︽ᠤᠯᠠᠭᠠᠨᠴᠠᠪ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020-06-10
                                                   ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ ᠳᠤ᠄      ᠬᠤᠲᠠ ᠶᠢᠨ ᠵᠠᠰᠠᠭ ᠤᠨ ᠣᠷᠳᠣᠨ ᠤ 2019 ᠣᠨ ᠤ 14 ᠳ᠋ᠣᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ︽ᠤᠯᠠᠭᠠᠨᠴᠠᠪ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠠᠷᠭ᠎ᠠ︾ ᠶᠢ ᠡᠳᠦᠭᠡ ᠲᠠᠨᠠᠷ ᠲᠤ ᠲᠠᠷᠣᠮᠠᠯᠯᠠᠨ ᠲᠠᠷᠬᠠᠭᠠᠪᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠣᠭᠤᠰᠢᠯᠠᠭᠤᠯᠤᠨ ᠬᠡᠷᠡᠭᠵᠢᠭᠦᠯᠲᠦᠭᠡᠶ᠃                              2020 ᠣᠨ ᠤ 1 ᠰᠠᠷ᠎ᠠ ᠶᠢᠨ 17 ᠤ ᠡᠳᠦᠷ       ᠣᠯᠠᠭᠠᠨᠴᠠᠪ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠠᠷᠭ᠎ᠠ       ᠨᠢᠭᠡᠳᠣᠭᠡᠷ ᠪᠦᠯᠦᠭ       ᠶᠡᠷᠦᠩᠬᠡᠶ ᠲᠦᠷᠢᠮ       ᠨᠢᠭᠡᠳᠣᠭᠡᠷ ᠵᠦᠢᠯ   ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤᠨ ᠤ ᠠᠶᠤᠯ ᠦᠭᠡᠶ ᠶᠢᠨ ᠢᠨᠵᠧᠨᠧᠷᠢᠩ ᠪᠣᠯ ᠣᠯᠠᠨ ᠲᠦᠮᠡᠨ ᠤ ᠠᠮᠢᠳᠤᠷᠠᠯ ᠦᠢᠯᠡᠳᠪᠦᠷᠢᠯᠡᠯ ᠳᠤ ᠬᠡᠷᠡᠭᠯᠡᠬᠦ ᠤᠰᠤ ᠶᠢ  ᠰᠢᠢᠳᠪᠦᠷᠢᠯᠡᠬᠦ ᠨᠡᠶᠢᠭᠡᠮ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠠᠭᠤᠷᠢ ᠪᠡᠯᠡᠳᠬᠡᠮᠵᠢ ᠪᠣᠯᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠤᠮᠳᠠᠭᠠᠨ ᠢ ᠦᠨᠡᠨᠬᠦ ᠪᠠᠲᠤᠯᠠᠬᠤ ᠶᠢᠨ ᠲᠥᠯᠥᠭᠡ ᠠᠶᠣᠯᠭᠦᠢ ᠶᠢᠨ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠤᠤᠭᠤᠬᠤ ᠤᠰᠤᠨ ᠤ ᠠᠶᠤᠯ ᠦᠭᠡᠢ ᠶᠢᠨ ᠪᠠᠲᠤᠯᠠᠭ᠎ᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠵᠦ᠂ ᠢᠨᠵᠧᠨᠧᠷᠢᠩ ᠢ ᠪᠠᠶᠢᠭᠤᠯᠵᠤ ᠲᠡᠶᠢᠯᠬᠦ᠂ ᠬᠠᠮᠢᠶᠠᠷᠴᠤ ᠲᠡᠶᠢᠯᠬᠦ᠂ ᠬᠡᠷᠡᠭᠯᠡᠵᠦ ᠲᠡᠶᠢᠯᠬᠦ᠂ ᠤᠷᠲᠤ ᠬᠤᠭᠤᠴᠠᠭ᠎ᠠ ᠪᠠᠷ ᠠᠰᠢᠭ ᠬᠦᠷᠲᠡᠬᠦ ᠶᠢ ᠪᠡᠶᠡᠯᠡᠭᠦᠯᠵᠦ᠂ ᠤᠰᠤᠨ ᠠᠰᠢᠭᠯᠠᠯᠲᠠ ᠶᠢᠨ ᠶᠠᠮᠤᠨ ᠵᠡᠷᠭᠡ ᠲᠠᠪᠤᠨ ᠶᠠᠮᠤᠨ ᠵᠥᠪᠯᠡᠯ ᠤᠨ ︽ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯ ᠦᠭᠡᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤ ᠬᠠᠩᠭᠠᠬᠤ ᠳᠦᠷᠢᠮ︾᠂ ︽ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯ ᠦᠭᠡᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠲᠣᠰ ᠠᠷᠭ᠎ᠠ ᠶᠢ ᠲᠣᠭᠲᠠᠭᠠᠪᠠ᠃       ᠬᠤᠶᠠᠳᠣᠭᠠᠷ ᠵᠦᠢᠯ   ᠲᠤᠰ ᠠᠷᠭ᠎ᠠ ᠪᠦᠬᠦ ᠬᠤᠲᠠ ᠶᠢᠨ ᠪᠤᠶ ᠪᠦᠬᠦᠢ ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤᠨ ᠤ ᠠᠶᠤᠯ ᠦᠭᠡᠶ ᠶᠢᠨ ᠢᠨᠵᠧᠨᠧᠷᠢᠩ ᠳᠤ ᠲᠣᠬᠢᠷᠠᠨ᠎ᠠ᠃ ᠡᠭᠦᠨ ᠳᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ︵ᠰᠢᠶᠠᠩ ᠪᠠᠯᠭᠠᠰᠤ ᠶᠢᠨ ᠤᠰᠤ ᠬᠠᠩᠭᠠᠬᠤ ᠢᠨᠵᠧᠨᠧᠷᠢᠩ ᠪᠠᠭᠲᠠᠨ᠎ᠠ︶᠂ ᠭᠠᠭᠴᠠ ᠲᠣᠰᠬᠤᠨ ᠳᠤ ᠤᠰᠤ ᠬᠠᠩᠭᠠᠬᠤ᠂ ᠤᠰᠤ ᠰᠢᠢᠳᠪᠦᠷᠢᠯᠡᠬᠦ ᠢᠨᠵᠧᠨᠧᠷᠢᠩ ᠪᠣᠯᠤᠨ ᠭᠠᠭᠴᠠ ᠡᠷᠦᠬᠡ ᠳᠤ ᠤᠰᠤ ᠬᠠᠩᠭᠠᠬᠤ ᠢᠨᠵᠧᠨᠧᠷᠢᠩ ᠪᠠᠭᠲᠠᠨ᠎ᠠ᠃      ᠭᠤᠷᠪᠠᠳᠣᠭᠠᠷ ᠵᠦᠢᠯ  ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤᠨ ᠤ ᠠᠶᠤᠯ ᠦᠭᠡᠶ ᠶᠢᠨ ᠢᠨᠵᠧᠨᠧᠷᠢᠩ ᠳᠤ ᠣᠷᠣᠨ ᠨᠤᠲᠤᠭ ᠤᠨ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯ ᠲᠤᠰ ᠬᠠᠷᠢᠶ᠎ᠠ ᠣᠷᠣᠨ ᠤ ᠪᠠᠨ ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤᠨ ᠤ ᠠᠶᠤᠯ ᠦᠭᠡᠶ ᠶᠢᠨ ᠬᠠᠷᠢᠭᠤᠴᠠᠯᠭ᠎ᠠ ᠶᠢᠨ ᠭᠤᠤᠯ ᠴᠣᠭᠴᠠ ᠪᠣᠯᠬᠤ ᠪᠥᠭᠡᠳ ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤᠨ ᠤ ᠠᠶᠤᠯ ᠦᠭᠡᠶ ᠶᠢᠨ ᠠᠵᠢᠯ ᠳᠤ ᠪᠣᠳᠠᠲᠠᠶ ᠬᠠᠷᠢᠭᠤᠴᠠᠨ᠎ᠠ᠃ ᠡᠯ᠎ᠡ ᠬᠤᠰᠢᠭᠤ ᠰᠢᠶᠠᠨ ᠤ ᠵᠠᠰᠠᠭ ᠤᠨ ᠣᠷᠳᠣᠨ ᠨᠤᠭᠤᠳ ᠬᠥᠳᠡᠭᠡ ᠲᠣᠰᠬᠤᠨ ᠤ ᠤᠤᠭᠤᠬᠤ ᠤᠰᠤᠨ ᠤ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠤᠤᠭᠤᠬᠤ ᠤᠰᠤᠨ ᠤ ᠠᠶᠤᠯ ᠦᠭᠡᠶ ᠶᠢᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠶ᠃       ᠬᠤᠶᠠᠳᠣᠭᠠᠷ ᠪᠦᠯᠦᠭ     ᠪᠠᠷᠢᠯᠭ᠎ᠠ ᠶᠢᠨ ᠬᠠᠮᠢᠶᠠᠷᠤᠯᠲᠠ      ᠲᠦᠷᠪᠡᠳᠣᠭᠡᠷ ᠵᠦᠢᠯ  ᠪᠠᠷᠢᠯᠭ᠎ᠠ ᠶᠢᠨ ᠲᠥᠷᠥᠯ ᠵᠦᠢᠯ ᠤᠨ ᠶᠣᠰᠣᠭᠠᠷ ᠤᠤᠭᠤᠬᠤ ᠤᠰᠤᠨ ᠤ ᠠᠮᠤᠷ ᠲᠦᠪᠰᠢᠨ ᠤ ᠪᠤᠢ ᠪᠦᠬᠦᠢ ᠪᠠᠷᠢᠯᠭ᠎ᠠ ᠳᠤ ᠬᠠᠮᠢᠶᠠᠷᠤᠯᠲᠠ ᠶᠠᠪᠤᠭᠤᠯᠵᠤ᠂ ᠲᠥᠪᠯᠡᠷᠡᠭᠦᠯᠦᠨ ᠤᠰᠤ ᠬᠠᠩᠭᠠᠬᠤ ᠪᠠᠷᠢᠯᠭ᠎ᠠ ᠳᠤ ᠲᠤᠰᠬᠠᠶ ᠬᠠᠮᠢᠶᠠᠷᠣᠯᠳᠡ ᠶᠢᠨ ᠪᠠᠶᠢᠭᠤᠯᠤᠮᠵᠢ ᠪᠣᠯᠤᠨ ᠤᠰᠤ ᠬᠡᠷᠡᠭᠯᠡᠬᠦ ᠡᠷᠦᠬᠡ ᠶᠢᠨ ᠨᠡᠶᠢᠭᠡᠮᠯᠢᠭ ᠢ ᠬᠠᠷᠢᠯᠴᠠᠨ ᠣᠶᠠᠯᠳᠣᠭᠤᠯᠣᠨᠨᠰᠠᠨ ᠬᠠᠮᠢᠶᠠᠷᠤᠯᠲᠠ ᠶᠢᠨ ᠪᠠᠶᠢᠭᠤᠯᠤᠯ ᠢ ᠬᠡᠷᠡᠭᠵᠢᠭᠦᠯᠦᠨ᠎ᠡ᠃ ᠲᠠᠷᠠᠬᠠᠶ ᠪᠤᠲᠠᠷᠬᠠᠶ ᠬᠡᠯᠪᠡᠷᠢ ᠶᠢᠨ ᠤᠰᠤ ᠬᠠᠩᠭᠠᠬᠤ ᠪᠠᠷᠢᠯᠭ᠎ᠠ ᠳᠤ ᠪᠣᠯ ᠭᠠᠴᠠᠭᠠᠨ ᠤ ᠠᠷᠠᠳ ᠤᠨ ᠵᠥᠪᠯᠡᠯ ᠠᠴᠠ ᠵᠣᠬᠢᠶᠠᠨ ᠪᠠᠶᠢᠭᠤᠯᠵᠤ ᠪᠠᠶᠢᠭᠠᠳ ᠡᠵᠡᠨ ᠮᠡᠳᠡᠨ ᠬᠠᠮᠢᠶᠠᠷᠬᠤ ᠬᠡᠷᠡᠭᠲᠡᠶ᠃ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠨᠤᠭᠤᠳ ᠪᠣᠢ ᠪᠦᠬᠦᠢ ᠪᠠᠷᠢᠯᠭ᠎ᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠤᠰᠤ ᠬᠠᠩᠭᠠᠬᠤ ᠠᠶᠤᠯ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      ︵ᠨᠢᠭᠡ︶ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠᠷ ᠭᠤᠤᠯ ᠪᠣᠯᠭᠠᠭᠰᠠᠨ᠂ ᠰᠢᠶᠠᠩ ᠪᠠᠯᠭᠠᠰᠤ ᠠᠯᠤᠰᠯᠠᠨ ᠣᠯᠠᠨ ᠲᠣᠰᠬᠤᠨ ᠬᠠᠮᠲᠤᠷᠠᠨ ᠡᠷᠬᠢᠯᠡᠭᠰᠡᠨ ᠪᠤᠶᠤ ᠬᠡᠪᠴᠢᠶ᠎ᠡ ᠪᠠᠷ ᠨᠡᠯᠢᠶᠡᠳ ᠶᠡᠭᠡ ᠪᠠᠷᠢᠯᠭ᠎ᠠ ᠶᠢᠨ ᠭᠤᠤᠯ ᠴᠣᠭᠴᠠ ᠶᠢᠨ ᠪᠠᠷᠢᠯᠭ᠎ᠠ ᠨᠢ ᠤᠯᠤᠰ ᠲᠤ ᠥᠮᠴᠢᠯᠡᠭᠳᠡᠵᠦ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠢᠶᠠᠷᠣᠯᠳᠡ ᠶᠢᠨ ᠡᠷᠬᠡ ᠪᠠᠨ ᠬᠡᠷᠡᠭᠵᠢᠭᠦᠯᠬᠦ ᠶᠢᠨ ᠬᠠᠮᠲᠤ ᠤᠰᠤ ᠬᠠᠩᠭᠠᠬᠤ ᠬᠠᠮᠢᠶᠠᠷᠤᠯᠲᠠ ᠶᠢᠨ ᠥᠷᠲᠡᠭᠡ ᠪᠤᠶᠤ ᠺᠣᠮᠫᠠᠨᠢ ᠪᠠᠶᠢᠭᠤᠯᠵᠤ᠂ ᠠᠵᠤ ᠠᠬᠤᠶᠢᠴᠢᠯᠬᠠᠰᠠᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃      ︵ᠬᠤᠶᠠᠷ︶ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ᠂ ᠬᠠᠮᠲᠤ ᠨᠡᠶᠢᠲᠡ ᠪᠤᠶᠤ ᠣᠯᠠᠨ ᠲᠦᠮᠡᠨ ᠥᠪᠡᠰᠦᠪᠡᠨ ᠴᠤᠭᠯᠠᠭᠤᠯᠤᠭᠰᠠᠨ ᠵᠢᠴᠢ ᠨᠡᠶᠢᠭᠡᠮ ᠤᠨ ᠪᠡᠯᠡ ᠮᠥᠩᠭᠦ ᠶᠢ ᠬᠠᠮᠲᠤᠪᠠᠷ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠲᠥᠪᠯᠡᠷᠡᠭᠦᠯᠦᠨ ᠤᠰᠤ ᠬᠠᠩᠭᠠᠬᠤ ᠪᠠᠷᠢᠯᠭ᠎ᠠ ᠳᠤ ᠪᠣᠯ ᠡᠯ᠎ᠡ ᠲᠠᠯ᠎ᠠ ᠶᠢᠨ ᠪᠡᠯᠡ ᠣᠷᠣᠭᠤᠯᠤᠯᠲᠠ ᠶᠢᠨ ᠬᠠᠷᠢᠴᠠᠯ ᠢ ᠦᠨᠳᠦᠰᠦᠯᠡᠨ ᠬᠤᠪᠢ ᠲᠣᠭᠲᠠᠭᠠᠵᠤ᠂ ᠬᠤᠪᠢ ᠣᠷᠣᠭᠤᠯᠬᠤ ᠳᠦᠷᠢᠮ ᠤᠨ ᠶᠣᠰᠣᠭᠠᠷ ᠪᠡᠶ᠎ᠡ ᠪᠠᠨ ᠳᠠᠭᠠᠭᠠᠭᠰᠠᠨ ᠬᠠᠤᠯᠢ ᠡᠷᠬᠡᠲᠡᠨ ᠤ ᠬᠢᠷᠢ ᠬᠡᠮ ᠪᠦᠬᠦᠢ ᠤᠰᠤ ᠬᠠᠩᠭᠠᠬᠤ ᠬᠠᠮᠢᠶᠠᠷᠤᠯᠲᠠ ᠶᠢᠨ ᠥᠷᠲᠡᠭᠡ ᠪᠤᠶᠤ ᠺᠣᠮᠫᠠᠨᠢ ᠶᠢ ᠵᠣᠬᠢᠶᠠᠨ ᠪᠠᠶᠢᠭᠤᠯᠵᠤ᠂ ᠤᠰᠤ ᠬᠠᠩᠭᠠᠬᠤ ᠥᠷᠲᠡᠭᠡ ︵ᠺᠣᠮᠫᠠᠨᠢ︶ ᠠᠴᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠶ᠃     ︵ᠭᠤᠷᠪᠠ︶ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠᠷ ᠭᠤᠤᠯ ᠪᠣᠯᠭᠠᠨ ᠪᠦᠲᠦᠭᠡᠨ ᠪᠠᠶᠢᠭᠤᠯᠤᠭᠰᠠᠨ ᠲᠦᠪᠯᠡᠷᠡᠬᠦᠯᠦᠨ ᠤᠰᠤ ᠬᠠᠩᠭᠠᠬᠤ ᠢᠨᠵᠧᠨᠧᠷᠢᠩ ᠤᠨ ᠭᠤᠤᠯ ᠴᠣᠭᠴᠠ ᠶᠢᠨ ᠪᠠᠷᠢᠯᠭ᠎ᠠ ᠶᠢᠨ ᠥᠮᠴᠢᠯᠡᠬᠦ ᠡᠷᠬᠡ ᠨᠢ ᠤᠯᠤᠰ ᠠᠴᠠ ᠥᠮᠴᠢ ᠪᠠᠶᠢᠵᠤ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠢᠶᠠᠷᠬᠤ ᠡᠷᠬᠡ ᠶᠢ ᠬᠡᠷᠡᠭᠵᠢᠭᠦᠯᠵᠦ᠂ ᠢᠯᠡ ᠪᠠᠷ ᠳᠠᠭᠠᠭᠠᠴᠢᠯᠠᠯᠲᠠ ᠥᠷᠢᠰᠦᠯᠳᠦᠬᠦ ᠬᠡᠯᠪᠡᠷᠢ ᠶᠢ ᠠᠪᠴᠤ᠂ ᠵᠣᠬᠢᠬᠤ ᠬᠤᠭᠤᠴᠠᠭᠠᠨ ᠤ ᠪᠠᠷᠢᠯᠭ᠎ᠠ ᠶᠢᠨ ᠡᠵᠡᠩᠨᠡᠯᠲᠡ ᠶᠢᠨ ᠡᠷᠬᠡ ᠪᠠᠨ ᠡᠵᠡᠩᠨᠡᠭᠴᠢᠳ ᠲᠤ ᠰᠢᠯᠵᠢᠭᠦᠯᠦᠨ ᠥᠭᠴᠦ ᠪᠣᠯᠤᠨ᠎ᠠ᠃ ᠡᠵᠡᠩᠨᠡᠭᠴᠢ ᠠᠴᠠ ᠬᠢᠨᠠᠨ ᠲᠣᠭᠲᠠᠭᠠᠭᠰᠠᠨ ᠤᠰᠤᠨ ᠤ ᠦᠨ᠎ᠡ ᠪᠠᠷ ᠤᠰᠤᠨ ᠤ ᠰᠦᠢᠳᠭᠡᠯ ᠲᠠᠲᠠᠪᠤᠷᠢᠯᠠᠵᠤ᠂  ᠪᠠᠷᠢᠯᠭ᠎ᠠ ᠶᠢᠨ ᠠᠵᠢᠯᠯᠠᠭᠠᠨ ᠤ ᠬᠠᠮᠠᠭᠠᠯᠠᠯᠲᠠ ᠶᠢ ᠬᠠᠷᠢᠭᠤᠴᠠᠨ᠎ᠠ᠃ ︽ᠦᠨ᠎ᠡ ᠬᠠᠶᠠᠵᠤ ᠬᠤᠳᠠᠯᠳᠤᠭᠰᠠᠨ︾ ᠠᠴᠠ ᠣᠯᠤᠭᠰᠠᠨ ᠪᠡᠯᠡ ᠮᠥᠩᠭᠦ ᠶᠢ ᠰᠢᠶᠠᠨ ᠤ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠤᠰᠬᠠᠶ ᠡᠷᠦᠬᠡ ᠪᠠᠷ ᠬᠠᠳᠠᠭᠠᠯᠠᠵᠤ᠂ ᠤᠤᠭᠤᠬᠤ ᠤᠰᠤᠨ ᠤ ᠠᠶᠤᠯ ᠦᠭᠡᠶ ᠶᠢᠨ ᠢᠨᠵᠧᠨᠧᠷᠢᠩ ᠢ ᠰᠡᠯᠪᠢᠨ ᠵᠠᠰᠠᠬᠤ ᠪᠠ ᠲᠥᠬᠦᠭᠡᠷᠦᠮᠵᠢ ᠶᠢ ᠰᠢᠨᠡᠳᠬᠡᠬᠦ ᠳᠤ ᠨᠢᠭᠡᠳᠦᠯᠲᠡᠶ ᠲᠥᠯᠥᠪᠯᠡᠨ ᠬᠡᠷᠡᠭᠯᠡᠨ᠎ᠡ᠃ ᠲᠥᠪᠯᠡᠷᠡᠭᠦᠯᠦᠨ ᠤᠰᠤ ᠬᠠᠩᠭᠠᠬᠤ ᠪᠠᠷᠢᠯᠭ᠎ᠠ ᠪᠦᠬᠦᠨ ᠳᠤ ᠴᠥᠮ ᠤᠰᠤ ᠬᠡᠷᠡᠭᠯᠡᠬᠦ ᠡᠷᠦᠬᠡ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠶᠢᠭᠤᠯᠵᠤ᠂ ᠤᠰᠤ ᠬᠡᠷᠡᠭᠯᠡᠬᠦ ᠡᠷᠦᠬᠡ ᠶᠢᠨ ᠲᠥᠯᠥᠭᠡᠯᠡᠭᠴᠢ ᠶᠢ ᠰᠣᠩᠭᠤᠵᠤ᠂ ᠤᠰᠤ ᠬᠡᠷᠡᠭᠯᠡᠬᠦ ᠡᠷᠦᠬᠡ ᠶᠢᠨ ᠨᠡᠶᠢᠭᠡᠮᠯᠢᠭ ᠢ ᠪᠠᠶᠢᠭᠤᠯᠵᠤ᠂ ᠪᠠᠷᠢᠯᠭ᠎ᠠ ᠶᠢᠨ ᠬᠠᠮᠢᠶᠠᠷᠤᠯᠲᠠ ᠳᠤ ᠣᠷᠣᠯᠴᠠᠬᠤ ᠶᠢᠨ ᠬᠠᠮᠲᠤ ᠬᠢᠨᠠᠯᠲᠠ ᠲᠠᠯᠪᠢᠬᠤ ᠬᠡᠷᠡᠭᠲᠡᠶ᠃      ︵ᠲᠦᠷᠪᠡ︶ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠭᠠᠭᠴᠠ ᠭᠠᠴᠠᠭᠠᠨ ᠤ ᠤᠰᠤ ᠬᠠᠩᠭᠠᠬᠤ ᠢᠨᠵᠧᠨᠧᠷᠢᠩ ᠢ ᠭᠠᠴᠠᠭᠠᠨ ᠠᠴᠠ ᠬᠠᠮᠲᠤ ᠪᠠᠷ ᠬᠠᠮᠢᠶᠠᠷᠤᠨ᠎ᠠ︔ ᠲᠤᠰᠠᠭᠠᠷ ᠪᠠᠯᠠ ᠣᠷᠣᠭᠤᠯᠤᠭᠰᠠᠨ ᠪᠤᠶᠤ ᠠᠵᠤ ᠠᠬᠤᠶᠢᠯᠠᠯ ᠤᠨ ᠪᠣᠳᠠᠲᠤ ᠴᠣᠭᠴᠠ ᠠᠴᠠ ᠪᠠᠶᠢᠭᠤᠯᠤᠭᠰᠠᠨ ᠤᠰᠤ  ᠬᠠᠩᠭᠠᠬᠤ ᠢᠨᠵᠧᠨᠧᠷᠢᠩ ᠢ ᠬᠤᠪᠢ ᠡᠷᠦᠬᠡ ᠪᠠ ᠠᠵᠤ ᠠᠬᠤᠶᠢᠯᠠᠯ ᠤᠨ ᠪᠣᠳᠠᠲᠤ ᠴᠣᠭᠴᠠ ᠠᠴᠠ ᠬᠠᠮᠢᠶᠠᠷᠤᠨ᠎ᠠ︔ ᠬᠤᠪᠢ ᠨᠡᠶᠢᠯᠡᠭᠦᠯᠦᠨ ᠪᠠᠶᠢᠭᠤᠯᠤᠭᠰᠠᠨ ᠤᠰᠤ ᠬᠠᠩᠭᠠᠬᠤ ᠪᠠᠷᠢᠯᠭ᠎ᠠ ᠶᠢ ᠬᠤᠪᠢ ᠣᠷᠣᠭᠤᠯᠤᠭᠴᠢ ᠬᠠᠮᠢᠶᠠᠷᠤᠨ᠎ᠠ᠃      ︵ᠲᠠᠪᠤ︶ ᠵᠠᠰᠠᠭ ᠤᠨ ᠣᠷᠳᠣᠨ ᠠᠴᠠ ᠲᠤᠰᠠᠯᠠᠵᠤ ᠪᠦᠲᠦᠭᠡᠨ ᠪᠠᠶᠢᠭᠤᠯᠤᠭᠰᠠᠨ ᠤᠰᠤᠨ ᠵᠣᠭᠤᠷᠢ᠂ ᠲᠦᠩᠰᠡ ᠬᠤᠳᠳᠤᠭ᠂ ᠭᠠᠭᠴᠠ ᠡᠷᠦᠬᠡ ᠶᠢᠨ ᠤᠰᠤ ᠰᠢᠢᠳᠪᠦᠷᠢᠯᠡᠬᠦ ᠲᠥᠬᠦᠭᠡᠷᠦᠮᠵᠢ ᠵᠡᠷᠭᠡ ᠶᠢ ᠤᠰᠤ ᠬᠡᠷᠡᠭᠯᠡᠬᠦ ᠡᠷᠦᠬᠡ ᠥᠪᠡᠰᠦᠪᠡᠨ ᠬᠠᠮᠢᠶᠠᠷᠣᠨ᠎ᠠ᠃     ᠲᠠᠪᠣᠳᠣᠭᠠᠷ ᠵᠦᠢᠯ   ᠤᠰᠤᠨ ᠰᠤᠷᠪᠤᠯᠵᠢ ᠶᠢᠨ ᠪᠠᠷᠢᠯᠭ᠎ᠠ᠂ ᠤᠰᠤ ᠬᠠᠳᠠᠭᠠᠯᠠᠬᠤ ᠴᠥᠭᠦᠷᠥᠮ᠂ ᠤᠰᠤ ᠳᠠᠮᠵᠢᠭᠤᠯᠬᠤ ᠣᠰᠤ ᠲᠣᠬᠢᠷᠠᠭᠤᠯᠬᠤ ᠬᠤᠭᠤᠯᠠᠶ ᠶᠢᠨ ᠲᠣᠤᠷ ᠵᠡᠷᠭᠡ ᠳᠤ ᠬᠠᠮᠠᠭᠠᠯᠠᠬᠤ ᠬᠡᠪᠴᠢᠶ᠎ᠡ ᠶᠢ ᠬᠤᠪᠢᠶᠠᠷᠢᠯᠠᠨ ᠲᠣᠨᠨᠳᠠᠭᠠᠬᠤ ᠶᠢᠨ ᠬᠠᠮᠲᠤ ᠢᠯᠡᠷᠬᠡᠶ ᠵᠢᠭᠠᠯᠲᠠ ᠲᠡᠮᠳᠡᠭ ᠲᠠᠯᠪᠢᠬᠤ ᠬᠡᠷᠡᠭᠲᠡᠶ᠃ ᠬᠠᠮᠠᠭᠠᠯᠠᠬᠤ ᠬᠡᠪᠴᠢᠶᠡᠨ ᠳᠣᠲᠣᠷ᠎ᠠ ᠤᠤᠭᠤᠬᠤ ᠤᠰᠤᠨ ᠤ ᠠᠶᠤᠯ ᠦᠭᠡᠶ ᠶᠢᠨ ᠪᠠᠷᠢᠯᠭ᠎ᠠ ᠯᠤᠭ᠎ᠠ ᠬᠠᠮᠢᠶ᠎ᠠ ᠦᠭᠡᠶ ᠪᠠᠷᠢᠯᠭ᠎ᠠ ᠪᠠᠶᠢᠭᠤᠯᠵᠤ ᠪᠣᠯᠬᠤ ᠦᠭᠡᠶ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠤ ᠤᠰᠤ ᠬᠠᠩᠭᠠᠬᠤ ᠲᠦᠭᠦᠭᠡᠷᠦᠮᠵᠢ ᠪᠠᠨ ᠳᠤᠷ᠎ᠠ ᠪᠠᠷ ᠢᠶᠠᠨ ᠥᠭᠡᠷᠡᠴᠢᠯᠡᠬᠦ᠂ ᠡᠪᠳᠡᠬᠦ ᠪᠠ ᠡᠵᠡᠯᠡᠬᠦ ᠶᠢ ᠴᠢᠩᠭ᠎ᠠ ᠴᠠᠭᠠᠵᠠᠯᠠᠵᠤ᠂ ᠰᠢᠷᠣᠶ ᠠᠪᠬᠤ᠂ ᠪᠣᠳᠠᠰ ᠤᠨ ᠮᠠᠲ᠋ᠧᠷᠢᠶᠠᠯ᠂ ᠬᠤᠭ ᠨᠣᠪᠰᠢ᠂ ᠮᠣᠳᠣ ᠲᠠᠷᠢᠬᠤ ᠵᠡᠷᠭᠡ ᠶᠢ ᠰᠢᠷᠣᠶ ᠠᠪᠬᠤ ᠪᠠ ᠣᠪᠣᠭᠠᠯᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃      ᠵᠢᠷᠭᠤᠳᠣᠭᠠᠷ ᠵᠦᠢᠯ   ᠪᠠᠷᠢᠯᠭ᠎ᠠ ᠨᠢᠭᠡᠪᠦᠷᠢ ᠳᠤ ᠴᠥᠮ ᠲᠤᠰᠬᠠᠶ ᠬᠠᠮᠢᠶᠠᠷᠤᠯᠲᠠ ᠶᠢᠨ ᠪᠠᠶᠢᠭᠤᠯᠤᠮᠵᠢ ᠪᠣᠯᠤᠨ ᠠᠵᠢᠯᠳᠡᠨ ᠢ ᠨᠠᠶᠢᠳᠠᠪᠤᠷᠢᠵᠢᠭᠤᠯᠵᠤ᠂ ᠠᠶᠤᠯ ᠦᠭᠡᠶ ᠦᠢᠯᠡᠳᠪᠦᠷᠢᠯᠡᠯ ᠤᠨ ᠳᠦᠷᠢᠮ᠂ ᠤᠰᠤᠨ ᠤ ᠰᠦᠢᠳᠭᠡᠯ ᠬᠤᠷᠢᠶᠠᠬᠤ ᠳᠦᠷᠢᠮ᠂ ᠲᠥᠬᠦᠭᠡᠷᠦᠮᠵᠢ ᠶᠢᠨ ᠠᠵᠢᠯᠯᠠᠬᠤ ᠳᠦᠷᠢᠮ᠂ ᠲᠣᠭᠲᠠᠮᠠᠯ ᠬᠤᠭᠤᠴᠠᠭ᠎ᠠ ᠲᠠᠢ ᠰᠡᠯᠪᠢᠨ ᠵᠠᠰᠠᠵᠤ ᠠᠷᠠᠴᠢᠯᠠᠬᠤ ᠳᠦᠷᠢᠮ ᠵᠡᠷᠭᠡ ᠡᠯ᠎ᠡ ᠵᠦᠢᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠬᠦᠯᠬᠦ ᠬᠡᠷᠡᠭᠲᠡᠶ ᠃ ᠬᠠᠮᠢᠶᠠᠷᠤᠯᠲᠠ ᠶᠢᠨ ᠬᠠᠷᠢᠭᠤᠴᠠᠯᠭ᠎ᠠ ᠡᠭᠦᠷᠭᠡᠯᠡᠭᠴᠢ ᠨᠢ ᠤᠰᠤᠨ ᠰᠤᠷᠪᠤᠯᠵᠢ ᠶᠢᠨ ᠪᠠᠷᠢᠯᠭ᠎ᠠ᠂ ᠤᠰᠤ ᠬᠠᠳᠠᠭᠠᠯᠠᠬᠤ ᠴᠥᠭᠦᠷᠥᠮ᠂ ᠤᠰᠤ ᠳᠠᠮᠵᠢᠭᠤᠯᠬᠤ ᠬᠤᠭᠤᠯᠠᠶ ᠶᠢᠨ ᠲᠣᠤᠷ᠂ ᠤᠰᠤ ᠬᠠᠩᠭᠠᠬᠤ ᠲᠥᠬᠦᠭᠡᠷᠦᠮᠵᠢ ᠵᠡᠷᠭᠡ ᠲᠦᠭᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠬᠤ ᠪᠠ ᠰᠢᠨᠡᠳᠬᠡᠨ ᠥᠭᠡᠷᠡᠴᠢᠯᠡᠵᠦ᠂ ᠲᠦᠭᠦᠭᠡᠷᠦᠮᠵᠢ ᠪᠦᠷᠢᠨ ᠪᠦᠲᠦᠨ᠂ ᠠᠵᠢᠯᠯᠠᠭᠠᠨ ᠤ ᠬᠡᠪ ᠤᠨ ᠪᠠᠶᠢᠳᠠᠯ ᠢ ᠦᠨᠡᠨᠬᠦ ᠪᠠᠲᠤᠯᠠᠬᠤ ᠬᠡᠷᠡᠭᠲᠡᠶ᠃ ᠥᠪᠡᠰᠦᠪᠡᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠴᠢᠳᠠᠪᠤᠷᠢ ᠦᠭᠡᠢ ᠤᠰᠤ ᠬᠠᠩᠭᠠᠬᠤ ᠪᠠᠷᠢᠯᠭ᠎ᠠ ᠶᠢ ᠭᠤᠷᠪᠠᠳᠣᠭᠠᠷ ᠡᠲᠡᠭᠡᠳ ᠤᠨ ᠦᠢᠯᠡᠴᠢᠯᠡᠬᠡᠨ ᠤ ᠺᠣᠮᠫᠠᠨᠢ ᠳᠤ ᠨᠠᠶᠢᠳᠠᠵᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠣᠯᠤᠨ᠎ᠠ᠃      ᠳᠣᠯᠣᠳᠤᠭᠠᠷ ᠵᠦᠢᠯ ᠤᠰᠤ ᠬᠠᠩᠭᠠᠬᠤ ᠪᠠᠷᠢᠯᠭ᠎ᠠ ᠳᠤ ᠴᠥᠮ ᠮᠡᠷᠭᠡᠵᠢᠯ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠬᠡᠷᠡᠭᠲᠡᠶ᠃ ᠲᠠᠩᠰᠠ ᠡᠪᠬᠡᠮᠡᠯ ᠳᠤ ᠣᠷᠣᠭᠤᠯᠬᠤ ᠮᠠᠲ᠋ᠧᠷᠢᠶᠠᠯ ᠳᠤ᠄ ᠵᠢᠷᠤᠭ ᠲᠥᠯᠥᠪᠯᠡᠭᠡ ᠶᠢᠨ ᠮᠠᠲ᠋ᠧᠷᠢᠶᠠᠯ᠂ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠭᠡᠷ᠎ᠡ᠂ ᠪᠠᠷᠢᠯᠭ᠎ᠠ ᠶᠢᠨ ᠲᠥᠰᠦᠪ ᠤᠨ ᠭᠦᠢᠴᠡᠳᠭᠡᠯ᠂ ᠪᠠᠷᠢᠯᠭ᠎ᠠ ᠲᠠᠭᠤᠰᠣᠨᠨᠰᠠᠨ ᠮᠡᠳᠡᠭᠦᠯᠦᠯᠲᠡ᠂ ᠰᠢᠯᠭᠠᠨ ᠠᠪᠤᠭᠰᠠᠨ ᠪᠢᠴᠢᠭ ᠮᠠᠲ᠋ᠧᠷᠢᠶᠠᠯ᠂ ᠡᠳ᠋ ᠬᠥᠷᠥᠩᠭᠡ ᠶᠢᠨ ᠨᠠᠷᠢᠨ ᠬᠠᠭᠤᠳᠠᠰᠤ ᠵᠡᠷᠭᠡ ᠪᠢᠴᠢᠭ ᠮᠠᠲ᠋ᠧᠷᠢᠶᠠᠯ ᠪᠠᠭᠲᠠᠨ᠎ᠠ︔ ᠤᠰᠤ ᠬᠠᠩᠭᠠᠬᠤ ᠢᠨᠵᠧᠨᠧᠷᠢᠩ ᠤᠨ ᠠᠵᠢᠯᠯᠠᠭᠠᠨ ᠤ ᠳᠤᠮᠳᠠᠬᠢ ᠤᠰᠤᠨ ᠤ ᠴᠢᠨᠠᠷ ᠢ ᠬᠢᠨᠠᠨ ᠬᠡᠮᠵᠢᠭᠰᠡᠨ ᠲᠡᠮᠳᠡᠭᠯᠡᠯ᠂ ᠲᠥᠬᠦᠭᠡᠷᠦᠮᠵᠢ ᠶᠢ ᠪᠠᠶᠢᠴᠠᠭᠠᠨ ᠵᠠᠰᠠᠭᠰᠠᠨ ᠲᠡᠮᠳᠡᠭᠯᠡᠯ᠂ ᠠᠵᠢᠯᠯᠠᠭᠠᠨ ᠤ ᠪᠠᠶᠢᠳᠡᠯ ᠵᠡᠷᠭᠡ ᠮᠠᠲ᠋ᠧᠷᠢᠶᠠᠯ᠃ ᠳᠠᠩᠰᠠ ᠡᠪᠬᠡᠮᠡᠯ ᠳᠤ ᠣᠷᠣᠭᠤᠯᠬᠤ ᠮᠠᠲ᠋ᠧᠷᠢᠶᠠᠯ ᠢ ᠦᠨᠡᠨ ᠪᠣᠳᠠᠲᠠᠶ ᠪᠦᠷᠢᠨ ᠪᠦᠲᠦᠨ ᠪᠠᠶᠢᠯᠭᠠᠬᠤ ᠶᠢᠨ ᠬᠠᠮᠲᠤ ᠲᠣᠰᠬᠠᠢ ᠬᠥᠮᠦᠨ ᠢᠶᠠᠷ ᠬᠠᠮᠢᠶᠠᠷᠤᠭᠤᠯᠬᠤ ᠬᠡᠷᠡᠭᠲᠡᠶ᠃         ᠭᠤᠷᠪᠠᠳᠣᠭᠠᠷ ᠪᠦᠯᠦᠭ      ᠤᠰᠤᠨ ᠰᠤᠷᠪᠤᠯᠵᠢ ᠬᠢᠭᠡᠳ ᠤᠰᠤᠨ ᠤ ᠴᠢᠨᠠᠷ ᠤᠨ ᠬᠠᠮᠢᠶᠠᠷᠤᠯᠲᠠ      ᠨᠠᠢᠮᠠᠳᠣᠭᠠᠷ ᠵᠦᠢᠯ     ᠡᠯ᠎ᠡ ᠱᠠᠲᠤᠨ ᠤ ᠵᠠᠰᠠᠭ ᠤᠨ ᠣᠷᠳᠣᠨ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠵᠢᠴᠢ ᠤᠰᠤᠨ ᠤ ᠴᠢᠨᠠᠷ ᠤᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠎ᠠ᠃ ᠤᠰᠤ ᠬᠠᠩᠭᠠᠬᠤ ᠢᠨᠵᠧᠨᠧᠷᠢᠩ ᠤᠨ ᠬᠠᠮᠢᠶᠠᠷᠤᠯᠲᠠ ᠶᠢᠨ ᠨᠢᠭᠡᠴᠡ ᠨᠦᠭᠦᠳ ᠤᠰᠤ ᠬᠠᠩᠭᠠᠬᠤ ᠤᠰᠤᠨ ᠤ ᠰᠤᠷᠪᠤᠯᠵᠢ ᠶᠢᠨ ᠭᠠᠵᠠᠷ ᠤᠨ ᠡᠳᠦᠷ ᠲᠤᠲᠤᠮ ᠤᠨ ᠬᠠᠮᠢᠶᠠᠷᠤᠯᠲᠠ ᠪᠣᠯᠤᠨ ᠤᠰᠤᠨ ᠤ ᠴᠢᠨᠠᠷ ᠢ ᠬᠢᠨᠠᠨ ᠬᠡᠮᠵᠢᠬᠦ ᠪᠠᠨ ᠴᠢᠩᠭᠠᠳᠬᠠᠬᠤ ᠬᠡᠷᠡᠭᠲᠡᠶ᠃     ︵ ᠨᠢᠭᠡ︶ ᠭᠠᠵᠠᠷ ᠳᠣᠤᠷᠠᠬᠢ ᠤᠰᠤ ᠪᠠᠷ ᠪᠠᠷᠢᠯᠭ᠎ᠠ ᠶᠢᠨ ᠤᠰᠤᠨ ᠤ ᠡᠬᠢ ᠰᠤᠷᠪᠤᠯᠵᠢ ᠪᠣᠯᠭᠠᠭᠰᠠᠨ ᠪᠣᠯ᠂ ᠭᠠᠵᠠᠷ ᠰᠢᠨᠵᠢᠯᠡᠭᠡᠨ ᠤ ᠪᠠᠶᠢᠳᠡᠯ ᠵᠢᠴᠢ ᠣᠶᠢᠷ᠎ᠡ ᠬᠠᠪᠢ ᠶᠢᠨ ᠭᠠᠵᠠᠷ ᠣᠷᠣᠨ ᠤ  ᠭᠠᠵᠡᠷ ᠳᠣᠤᠷᠠᠬᠢ ᠤᠰᠤᠨ ᠤ ᠲᠦᠪᠰᠢᠨ ᠤ ᠬᠤᠪᠢᠷᠠᠯᠲᠠ ᠶᠢᠨ ᠪᠠᠶᠢᠳᠡᠯ᠂ ᠤᠰᠤ ᠠᠪᠤᠭᠰᠠᠨ ᠪᠠᠶᠢᠳᠡᠯ᠂ ᠤᠰᠤ ᠠᠪᠤᠭᠰᠠᠨ ᠬᠡᠮᠵᠢᠶ᠎ᠡ ᠵᠢᠴᠢ ᠭᠠᠵᠠᠷ ᠳᠣᠤᠷᠠᠬᠢ ᠤᠰᠤᠨ ᠤ ᠨᠥᠬᠦᠪᠥᠷᠢᠯᠡᠨ ᠬᠠᠩᠭᠠᠭᠰᠠᠨ ᠪᠠᠶᠢᠳᠠᠯ ᠢ ᠡᠵᠡᠮᠰᠢᠵᠦ᠂ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠬᠤ ᠬᠡᠷᠡᠭᠲᠡᠶ᠃ ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ ᠭᠠᠵᠠᠷ ᠳᠣᠤᠷᠠᠬᠢ ᠤᠰᠤ ᠮᠠᠯᠲᠠᠬᠤ ᠪᠠ ᠠᠭᠤᠷᠬᠠᠶ ᠨᠡᠭᠡᠭᠡᠵᠦ ᠠᠭᠤᠷᠬᠠᠶ ᠮᠠᠯᠲᠠᠬᠤ ᠶᠢ ᠴᠠᠭᠠᠵᠠᠯᠠᠨ᠎ᠠ᠃      ︵ᠬᠤᠶᠠᠷ︶ ᠭᠠᠵᠠᠷ ᠳᠡᠭᠡᠷᠡᠬᠢ ᠤᠰᠤ ᠪᠠᠷ ᠪᠠᠷᠢᠯᠭ᠎ᠠ ᠶᠢᠨ ᠤᠰᠤᠨ ᠰᠤᠷᠪᠤᠯᠵᠢ ᠪᠣᠯᠭᠠᠭᠰᠠᠨ ᠪᠣᠯ᠂ ᠲᠤᠬᠠᠶ ᠶᠢᠨ ᠭᠠᠵᠡᠷ ᠤᠨ ᠤᠰᠤ ᠴᠠᠭ ᠠᠭᠤᠷ ᠤᠨ ᠮᠠᠲ᠋ᠧᠷᠢᠶᠠᠯ᠂ ᠤᠰᠤᠨ ᠤ ᠬᠡᠮᠵᠢᠶ᠎ᠡ ᠶᠢᠨ ᠬᠤᠪᠢᠷᠠᠯᠲᠠ ᠶᠢᠨ ᠪᠠᠶᠢᠳᠠᠯ ᠢ ᠡᠵᠡᠮᠰᠢᠬᠦ ᠶᠢᠨ ᠬᠠᠮᠲᠤ᠂ ᠤᠷᠤᠰᠬᠠᠯ ᠨᠥᠬᠦᠨ ᠬᠠᠩᠭᠠᠬᠤ ᠣᠷᠣᠨ ᠢ ᠦᠨᠳᠦᠰᠦᠯᠡᠨ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠵᠤ᠂ ᠬᠠᠮᠠᠭᠠᠯᠠᠬᠤ ᠬᠡᠪᠴᠢᠶᠡᠨ ᠳᠣᠲᠣᠷ᠎ᠠ ᠠᠭᠤᠷᠬᠠᠶ ᠨᠡᠭᠡᠭᠡᠬᠦ᠂ ᠠᠭᠤᠯᠠ ᠮᠠᠯᠲᠠᠬᠤ ᠵᠡᠷᠭᠡ ᠤᠰᠤᠨ ᠰᠤᠷᠪᠤᠯᠵᠢ ᠶᠢ ᠡᠪᠳᠡᠬᠦ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠶ᠃       ︵ᠭᠤᠷᠪᠠ︶ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠤᠯᠪᠣᠭᠳᠠᠯ ᠪᠦᠬᠦᠢ ᠰᠠᠯᠠᠭ᠎ᠠ ᠮᠦᠴᠢᠷ ᠢ ᠵᠣᠬᠢᠶᠠᠨ ᠪᠠᠶᠢᠭᠤᠯᠤᠨ ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠳᠡ ᠶᠢᠨ ᠣᠷᠣᠨ ᠪᠤᠶᠤ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠵᠤ᠂ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠭᠠᠵᠠᠷ ᠵᠦᠶ ᠶᠢᠨ ᠵᠠᠭᠠᠭ ᠲᠡᠮᠳᠡᠭ᠂ ᠰᠡᠷᠡᠮᠵᠢ ᠶᠢᠨ ᠲᠡᠮᠳᠡᠭ ᠪᠤᠶᠤ ᠤᠬᠠᠭᠤᠯᠭ᠎ᠠ ᠶᠢᠨ ᠫᠠᠶᠢᠰᠠ ᠪᠠᠶᠢᠭᠤᠯᠬᠤ ᠬᠡᠷᠡᠭᠲᠡᠶ᠃       ᠶᠢᠰᠦᠳᠦᠭᠡᠷ ᠵᠦᠢᠯ     ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠤᠰᠤ ᠬᠠᠩᠭᠠᠬᠤ ᠤᠰᠤᠨ ᠤ ᠴᠢᠨᠠᠷ ᠤᠨ ᠬᠠᠮᠢᠶᠠᠷᠣᠯᠳᠡ ᠪᠠ ᠬᠠᠮᠠᠭᠠᠯᠠᠯᠲᠠ ᠪᠠᠨ ᠴᠢᠩᠭᠠᠳᠬᠠᠵᠦ᠂ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷ᠎ᠠ ᠲᠤᠰ ᠤᠰᠤᠨ ᠣᠷᠣᠨ ᠤ ᠤᠰᠤᠨ ᠤ ᠴᠢᠨᠠᠷ ᠢ ᠪᠣᠬᠢᠷᠲᠤᠭᠤᠯᠬᠤ ᠪᠣᠯᠤᠯᠴᠠᠭ᠎ᠠ ᠲᠠᠢ ᠶᠠᠮᠠᠷᠪᠠ ᠠᠵᠢᠯᠯᠠᠭ᠎ᠠ ᠡᠭᠦᠰᠬᠦ ᠶᠢ ᠰᠡᠷᠭᠡᠶᠢᠯᠡᠬᠦ ᠬᠡᠷᠡᠭᠲᠡᠶ᠃       ᠭᠠᠵᠡᠷ ᠳᠣᠤᠷᠠᠬᠢ ᠤᠰᠤᠨ ᠤ ᠡᠬᠢ ᠶᠢ ᠲᠠᠲᠠᠵᠤ ᠬᠡᠷᠡᠭᠯᠡᠬᠦ ᠪᠠᠷᠢᠯᠭ᠎ᠠ ᠵᠢᠴᠢ ᠳᠠᠭᠠᠯᠲᠠ ᠤᠰᠤ ᠬᠠᠩᠭᠠᠬᠤ ᠪᠠᠷᠢᠯᠭ᠎ᠠ ᠶᠢᠨ ᠲᠤᠩᠭᠠᠬᠤ ᠲᠠᠲᠠᠭᠠᠯ᠂ ᠤᠰᠤ ᠬᠠᠳᠠᠭᠠᠯᠠᠬᠤ ᠲᠠᠲᠠᠭᠠᠯ᠂ ᠬᠥᠭᠡᠷᠭᠡ ᠶᠢᠨ ᠥᠷᠲᠡᠭᠡ ᠵᠡᠷᠭᠡ ᠡᠷᠭᠢᠨ ᠲᠣᠭᠤᠷᠢᠨ ᠤ 100 ᠮᠧᠲᠷ ᠤᠨ ᠬᠡᠪᠴᠢᠶᠡᠨ ᠳᠣᠲᠣᠷ᠎ᠠ᠂ ᠮᠠᠯ ᠵᠢᠭᠦᠷᠲᠡᠨ ᠲᠡᠵᠢᠭᠡᠬᠦ ᠲᠠᠯᠠᠪᠠᠢ᠂ ᠤᠰᠤ ᠨᠡᠪᠴᠢᠬᠦ ᠵᠣᠷᠯᠣᠩ᠂ ᠤᠰᠤ ᠨᠡᠪᠴᠢᠬᠦ ᠨᠦᠬᠡ᠂ ᠪᠠᠭᠠᠰᠤᠨ ᠨᠦᠬᠡ ᠵᠡᠷᠭᠡ ᠪᠣᠬᠢᠷᠲᠤᠯ ᠤᠨ ᠡᠬᠢ ᠶᠢ ᠵᠠᠰᠠᠵᠤ ᠪᠣᠯᠬᠤ ᠦᠭᠡᠢ᠂ ᠬᠤᠭ ᠨᠣᠪᠰᠢ ᠣᠪᠣᠭᠠᠯᠠᠵᠤ ᠪᠣᠯᠬᠤ ᠦᠭᠡᠢ᠃       ᠠᠷᠪᠠᠳᠣᠭᠠᠷ ᠵᠦᠢᠯ   ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠰᠤ ᠬᠠᠩᠭᠠᠬᠤ ᠤᠰᠤᠨ ᠤ ᠴᠢᠨᠡᠷ ᠢ ᠬᠢᠨᠠᠨ ᠬᠡᠮᠵᠢᠬᠦ ᠶᠢ ᠬᠠᠷᠢᠭᠤᠴᠠᠵᠤ᠂ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠡ ᠬᠠᠮᠵᠢᠯᠴᠠᠭ᠎ᠠ ᠪᠠᠨ ᠴᠢᠩᠭᠠᠳᠬᠠᠨ᠎ᠠ᠃       ᠠᠷᠪᠠᠨ ᠨᠢᠭᠡᠳᠦᠭᠡᠷ ᠵᠦᠢᠯ    ᠰᠢᠭᠤᠳ ᠤᠰᠤ ᠬᠠᠩᠭᠠᠬᠤ ᠠᠵᠢᠯ ᠬᠢᠵᠦ ᠪᠠᠶᠢᠭ᠎ᠠ ᠬᠥᠮᠦᠰ ᠡᠷᠬᠡᠪᠰᠢ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ ᠬᠢᠬᠦ ᠬᠡᠷᠡᠭᠳᠡᠢ᠃ ᠬᠡᠷᠪᠡ ᠬᠠᠯᠳᠠᠪᠤᠷᠢᠲᠤ ᠡᠪᠡᠳᠴᠢᠨ ᠲᠠᠢ ᠡᠪᠡᠳᠴᠢᠲᠡᠨ ᠪᠠᠶᠢᠬᠤ ᠶᠢ ᠣᠯᠵᠤ ᠮᠡᠳᠡᠪᠡᠯ ᠳᠠᠷᠦ᠋ᠢᠬᠠᠨ ᠡᠮᠨᠡᠨ ᠵᠠᠰᠠᠬᠤ ᠪᠤᠶᠤ ᠠᠵᠢᠯ ᠤᠨ ᠪᠠᠶᠢᠷᠢ ᠠᠴᠠ ᠨᠢ ᠰᠢᠯᠵᠢᠭᠦᠯᠬᠦ ᠬᠡᠷᠡᠭᠲᠡᠢ᠃       ᠲᠦᠷᠪᠡᠳᠣᠭᠡᠷ ᠪᠦᠯᠦᠭ     ᠠᠵᠢᠯᠯᠠᠭᠠᠨ ᠤ ᠬᠠᠮᠢᠶᠠᠷᠤᠯᠲᠠ      ᠠᠷᠪᠠᠨ ᠬᠤᠶᠠᠳᠤᠭᠠᠷ ᠵᠦᠢᠯ       ᠬᠤᠰᠢᠭᠤ ᠰᠢᠶᠠᠨ ᠤ ᠵᠠᠰᠠᠭ ᠤᠨ ᠣᠷᠳᠣᠨ ᠨᠤᠭᠤᠳ ᠬᠥᠳᠡᠭᠡ ᠲᠣᠰᠬᠤᠨ ᠤ ᠤᠤᠭᠤᠬᠤ ᠤᠰᠤᠨ ᠤ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ ᠪᠠᠶᠢᠭᠤᠯᠵᠤ᠂ ᠤᠤᠭᠤᠬᠤ ᠤᠰᠤᠨ ᠤ ᠠᠶᠤᠯ ᠦᠭᠡᠶ ᠶᠢᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠶ᠃ ᠰᠢᠶᠠᠨ ᠤ ᠱᠠᠲᠤᠨ ᠤ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯ ᠦᠭᠡᠶ ᠠᠵᠢᠯᠯᠠᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠬᠠᠮᠢᠶᠠᠷᠤᠯᠲᠠ ᠶᠢᠨ ᠠᠵᠢᠯᠲᠠᠨ ᠪᠣᠯᠤᠨ ᠵᠠᠷᠤᠳᠠᠯ ᠢ ᠨᠠᠶᠢᠳᠠᠪᠤᠷᠢᠵᠢᠭᠤᠯᠵᠤ᠂ ᠰᠢᠶᠠᠨ ᠤ ᠬᠡᠪᠴᠢᠶᠡᠨ ᠳᠣᠲᠣᠷᠠᠬᠢ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯ ᠦᠭᠡᠶ ᠶᠢᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠪᠣᠯᠤᠨ ᠤᠰᠤ ᠬᠠᠩᠭᠠᠬᠤ ᠦᠢᠯᠡᠴᠢᠯᠡᠬᠡᠨ ᠢ ᠵᠢᠯᠣᠭᠤᠳᠬᠤ ᠪᠤᠶᠤ ᠬᠠᠷᠢᠭᠤᠴᠠᠬᠤ ᠬᠡᠷᠡᠭᠲᠡᠶ᠃ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠣᠰ ︽ᠬᠠᠮᠢᠶᠠᠷᠤᠯᠲᠠ ᠶᠢᠨ ᠠᠷᠭ᠎ᠠ ︾ ᠶᠢ ᠦᠨᠳᠦᠰᠦᠯᠡᠨ ᠬᠦᠳᠡᠭᠡ ᠲᠣᠰᠬᠤᠨ ᠤ ᠤᠤᠭᠤᠬᠤ ᠤᠰᠤᠨ ᠤ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠨᠠᠷᠢᠨ ᠳᠦᠷᠢᠮ ᠲᠣᠨᠨᠳᠠᠭᠠᠵᠦ᠂ ᠬᠥᠳᠡᠭᠡ ᠲᠣᠰᠬᠤᠨ ᠤ ᠤᠤᠭᠤᠬᠤ ᠤᠰᠤᠨ ᠤ ᠢᠨᠵᠧᠨᠧᠷᠢᠩ ᠤᠨ ᠥᠮᠴᠢᠯᠡᠬᠦ ᠡᠷᠬᠡ ᠶᠢ ᠲᠣᠳᠣᠷᠬᠠᠶᠢᠯᠠᠵᠤ᠂ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠭᠤᠤᠯ ᠴᠣᠭᠴᠠ᠂ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠠᠵᠢᠯᠯᠠᠭᠠᠨ ᠤ ᠬᠠᠮᠢᠶᠠᠷᠤᠯᠲᠠ ᠶᠢᠨ ᠵᠠᠷᠤᠳᠠᠯ ᠢ ᠨᠠᠶᠢᠳᠠᠪᠦᠷᠢᠵᠢᠭᠤᠯᠬᠤ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ᠂ ᠤᠰᠤᠨ ᠤ ᠴᠢᠨᠠᠷ ᠢ ᠪᠠᠶᠢᠴᠠᠭᠠᠨ ᠬᠡᠮᠵᠢᠵᠦ ᠬᠢᠨᠠᠨ ᠬᠡᠮᠵᠢᠬᠦ᠂ ᠤᠰᠤᠨ ᠤ ᠦᠨ᠎ᠡ ᠲᠣᠭᠲᠠᠭᠠᠬᠤ ᠵᠡᠷᠭᠡ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃    ᠠᠷᠪᠠᠨ ᠭᠤᠷᠪᠠᠳᠤᠭᠠᠷ ᠵᠦᠢᠯ    ᠰᠢᠶᠠᠨ ᠤ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠥᠳᠡᠭᠡ ᠲᠣᠰᠬᠤᠨ ᠤ ᠤᠰᠤ ᠬᠠᠩᠭᠠᠬᠤ ᠪᠠᠷᠢᠯᠭ᠎ᠠ ᠶᠢᠨ ᠬᠠᠮᠢᠶᠠᠷᠤᠯᠲᠠ᠂ ᠬᠠᠮᠠᠭᠠᠯᠠᠯᠳᠡ᠂ ᠰᠡᠯᠪᠢᠨ ᠵᠠᠰᠠᠬᠤ ᠦᠢᠯᠡᠴᠢᠯᠡᠬᠡᠨ ᠡᠷᠬᠢᠯᠡᠵᠦ ᠪᠠᠶᠢᠭ᠎ᠠ ᠨᠢᠭᠡᠴᠡ ᠵᠢᠴᠢ ᠠᠵᠢᠯᠲᠠᠨ ᠳᠤ ᠮᠡᠷᠭᠡᠵᠢᠯ ᠤᠨ ᠰᠢᠯᠭᠠᠨ ᠲᠣᠭᠲᠠᠭᠠᠯᠲᠠ ᠬᠢᠬᠦ ᠶᠢᠨ ᠬᠠᠮᠲᠤ ᠡᠵᠡᠩᠨᠡᠯᠲᠡ ᠶᠢᠨ ᠦᠢᠯᠡ ᠠᠵᠢᠯᠯᠠᠭ᠎ᠠ ᠪᠣᠯᠤᠨ ᠦᠢᠯᠡᠴᠢᠯᠡᠬᠡᠨ ᠤ ᠶᠠᠰᠤ ᠴᠢᠨᠠᠷ ᠢᠶᠠᠨ ᠵᠢᠷᠤᠮᠵᠢᠭᠤᠯᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠬᠤ ᠬᠡᠷᠡᠭᠲᠡᠶ᠃      ᠠᠷᠪᠠᠨ ᠳᠥᠷᠪᠡᠳᠦᠭᠡᠷ ᠵᠦᠢᠯ     ᠤᠰᠤ ᠬᠠᠩᠭᠠᠬᠤ ᠪᠠᠷᠢᠯᠭ᠎ᠠ ᠳᠤ ᠤᠰᠤ ᠶᠢ ᠰᠠᠶᠢᠲᠤᠷ ᠠᠷᠪᠢᠯᠠᠨ ᠭᠠᠮᠨᠠᠵᠤ ᠂ ᠲᠦᠯᠦᠪᠯᠡᠭᠡ ᠲᠠᠢ ᠪᠠᠷ ᠤᠰᠤ ᠬᠡᠷᠡᠭᠯᠡᠬᠦ᠂ ᠲᠣᠭᠲᠠᠭᠰᠠᠨ ᠨᠣᠷᠮ᠎ᠠ ᠪᠠᠷ ᠤᠰᠤ ᠬᠠᠩᠭᠠᠬᠤ᠂ ᠬᠡᠲᠦ ᠠᠬᠢᠭᠤᠯᠤᠨ ᠪᠣᠳᠣᠵᠤ ᠦᠨ᠎ᠡ ᠨᠡᠮᠡᠬᠦ ᠪᠠ ᠤᠯᠠᠷᠢᠯ ᠤᠨ ᠬᠥᠪᠦᠮᠡᠯ ᠤᠰᠤᠨ ᠤ ᠦᠨ᠎ᠡ ᠵᠡᠷᠭᠡ ᠳᠦᠷᠢᠮ ᠢ ᠬᠡᠷᠡᠭᠵᠢᠭᠦᠯᠦᠨ᠎ᠡ᠃ ᠬᠠᠪᠤᠷ᠂ ᠵᠤᠨ ᠤ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤ ᠪᠣᠯᠤᠨ ᠬᠥᠳᠡᠭᠡ ᠲᠣᠰᠬᠤᠨ ᠤ ᠬᠦᠷᠢᠶᠡᠨ ᠤ ᠤᠰᠤᠯᠠᠯᠲᠠ ᠳᠤ ᠬᠡᠷᠡᠭᠯᠡᠬᠦ ᠤᠰᠤ ᠨᠢ ᠲᠠᠷᠢᠶᠠᠯᠠᠬᠤ ᠮᠠᠯᠵᠢᠬᠤ ᠣᠷᠣᠨ ᠤ ᠤᠯᠠᠨ ᠲᠦᠮᠡᠨ ᠤ ᠤᠯᠠᠷᠢᠯ ᠤᠨ ᠴᠢᠨᠡᠷᠳᠡᠢ ᠤᠤᠭᠤᠬᠤ ᠤᠰᠤᠨ  ᠤ ᠬᠡᠮᠵᠢᠶ᠎ᠡ ᠬᠦᠷᠦᠯᠴᠡᠬᠦ ᠥᠭᠡᠢ ᠪᠣᠯᠤᠭᠰᠠᠨ ᠪᠣᠯ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠤᠯᠠᠨ ᠲᠦᠮᠡᠨ ᠤ ᠤᠤᠭᠤᠬᠤ ᠤᠰᠤᠨ ᠤ ᠠᠶᠤᠯ ᠥᠭᠡᠢ  ᠶᠢ ᠡᠩ ᠲᠡᠷᠢᠭᠦᠨ ᠳᠤ ᠪᠠᠲᠤᠯᠠᠬᠤ ᠬᠡᠷᠡᠭᠲᠡᠢ᠃      ᠠᠷᠪᠠᠨ ᠲᠠᠪᠤᠳᠤᠭᠠᠷ ᠵᠦᠢᠯ   ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠡ ᠨᠢ ᠠᠵᠢᠯᠯᠠᠭᠠᠨ ᠤ ᠥᠪᠡᠷ ᠤᠨ ᠥᠷᠲᠡᠭ ᠢᠶᠠᠨ ᠪᠠᠭᠤᠷᠠᠭᠤᠯᠵᠤ᠂ ᠤᠰᠤᠨ ᠤ ᠰᠦᠢᠳᠭᠡᠯ ᠤᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ︽ᠤᠰᠤᠨ ᠤ ᠦᠨ᠎ᠡ᠂ ᠤᠰᠤᠨ ᠤ ᠬᠡᠮᠵᠢᠶ᠎ᠡ᠂ ᠤᠰᠤᠨ ᠤ ᠰᠦᠢᠳᠭᠡᠯ︾ ᠢ ᠢᠯᠡ ᠨᠡᠶᠢᠲᠡᠯᠡᠬᠦ ᠳᠦᠷᠢᠮ ᠢ ᠢᠳᠡᠪᠬᠢᠲᠡᠶ ᠪᠠᠷ ᠶᠠᠪᠤᠭᠤᠯᠬᠤ ᠬᠡᠷᠡᠭᠲᠡᠶ᠃       ᠠᠷᠪᠠᠨ ᠵᠢᠷᠭᠤᠳᠤᠭᠠᠷ ᠵᠦᠢᠯ      ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠡ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠦ᠂ ᠬᠢᠨᠠᠨ ᠰᠢᠯᠭᠠᠬᠤ ᠪᠠ ᠠᠳᠠᠯᠢᠳᠬᠠᠨ ᠰᠢᠯᠭᠠᠷᠠᠭᠤᠯᠵᠤ᠂ ᠤᠰᠤ ᠬᠠᠩᠭᠠᠬᠤ ᠪᠠᠷᠢᠯᠭ᠎ᠠ ᠶᠢᠨ ᠪᠠᠷᠢᠮᠵᠢᠶ᠎ᠠ ᠳᠤ ᠬᠦᠷᠦᠭᠦᠯᠬᠦ ᠠᠵᠢᠯᠯᠠᠭ᠎ᠠ ᠶᠢ ᠥᠷᠨᠢᠭᠦᠯᠬᠦ ᠬᠡᠷᠡᠭᠲᠡᠶ᠃ ᠲᠡᠭᠦᠨ ᠤ ᠬᠢᠨᠠᠨ ᠰᠢᠯᠭᠠᠬᠤ ᠠᠭᠤᠯᠭ᠎ᠠ ᠶᠢ ᠳᠣᠤᠷᠠᠬᠢ ᠪᠠᠷᠢᠮᠵᠢᠶ᠎ᠠ ᠶᠣᠰᠣᠭᠠᠷ ᠶᠠᠪᠤᠭᠳᠠᠭᠤᠯᠤᠨ᠎ᠠ᠃     ︵ᠨᠢᠭᠡ︶ ᠤᠰᠤᠨ ᠤ ᠴᠢᠨᠠᠷ ᠢ ᠰᠢᠯᠭᠠᠨ ᠪᠠᠶᠢᠴᠠᠭᠠᠬᠤ ᠭᠦᠢᠴᠡᠳᠭᠡᠯ ᠲᠤᠭ᠎ᠠ ᠨᠢ ︽ᠠᠮᠢᠳᠤᠷᠠᠯ ᠤᠨ ᠤᠤᠭᠤᠬᠤ ᠤᠰᠤ ᠶᠢᠨ ᠠᠷᠢᠭᠤᠨ ᠴᠡᠪᠡᠷ ᠤᠨ ᠪᠠᠷᠢᠮᠵᠢᠶ᠎ᠠ︾ ︵GB5749 — 2006︶ ᠶᠢᠨ ᠪᠠᠷᠢᠮᠵᠢᠶ᠎ᠠ ᠶᠢ ᠬᠠᠩᠭᠠᠨ᠎ᠠ︔      ︵ᠬᠤᠶᠠᠷ︶ ᠬᠤᠭᠤᠯᠠᠶ ᠶᠢᠨ ᠲᠣᠤᠷ ᠤᠨ ᠭᠡᠭᠡᠭᠳᠡᠬᠦ ᠨᠤᠷᠮ᠎ᠠ ᠶᠢ 5% ᠠᠴᠠ ᠥᠨᠳᠥᠷ ᠪᠠᠶᠢᠯᠭᠠᠵᠤ ᠪᠣᠯᠬᠤ ᠤᠢᠭᠡᠢ︔      ︵ᠭᠤᠷᠪᠠ︶ ᠲᠥᠬᠦᠭᠡᠷᠦᠮᠵᠢ ᠶᠢᠨ ᠪᠦᠷᠢᠨ ᠪᠦᠲᠦᠨ ᠪᠠᠶᠢᠬᠤ ᠨᠤᠷᠮ᠎ᠠ ᠶᠢ 90% ᠠᠴᠠ ᠳᠣᠤᠷ᠎ᠠ ᠪᠠᠶᠢᠯᠭᠠᠬᠤ ᠦᠭᠡᠢ︔      ︵ᠳᠥᠷᠪᠡ︶ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠡ ᠨᠢ ᠠᠵᠢᠯᠯᠠᠭᠠᠨ ᠤ ᠳᠤᠮᠳᠠ ᠪᠤᠷᠤᠭᠤ ᠥᠬᠡᠶ᠂  ᠬᠠᠮᠢᠶᠠᠷᠣᠯᠳᠡ ᠶᠢᠨ ᠠᠮᠤᠷ ᠲᠦᠪᠰᠢᠨ᠂ ᠠᠳᠡᠯ ᠥᠬᠡᠶ ᠪᠠᠶᠢᠬᠤ︔     ︵ᠲᠠᠪᠤ︶ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠡ ᠶᠢᠨ ᠰᠠᠭᠤᠷᠢ ᠪᠡᠯᠡᠳᠬᠡᠮᠵᠢ ᠨᠢ ᠪᠦᠷᠢᠨ ᠲᠥᠬᠦᠷ᠂ ᠬᠠᠮᠢᠶᠠᠷᠤᠯᠲᠠ ᠶᠢᠨ ᠣᠷᠣᠨ ᠨᠢ ᠠᠷᠢᠭᠤᠨ ᠴᠡᠪᠡᠷ᠂ ᠣᠷᠴᠢᠨ ᠲᠣᠭᠤᠷᠢᠨ ᠨᠢ ᠭᠤᠶᠤ ᠰᠠᠶᠢᠬᠠᠨ ᠪᠠᠶᠢᠬᠤ ᠬᠡᠷᠡᠭᠲᠡᠶ᠃       ᠲᠠᠪᠤᠳᠤᠭᠠᠷ ᠪᠦᠯᠦᠭ     ᠤᠰᠤᠨ ᠤ ᠦᠨ᠎ᠡ ᠶᠢ ᠬᠢᠨᠠᠨ ᠲᠣᠭᠲᠠᠭᠠᠬᠤ᠂ ᠤᠰᠤᠨ ᠤ ᠰᠦᠢᠳᠭᠡᠯ ᠢ ᠪᠣᠳᠣᠵᠤ ᠬᠤᠷᠢᠶᠠᠬᠤ ᠵᠢᠴᠢ ᠡᠳ᠋ ᠤᠨ ᠶᠠᠪᠤᠳᠠᠯ ᠤᠨ ᠬᠠᠮᠢᠶᠠᠷᠤᠯᠲᠠ      ᠠᠷᠪᠠᠨ ᠳᠣᠯᠣᠳᠤᠭᠠᠷ ᠵᠦᠢᠯ     ᠲᠠᠷᠢᠶᠠᠯᠠᠬᠤ ᠮᠠᠯᠵᠢᠬᠤ ᠣᠷᠣᠨ ᠤ ᠤᠰᠤ ᠬᠠᠩᠭᠠᠬᠤ ᠪᠠᠷᠢᠯᠭ᠎ᠠ ᠳᠤ ︽ᠥᠪᠡᠷ ᠤᠨ ᠦᠷᠳᠡᠭ ᠢ ᠨᠥᠬᠦᠪᠥᠷᠢᠯᠡᠬᠦ᠂ ᠵᠦᠶ ᠵᠣᠬᠢᠰᠲᠠᠶ ᠠᠰᠢᠭ ᠬᠦᠷᠲᠡᠬᠦ᠂ ᠴᠢᠨᠠᠷ ᠰᠠᠶᠢᠲᠠᠶ ᠪᠥᠭᠡᠳ ᠦᠨ᠎ᠡ ᠶᠢ ᠨᠢ ᠰᠢᠯᠢᠳᠡᠭ᠂ ᠡᠷᠬᠡ ᠲᠡᠭᠰᠢ ᠪᠠᠷ ᠡᠭᠦᠷᠭᠡᠯᠡᠬᠦ︾ ᠵᠠᠷᠴᠢᠮ ᠤᠨ ᠶᠣᠰᠣᠭᠠᠷ ᠤᠰᠤ ᠬᠠᠩᠭᠠᠬᠤ ᠦᠨ᠎ᠡ ᠬᠠᠩᠰᠢ ᠶᠢ ᠵᠦᠶ ᠵᠣᠬᠢᠰᠲᠠᠶ ᠲᠣᠭᠲᠠᠭᠠᠵᠤ᠂ ᠬᠥᠳᠡᠭᠡ ᠲᠣᠰᠬᠤᠨ ᠤ ᠤᠰᠤ ᠬᠠᠩᠭᠠᠬᠤ ᠪᠠᠷᠢᠯᠭ᠎ᠠ ᠳᠤ ᠦᠨ᠎ᠡ ᠲᠥᠯᠥᠪᠦᠷᠢ ᠲᠠᠢ ᠪᠠᠷ ᠤᠰᠤ ᠬᠠᠩᠭᠠᠵᠦ᠂ ᠬᠡᠮᠵᠢᠶ᠎ᠡ ᠪᠠᠷ ᠨᠢ ᠰᠦᠢᠳᠭᠡᠯ ᠬᠤᠷᠢᠶᠠᠬᠤ ᠶᠢ ᠬᠡᠷᠡᠭᠵᠢᠭᠦᠯᠬᠦ ᠬᠡᠷᠡᠭᠲᠡᠶ᠃       ᠠᠷᠪᠠᠨ ᠨᠠᠢᠮᠠᠳᠣᠭᠠᠷ ᠵᠦᠢᠯ    ᠤᠰᠤ ᠬᠠᠩᠭᠠᠬᠤ ᠬᠡᠮᠵᠢᠶ᠎ᠡ ᠪᠤᠶᠤ ᠤᠰᠤ ᠬᠠᠩᠭᠠᠬᠤ ᠬᠥᠮᠦᠨ ᠠᠮᠠ ᠪᠠᠷ ᠳᠤᠮᠳᠠᠴᠢ ᠤᠰᠤ ᠬᠠᠩᠭᠠᠬᠤ ᠥᠪᠡᠷ ᠤᠨ ᠥᠷᠲᠡᠭ ᠢ ᠬᠢᠨᠠᠨ ᠲᠣᠭᠲᠠᠭᠠᠵᠤ᠂ ᠣᠷᠣᠨ ᠪᠦᠰᠡ ᠶᠢᠨ ᠤᠰᠤ ᠬᠠᠩᠭᠠᠬᠤ ᠥᠪᠡᠷ ᠤᠨ ᠥᠷᠲᠡᠭ ᠢ ᠵᠦᠶ ᠵᠣᠬᠢᠰᠲᠠᠶ ᠲᠣᠭᠲᠠᠭᠠᠨ᠂ ᠤᠰᠤ ᠬᠠᠩᠭᠠᠬᠤ ᠥᠪᠡᠷ ᠤᠨ ᠥᠷᠲᠡᠭ ᠤᠨ ᠶᠣᠰᠣᠭᠠᠷ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠣᠷᠣᠨ ᠤ ᠵᠢᠯᠣᠭᠤᠳᠬᠤ ᠤᠰᠤᠨ ᠤ ᠦᠨ᠎ᠡ ᠶᠢ ᠲᠣᠭᠲᠠᠭᠠᠵᠤ᠂ ᠤᠰᠤ ᠬᠠᠩᠭᠠᠬᠤ ᠥᠪᠡᠷ ᠤᠨ ᠥᠷᠲᠡᠭ ᠲᠤ ᠴᠠᠬᠢᠯᠭᠠᠨ ᠤ ᠰᠦᠢᠳᠭᠡᠯ ᠪᠠ ᠵᠢᠵᠢᠭ ᠬᠡᠯᠪᠡᠷᠢ ᠶᠢᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠵᠠᠷᠤᠳᠠᠯ ᠪᠠᠭᠲᠠᠨ᠎ᠠ᠃        ᠠᠷᠪᠠ ᠶᠢᠰᠦᠳᠦᠭᠡᠷ ᠵᠦᠢᠯ    ᠤᠰᠤ ᠬᠠᠩᠭᠠᠬᠤ ᠥᠪᠡᠷ ᠤᠨ ᠥᠷᠲᠡᠭ ᠲᠤ ᠳᠣᠤᠷᠠᠬᠢ ᠬᠡᠰᠡᠭ ᠢ ᠪᠠᠭᠲᠠᠭᠠᠬᠤ ᠬᠡᠷᠡᠭᠲᠡᠶ᠄        ︵ᠨᠢᠭᠡ︶ ᠤᠰᠤ ᠬᠠᠩᠭᠠᠬᠤ ᠪᠠᠷᠢᠯᠭ᠎ᠠ ᠶᠢᠨ ᠠᠵᠢᠯᠯᠠᠭᠠᠨ ᠢ ᠬᠠᠮᠢᠶᠠᠷᠴᠤ ᠬᠠᠮᠠᠭᠠᠯᠠᠬᠤ ᠠᠵᠢᠯᠲᠠᠨ ᠤ ᠵᠠᠷᠤᠳᠠᠯ᠃       ︵ᠬᠤᠶᠠᠷ︶ ᠤᠰᠤ ᠲᠠᠲᠠᠬᠤ ᠵᠢᠴᠢ ᠳᠠᠷᠤᠯᠲᠠ ᠨᠡᠮᠡᠬᠦ ᠵᠡᠷᠭᠡ ᠮᠠᠰᠢᠨ ᠮᠧᠬᠠᠨᠢᠭ ᠤᠨ ᠵᠠᠷᠤᠴᠠᠭᠤᠯᠤᠭᠰᠠᠨ ᠲᠦᠯᠡᠰᠢ ᠬᠢᠭᠡᠳ ᠬᠥᠳᠡᠯᠭᠡᠭᠴᠢ ᠬᠦᠴᠦᠨ ᠤ ᠵᠠᠷᠤᠳᠠᠯ᠃       ︵ᠭᠤᠷᠪᠠ︶ ᠡᠳᠦᠷ ᠲᠤᠲᠤᠮ ᠤᠨ ᠵᠢᠵᠢᠭ ᠬᠡᠯᠪᠡᠷᠢ ᠶᠢᠨ ᠰᠡᠯᠪᠢᠨ ᠵᠠᠰᠠᠬᠤ ᠬᠠᠮᠢᠶᠠᠷᠤᠯᠲᠠ ᠵᠢᠴᠢ ᠴᠡᠪᠡᠷᠰᠢᠭᠦᠯᠦᠨ ᠰᠢᠢᠳᠪᠦᠷᠢᠯᠡᠬᠦ ᠳᠤ ᠬᠡᠷᠡᠭᠯᠡᠬᠦ ᠮᠠᠲ᠋ᠧᠷᠢᠶᠠᠯ ᠤᠨ ᠵᠠᠷᠤᠳᠠᠯ᠃       ︵ᠳᠥᠷᠪᠡ︶ ᠲᠣᠭᠲᠠᠭᠠᠯ ᠶᠣᠰᠣᠭᠠᠷ ᠭᠠᠷᠭᠠᠨ ᠠᠪᠤᠭᠰᠠᠨ ᠡᠯᠡᠭᠳᠡᠯ ᠪᠣᠳᠣᠬᠤ ᠵᠠᠷᠤᠳᠠᠯ ᠤᠨ ᠵᠠᠰᠠᠭ ᠤᠨ ᠣᠷᠳᠣᠨ ᠠᠴᠠ ᠨᠥᠬᠦᠪᠥᠷᠢᠯᠡᠭᠰᠡᠨ ᠪᠤᠶᠤ ᠨᠡᠶᠢᠭᠡᠮ ᠤᠨ ᠦᠨ᠎ᠡ ᠲᠥᠯᠥᠪᠦᠷᠢ ᠦᠭᠡᠶ ᠪᠠᠷ ᠣᠷᠣᠭᠤᠯᠤᠭᠰᠠᠨ ᠡᠳ᠋ ᠬᠥᠷᠥᠩᠭᠡ  ᠵᠢᠴᠢ  ᠥᠷᠲᠡᠭ ᠨᠡᠮᠡᠭᠳᠡᠭᠰᠡᠨ ᠢ ᠦᠨᠡᠯᠡᠨ ᠵᠢᠱᠢᠭᠰᠡᠨ ᠬᠡᠰᠡᠭ ᠲᠤ ᠡᠯᠡᠭᠳᠡᠯ ᠪᠣᠳᠣᠬᠤ ᠪᠤᠶᠤ ᠥᠪᠡᠷ ᠤᠨ ᠥᠷᠲᠡᠭ ᠢ ᠲᠡᠰᠬᠡᠨ ᠠᠪᠴᠤ ᠪᠣᠯᠬᠤ ᠦᠭᠡᠶ᠃        ︵ᠲᠠᠪᠤ︶ ᠲᠣᠭᠲᠠᠭᠠᠯ ᠶᠣᠰᠣᠭᠠᠷ ᠤᠰᠤ ᠬᠠᠩᠭᠠᠬᠤ ᠥᠪᠡᠷ ᠤᠨ ᠥᠷᠲᠡᠭ ᠤᠨ ᠵᠠᠷᠤᠯᠭ᠎ᠠ ᠳᠤ ᠵᠢᠭᠰᠠᠭᠠᠨ ᠣᠷᠣᠭᠤᠯᠬᠤ ᠶᠣᠰᠣᠲᠠᠶ ᠪᠤᠰᠤᠳ ᠵᠠᠷᠤᠳᠠᠯ᠃       ᠬᠤᠷᠢᠳᠣᠭᠠᠷ ᠵᠦᠢᠯ     ᠤᠰᠤ ᠬᠠᠩᠭᠠᠬᠤ ᠪᠠᠷᠢᠯᠭ᠎ᠠ ᠶᠢᠨ ᠤᠰᠤᠨ ᠤ ᠦᠨ᠎ᠡ ᠬᠠᠩᠰᠢ ᠶᠢ ᠤᠯᠤᠰ ᠠᠴᠠ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠣᠯᠤᠨ ᠲᠣᠭᠲᠠᠭᠠᠯ ᠢ ᠦᠨᠳᠦᠰᠦᠯᠡᠨ᠂ ᠥᠪᠡᠷ ᠤᠨ ᠥᠷᠲᠡᠭ ᠤᠨ ᠲᠣᠭᠠᠴᠠᠭ᠎ᠠ ᠬᠢᠬᠦ ᠪᠠᠷ ᠳᠠᠮᠵᠢᠭᠤᠯᠤᠨ ᠵᠦᠶ ᠵᠣᠬᠢᠰᠲᠠᠶ ᠲᠣᠭᠲᠠᠭᠠᠵᠤ᠂ ᠲᠣᠰᠬᠤᠨ ᠤ ᠠᠷᠠᠳ ᠤᠨ ᠵᠥᠪᠯᠡᠯ ᠢᠶᠠᠷ ᠵᠥᠪᠯᠡᠨ ᠲᠣᠭᠲᠠᠭᠠᠯᠭᠠᠭᠰᠠᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠶ᠃ ᠤᠰᠤᠨ ᠤ ᠦᠨ᠎ᠡ ᠶᠢ ᠤᠰᠤ ᠬᠡᠷᠡᠭᠯᠡᠬᠦ ᠡᠷᠦᠬᠡ ᠳᠤ ᠨᠡᠶᠢᠲᠡᠯᠡᠵᠦ᠂ ᠣᠯᠠᠨ ᠲᠦᠮᠡᠨ ᠤ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃       ᠬᠤᠷᠢᠨ ᠨᠢᠭᠡᠳᠦᠭᠡᠷ ᠵᠦᠢᠯ    ᠬᠥᠳᠡᠭᠡ ᠲᠣᠰᠬᠤᠨ ᠤ ᠤᠰᠤ ᠬᠠᠩᠭᠠᠬᠤ ᠪᠠᠷᠢᠯᠭ᠎ᠠ ᠳᠤ ᠬᠡᠮᠵᠢᠯᠲᠡ ᠶᠢᠨ ᠰᠦᠢᠳᠭᠡᠯ ᠬᠤᠷᠢᠶᠠᠬᠤ ᠶᠢ ᠬᠡᠷᠡᠭᠵᠢᠭᠦᠯᠦᠨ᠎ᠡ᠃ ᠤᠰᠤ ᠬᠡᠷᠡᠭᠯᠡᠬᠦ ᠡᠷᠦᠬᠡ ᠲᠣᠭᠲᠠᠭᠰᠠᠨ ᠬᠤᠭᠤᠴᠠᠭᠠᠨ ᠳᠣᠲᠣᠷ᠎ᠠ ᠴᠡᠪᠡᠷ ᠤᠰᠤᠨ ᠤ ᠰᠦᠢᠳᠭᠡᠯ ᠲᠤᠰᠢᠶᠠᠬᠤ ᠬᠡᠷᠡᠭᠲᠡᠶ᠂ ᠬᠤᠭᠤᠴᠠᠭ᠎ᠠ ᠬᠡᠲᠦᠷᠡᠲᠡᠯ᠎ᠡ ᠲᠤᠰᠢᠶᠠᠭᠰᠠᠨ ᠥᠬᠡᠶ ᠪᠣᠯ ᠤᠰᠤ ᠬᠠᠩᠭᠠᠬᠤ ᠶᠢ ᠨᠢ ᠵᠣᠭᠰᠣᠭᠠᠵᠤ ᠪᠣᠯᠤᠨ᠎ᠠ᠃      ᠬᠤᠷᠢᠨ ᠬᠤᠶᠠᠳᠤᠭᠠᠷ ᠵᠦᠢᠯ    ᠬᠥᠳᠡᠭᠡ ᠲᠣᠰᠬᠤᠨ ᠤ ᠤᠰᠤ ᠬᠠᠩᠭᠠᠬᠤ ᠪᠠᠷᠢᠯᠭ᠎ᠠ ᠶᠢᠨ ᠤᠰᠤᠨ ᠤ ᠰᠦᠢᠳᠭᠡᠯ ᠤᠨ ᠣᠷᠣᠯᠭ᠎ᠠ ᠶᠢ ᠲᠤᠰᠬᠠᠶ ᠡᠷᠦᠬᠡ ᠪᠠᠷ ᠬᠠᠮᠢᠶᠠᠷᠬᠤ ᠬᠡᠷᠡᠭᠲᠡᠶ᠃ ᠤᠰᠤᠨ ᠤ  ᠰᠦᠢᠳᠭᠡᠯ ᠤᠨ ᠣᠷᠣᠯᠭ᠎ᠠ ᠶᠢ ᠭᠤᠤᠯᠳᠠᠭᠤ ᠪᠠᠷᠢᠯᠭ᠎ᠠ ᠪᠡᠯᠡᠳᠬᠡᠮᠵᠢ ᠶᠢᠨ ᠬᠠᠮᠢᠶᠠᠷᠤᠯᠲᠠ᠂ ᠰᠡᠯᠪᠢᠨ ᠵᠠᠰᠠᠬᠤ᠂ ᠰᠢᠨᠡᠳᠬᠡᠬᠦ᠂ ᠥᠭᠡᠷᠡᠴᠢᠯᠡᠬᠦ ᠵᠡᠷᠭᠡ ᠵᠠᠷᠤᠯᠭ᠎ᠠ ᠳᠤ ᠬᠡᠷᠡᠭᠯᠡᠵᠦ᠂ ᠲᠣᠭᠲᠠᠭᠠᠭᠰᠠᠨ ᠤᠰᠤᠨ ᠤ ᠰᠦᠢᠳᠭᠡᠯ ᠬᠤᠷᠢᠶᠠᠬᠤ ᠪᠠᠷᠢᠮᠵᠢᠶ᠎ᠠ ᠨᠢ ᠵᠥᠪᠬᠡᠨ ᠤᠰᠤ ᠬᠡᠷᠡᠭᠯᠡᠬᠦ ᠥᠪᠡᠷ ᠤᠨ ᠥᠷᠲᠡᠭ ᠢ ᠬᠠᠩᠭᠠᠬᠤ ᠪᠠ ᠳᠥᠭᠦᠮ ᠵᠠᠰᠠᠪᠦᠷᠢ ᠵᠠᠰᠠᠪᠠᠯ ᠪᠣᠯᠴᠢᠬᠠᠨ᠎ᠠ᠃ ᠤᠰᠤ ᠬᠠᠩᠭᠠᠬᠤ ᠢᠨᠵᠧᠨᠧᠷᠢᠩ ᠤᠨ ᠡᠳᠦᠷ ᠲᠤᠲᠤᠮ ᠤᠨ ᠬᠠᠮᠠᠭᠠᠯᠠᠯᠲᠠ ᠵᠢᠴᠢ ᠰᠡᠯᠪᠢᠨ ᠵᠠᠰᠠᠯᠲᠠ ᠳᠤ ᠬᠠᠷᠢᠶᠠᠯᠬᠠᠳᠠᠬᠤ ᠵᠠᠷᠤᠳᠠᠯ ᠢ ᠭᠠᠴᠠᠭᠠᠨ ᠤ ᠬᠠᠮᠲᠤ ᠶᠢᠨ ᠠᠵᠤ ᠠᠬᠤᠶ ᠬᠠᠷᠢᠭᠤᠴᠠᠨ ᠰᠢᠢᠳᠪᠦᠷᠢᠯᠡᠨ᠎ᠡ︔ ᠲᠣᠮᠣ ᠬᠡᠯᠪᠡᠷᠢ ᠶᠢᠨ ᠪᠡᠯᠡᠳᠬᠡᠮᠵᠢ ᠲᠥᠬᠦᠭᠡᠷᠦᠮᠵᠢ᠂ ᠬᠤᠭᠤᠯᠠᠶ᠂ ᠤᠰᠤᠨ ᠬᠥᠭᠡᠷᠭᠡ ᠵᠡᠷᠭᠡ ᠲᠣᠮᠣ ᠬᠡᠯᠪᠡᠷᠢ ᠶᠢᠨ ᠪᠠᠷᠢᠯᠭ᠎ᠠ ᠶᠢᠨ ᠰᠡᠯᠪᠢᠨ ᠵᠠᠰᠠᠬᠤ ᠶᠢ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ ᠨᠠᠶᠢᠳᠠᠪᠤᠷᠢᠵᠢᠭᠤᠯᠤᠨ ᠰᠢᠢᠳᠪᠦᠷᠢᠯᠡᠨ᠎ᠡ᠃ ᠠᠵᠤ ᠠᠬᠤᠶᠢᠯᠠᠯ ᠤᠨ ᠪᠡᠯᠡ ᠣᠷᠣᠭᠤᠯᠤᠯᠲᠠ᠂ ᠠᠵᠤ ᠠᠬᠤᠶᠢᠯᠠᠯ ᠤᠨ ᠬᠠᠮᠢᠶᠠᠷᠤᠯᠲᠠ᠂ ᠠᠵᠤ ᠠᠬᠤᠶᠢᠯᠠᠯ ᠤᠨ ᠰᠦᠢᠳᠭᠡᠯ ᠬᠤᠷᠢᠶᠠᠬᠤ ᠤᠰᠤ ᠬᠠᠩᠭᠠᠬᠤ ᠪᠠᠷᠢᠯᠭ᠎ᠠ ᠳᠤ ᠬᠠᠷᠢᠶᠠᠯᠠᠭᠳᠠᠬᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠴᠢᠬᠤᠯᠠ ᠲᠠᠢ ᠠᠴᠠ ᠪᠣᠯᠤᠭᠰᠠᠨ ᠵᠠᠷᠤᠳᠠᠯ ᠢ ᠠᠵᠤ ᠠᠬᠤᠶᠢᠯᠠᠯ ᠬᠠᠷᠢᠭᠤᠴᠠᠨ᠎ᠠ᠂ ᠲᠤᠮᠤ ᠬᠡᠯᠪᠡᠷᠢ ᠶᠢᠨ ᠲᠤᠨᠤᠭ  ᠲᠦᠭᠦᠭᠡᠷᠦᠮᠵᠢ ᠪᠠ ᠪᠠᠷᠢᠯᠭ᠎ᠠ ᠳᠤ ᠠᠰᠠᠭᠤᠳᠠᠯ ᠭᠠᠷᠪᠠᠯ ᠠᠵᠤ ᠠᠬᠤᠶᠢᠯᠠᠯ ᠬᠦᠯᠢᠶᠡᠨ ᠠᠪᠴᠤ ᠳᠡᠶᠢᠯᠬᠦ ᠦᠭᠡᠢ ᠪᠤᠯᠵᠤ᠂ ᠤᠰᠤ ᠬᠠᠩᠭᠠᠬᠤ ᠶᠢ ᠨᠥᠯᠥᠭᠡᠯᠡᠭᠰᠡᠨ ᠪᠠᠶᠢᠪᠠᠯ᠂ ᠵᠠᠰᠠᠭ ᠤᠨ ᠣᠷᠳᠣᠨ ᠠᠴᠠ ᠵᠣᠬᠢᠰᠲᠠᠶ ᠨᠥᠬᠦᠪᠥᠷᠢ ᠥᠭᠭᠦᠨ᠎ᠡ᠃      ᠵᠢᠷᠭᠤᠳᠣᠭᠠᠷ ᠪᠦᠯᠦᠭ     ᠱᠠᠩᠨᠠᠵᠤ ᠰᠢᠳᠬᠡᠬᠦ      ᠬᠤᠷᠢᠨ ᠭᠤᠷᠪᠠᠳᠤᠭᠠᠷ ᠵᠦᠢᠯ     ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠲᠣᠰ ᠠᠷᠭ᠎ᠠ ᠶᠢ ᠬᠢᠨᠠᠮᠠᠭᠠᠶ ᠲᠣᠭᠤᠰᠢᠯᠠᠭᠤᠯᠤᠨ᠂ ᠬᠥᠳᠡᠭᠡ ᠲᠣᠰᠬᠤᠨ ᠤ ᠤᠰᠤ ᠬᠠᠩᠭᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠂ ᠠᠵᠢᠯᠯᠠᠭᠠᠨ ᠤ ᠬᠠᠮᠢᠶᠠᠷᠣᠯᠳᠡ ᠵᠡᠷᠭᠡ ᠲᠠᠯ᠎ᠠ ᠪᠠᠷ ᠢᠯᠡᠳᠲᠡ ᠠᠮᠵᠢᠯᠲᠠ ᠭᠠᠷᠭᠠᠭᠰᠠᠨ ᠨᠢᠭᠡᠴᠡ ᠪᠣᠯᠤᠨ ᠬᠤᠪᠢ ᠬᠥᠮᠦᠨ ᠢ ᠰᠠᠶᠢᠰᠢᠶᠠᠨ ᠬᠥᠬᠢᠭᠦᠯᠬᠦ ᠬᠡᠷᠡᠭᠲᠡᠶ᠃     ᠬᠤᠷᠢᠨ ᠳᠥᠷᠪᠡᠳᠦᠭᠡᠷ ᠵᠦᠢᠯ   ᠡᠰᠡᠷᠭᠦᠴᠡᠰᠢ ᠤᠢᠭᠡᠢ ᠪᠠᠶᠢᠭᠠᠯᠢ ᠶᠢᠨ ᠭᠠᠮᠰᠢᠭ ᠠᠴᠠ ᠭᠠᠳᠠᠨ᠎ᠠ᠂ ᠤᠰᠤ ᠬᠠᠩᠭᠠᠬᠤ ᠪᠠᠷᠢᠯᠭ᠎ᠠ ᠶᠢᠨ ᠤᠰᠤ ᠵᠣᠭᠰᠣᠬᠤ ᠴᠠᠭ ᠢ ᠭᠤᠴᠢᠨ ᠡᠳᠦᠷ ᠠᠴᠠ ᠬᠡᠲᠦᠷᠡᠭᠦᠯᠵᠦ ᠪᠣᠯᠬᠤ ᠤᠢᠭᠡᠢ᠃ ᠭᠤᠴᠢᠨ ᠡᠳᠦᠷ ᠠᠴᠠ ᠬᠡᠲᠦᠷᠡᠭᠰᠡᠨ ᠪᠠᠶᠢᠪᠠᠯ᠂ ᠬᠤᠯᠪᠣᠭᠳᠠᠯ ᠪᠦᠬᠦᠢ ᠬᠥᠮᠦᠨ ᠠᠴᠠ ᠵᠣᠬᠢᠴᠠᠩᠭᠤᠶ ᠬᠠᠷᠢᠭᠤᠴᠠᠯᠭ᠎ᠠ ᠨᠡᠬᠡᠮᠵᠢᠯᠡᠨ᠎ᠡ᠃ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠵᠡᠷᠭᠡ ᠰᠢᠯᠲᠠᠭᠠᠨ ᠠᠴᠠ ᠪᠣᠯᠵᠤ ᠤᠰᠤ ᠶᠢ ᠵᠣᠭᠰᠣᠭᠠᠬᠤ ᠴᠢᠬᠤᠯᠠ ᠲᠠᠢ᠂ ᠬᠡᠷᠡᠭᠯᠡᠭᠴᠢ ᠳᠤ ᠤᠷᠢᠳᠴᠢᠯᠠᠨ ᠮᠡᠳᠡᠭᠳᠡᠬᠦ ᠬᠡᠷᠡᠭᠲᠡᠶ᠃        ᠲᠣᠯᠣᠳᠣᠭᠠᠷ ᠪᠦᠯᠦᠭ     ᠳᠠᠭᠠᠯᠳᠤᠭᠤᠯᠤᠭᠰᠠᠨ ᠲᠦᠷᠢᠮ     ᠬᠤᠷᠢᠨ ᠲᠠᠪᠤᠳᠤᠭᠠᠷ ᠵᠦᠢᠯ    ᠲᠤᠰ ᠠᠷᠭ᠎ᠠ ᠶᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠲᠠᠶᠢᠯᠪᠤᠷᠢᠯᠠᠨ᠎ᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ᠲᠣᠰ ᠠᠷᠭ᠎ᠠ ᠶᠢ ᠦᠨᠳᠦᠰᠦᠯᠡᠨ ᠬᠡᠷᠡᠭᠵᠢᠭᠦᠯᠬᠦ ᠨᠠᠷᠢᠨ ᠳᠦᠷᠢᠮ ᠲᠣᠨᠨᠳᠠᠭᠠᠬᠤ ᠬᠡᠷᠡᠭᠲᠡᠶ᠃        ᠬᠤᠷᠢᠨ ᠵᠢᠷᠭᠤᠳᠤᠭᠠᠷ ᠵᠦᠢᠯ     ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃        
 
ᠢᠷᠡᠯᠲᠡ᠄ ᠴᠠᠬᠠᠷ ᠪᠠᠷᠠᠭᠤᠨ ᠭᠠᠷᠤᠨ ᠲᠣᠮᠳᠡᠳᠣ ᠬᠤᠰᠢᠭᠤᠨ ᠤ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号