᠠᠷ ᠨᠢ ᠮᠡᠳᠡᠬᠦᠯᠬᠦ᠂ ᠡᠷᠦᠬᠡ ᠳᠤ ᠬᠦᠷᠴᠦ ᠪᠠᠶᠢᠴᠠᠭᠠᠬᠤ᠂ ᠢᠲᠡᠭᠡᠯ ᠵᠣᠷᠢᠭ ᠢ ᠬᠠᠷᠢᠴᠠᠭᠤᠯᠬᠤ᠂ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠵᠡᠷᠭᠡ ᠭᠤᠭᠴᠤᠭ᠎ᠠ ᠶᠢᠨ ᠨᠠᠶᠢᠳᠠᠪᠤᠷᠢᠵᠢᠭᠤᠯᠤᠯᠲᠠ ᠶᠢ ᠭᠤᠤᠯᠳᠠᠯᠭ᠎ᠠ ᠲᠠᠢ ᠪᠠᠲᠤᠯᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠠᠵᠢᠯᠯᠠᠭᠠᠨ ᠤ ᠠᠯᠬᠤᠮ ᠠᠯᠬᠤᠮ ᠢᠶᠠᠷ ᠡᠮᠬᠢ ᠵᠢᠷᠤᠮ ᠲᠠᠢ᠂ ᠵᠦᠢᠯ ᠵᠦᠢᠯ ᠤᠨ ᠦᠨᠳᠦᠰᠦ ᠪᠠᠷᠢᠮᠲᠠ ᠲᠠᠢ ᠪᠠᠶᠢᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ ᠬᠡᠷ ᠬᠥᠷᠥᠩᠭᠡ᠂ ᠳᠣᠲᠣᠭᠠᠳᠤ ᠶᠢ ᠬᠠᠮᠠᠭᠠᠯᠠᠬᠤ᠂ ᠶᠠᠳᠠᠭᠤ ᠶᠢ ᠲᠡᠳᠬᠦᠬᠦ᠂ ᠲᠠᠷᠢᠶᠠᠯᠠᠩ ᠮᠠᠯ ᠠᠵᠤ ᠠᠬᠤᠶ᠂ ᠠᠵᠤ ᠦᠢᠯᠡᠳᠪᠦᠷᠢ ᠬᠤᠳᠠᠯᠳᠤᠭ᠎ᠠ ᠵᠡᠷᠭᠡ ᠰᠠᠯᠠᠭ᠎ᠠ ᠮᠥᠴᠢᠷ ᠯᠦᠭᠡ ᠪᠠᠶᠢᠩᠭᠤ ᠶᠢᠨ ᠴᠢᠨᠠᠷᠲᠠᠶ ᠬᠠᠷᠢᠴᠠᠭᠤᠯᠬᠤ ᠲᠣᠭᠲᠠᠴᠠ ᠶᠢ ᠪᠣᠶ ᠪᠣᠯᠭᠠᠵᠤ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠣᠯᠭ᠎ᠠ ᠶᠢᠨ ᠠᠵᠢᠯ ᠢ ᠵᠢᠷᠤᠮᠵᠢᠭᠤᠯᠬᠤ᠂ ᠨᠠᠷᠢᠯᠢᠬᠵᠢᠭᠤᠯᠬᠤ᠂ ᠲᠥᠪ ᠭᠤᠤᠯᠴᠢ ᠪᠣᠯᠭᠠᠬᠤ᠂ ᠬᠥᠳᠡᠯᠦᠩᠭᠦᠶ ᠪᠣᠯᠭᠠᠬᠤ ᠵᠠᠮ ᠳᠤ ᠣᠷᠣᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠣᠯᠭ᠎ᠠ ᠶᠢᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠬᠤ ᠳᠤ ᠢᠳᠡᠪᠬᠢᠲᠡᠶ ᠪᠥᠭᠡᠳ ᠪᠦᠲᠦᠮᠵᠢᠲᠡᠶ  ᠦᠢᠯᠡᠳᠣᠯ ᠦᠵᠡᠭᠦᠯᠪᠡ᠃      ︽ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠲᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠬᠦ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠪᠠ ︽ᠤᠯᠠᠭᠠᠨᠴᠠᠪ ᠬᠤᠲᠠ ᠶᠢᠨ ᠣᠨᠴᠠ ᠬᠦᠴᠢᠷᠳᠡᠯᠲᠡᠶ ᠬᠥᠮᠦᠰ ᠢ ᠦᠨᠡᠮᠰᠢᠬᠦ ᠠᠷᠭ᠎ᠠ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠪᠠ ᠲᠦᠷᠢᠮ ᠤᠨ ᠲᠠᠯ᠎ᠠ ᠠᠴᠠ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠠᠵᠢᠯ ᠢ ᠵᠢᠷᠤᠮᠵᠢᠭᠤᠯᠪᠠ᠃ ᠦᠨᠳᠦᠰᠦᠨ ᠵᠦᠢᠯ ᠢ ᠨᠠᠶᠢᠳᠠᠨ ᠠᠰᠠᠷᠠᠨ ᠲᠡᠵᠢᠭᠡᠬᠦ᠂ ᠬᠤᠳᠠ ᠬᠥᠳᠡᠭᠡ ᠶᠢ ᠨᠢᠭᠡᠳᠦᠯᠲᠡᠶ ᠲᠥᠯᠥᠪᠯᠡᠬᠦ᠂ ᠵᠣᠬᠢᠰᠲᠠᠶ ᠪᠠᠳᠣᠯᠠᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ ᠵᠠᠷᠴᠢᠮ ᠶᠣᠰᠣᠭᠠᠷ᠂ ᠣᠨᠴᠠ ᠬᠦᠴᠢᠷᠳᠡᠯᠲᠡᠶ ᠬᠥᠮᠦᠰ ᠤᠨ ᠡᠮ ᠡᠮᠨᠡᠯᠭᠡ᠂ ᠣᠷᠣᠨ ᠰᠠᠭᠤᠴᠠ᠂ ᠰᠤᠷᠭᠠᠨ ᠬᠥᠮᠦᠵᠢᠯ ᠵᠡᠷᠭᠡ ᠶᠢᠨ ᠪᠠᠲᠤᠯᠠᠭ᠎ᠠ ᠶᠢᠨ ᠲᠦᠷᠢᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ ᠡᠭᠦᠨ ᠤ ᠬᠠᠮᠲᠤ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ ᠲᠣᠭᠲᠠᠭᠤᠨ ᠢᠶᠠᠷ ᠲᠡᠭᠡᠭᠰᠢᠯᠡᠬᠦᠯᠦᠨ᠎ᠡ᠃                              ᠵᠣᠬᠢᠶ᠋ᠬᠠᠴᠢ᠄ ᠠᠷᠠᠳ ᠤᠨ ᠶᠠᠪᠤᠳᠠᠯ ᠤᠨ ᠲᠣᠪᠴᠢᠶ᠎ᠠ                ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号