ᠦᠷᠬᠦᠯᠵᠢ ᠵᠢᠭᠠᠰᠤᠨ ᠮᠢᠬ᠎ᠠ ᠢᠳᠡᠪᠡᠯ ᠨᠦᠢᠷ ᠤᠨ ᠪᠤᠯᠴᠢᠷᠬᠠᠢ ᠶᠢᠨ ᠦᠮᠡᠨ ᠢ ᠰᠡᠷᠭᠡᠶᠢᠯᠡᠨ᠎ᠠ
ᠨᠡᠶᠢᠲᠡᠯᠡᠭᠰᠡᠨ ᠴᠠᠭ᠄
2020-06-12
            ᠵᠢᠭᠠᠰᠤ᠂ ᠢᠯᠠᠩᠭᠤᠶ᠎ᠠ ᠬᠦᠨ ᠳᠠᠯᠠᠢ ᠳᠠᠬᠢ ᠵᠢᠭᠠᠰᠤᠨ ᠮᠢᠬ᠎ᠠ ᠶᠢ ᠦᠷᠬᠦᠯᠵᠢ ᠢᠳᠡᠬᠦ ᠨᠢ ᠵᠢᠷᠦᠭᠡ ᠳᠠᠷᠢᠬᠢᠨ ᠤ ᠡᠷᠡᠬᠦᠯᠵᠢᠯ ᠳᠤ ᠳᠤᠰᠠᠳᠠᠢ ᠭᠡᠵᠦ ᠭᠡᠯᠴᠡᠳᠡᠭ᠃ ᠤᠢᠢᠷ᠎ᠠ ᠳᠤ᠂ ︽ᠠᠮᠧᠷᠢᠺᠠ ᠶᠢᠨ ᠡᠮᠴᠢᠯᠡᠭᠡᠨ ᠤ ᠰᠢᠮ᠎ᠡ ᠲᠡᠵᠢᠭᠡᠯ ᠤᠨ ᠰᠤᠳᠤᠯᠤᠯ︾ ᠰᠡᠳᠬᠦᠯ ᠶᠠᠫᠤᠨ ᠤ ᠨᠢᠭᠡᠨ ᠰᠢᠨ᠎ᠡ ᠰᠤᠳᠤᠯᠭᠠᠨ ᠤ ᠪᠦᠳᠦᠭᠡᠯ ᠢ ᠨᠡᠶᠢᠳᠡᠯᠡᠵᠦ᠂ ᠵᠢᠭᠠᠰᠤᠨ ᠮᠢᠬ᠎ᠠ ᠦᠷᠬᠦᠯᠵᠢ ᠢᠳᠡᠪᠡᠯ ᠪᠠᠰᠠ ᠨᠦᠢᠷ ᠤᠨ ᠪᠤᠯᠴᠢᠷᠬᠠᠢ ᠶᠢᠨ ᠦᠮᠡᠨ ᠤ ᠲᠦᠭᠰᠢᠬᠦᠷᠢ ᠶᠢ ᠪᠠᠭᠠᠰᠬᠠᠳᠠᠭ ᠬᠡᠪᠡ᠃     ᠨᠦᠢᠷ ᠤᠨ ᠪᠤᠯᠴᠢᠷᠬᠠᠢ ᠶᠢᠨ ᠦᠮᠡᠨ ᠤ ᠬᠤᠤᠷ ᠪᠤᠯᠬᠤ ᠭᠡᠮᠵᠢᠶ᠎ᠡ ᠨᠢ ᠮᠠᠰᠢ ᠦᠨᠳᠦᠷ ᠮᠦᠷᠲᠡᠭᠡᠨ ᠠᠮᠠᠷᠬᠠᠨ ᠮᠡᠳᠡᠭᠳᠡᠳᠡᠭ ᠦᠭᠡᠢ᠂ ᠪᠠᠰᠠ ᠠᠮᠠᠷᠬᠠᠨ ᠰᠢᠯᠵᠢᠵᠦ᠂ ᠵᠠᠰᠠᠯᠭ᠎ᠠ ᠠᠪᠬᠤ ᠨᠢ ᠴᠤ ᠮᠠᠭᠤ ᠪᠠᠶᠢᠳᠠᠭ ᠠᠴᠠ ︽ᠦᠮᠡᠨ ᠤ ᠸᠠᠩ︾ ᠭᠡᠮᠡᠳᠡᠭ᠃ ᠡᠪᠡᠳᠴᠢᠨ ᠢ ᠤᠨᠤᠰᠢᠯᠠᠭᠰᠠᠨ ᠤ ᠳᠠᠷᠠᠭ᠎ᠠ 5 ᠵᠢᠯ ᠠᠮᠢᠳᠤᠷᠠᠬᠤ ᠨᠤᠷᠮ᠎ᠠ ᠨᠢ 6% ᠯᠠ ᠬᠦᠷᠲᠡᠭ᠃     ᠶᠠᠫᠤᠨ ᠤ ᠤᠯᠤᠰ ᠤᠨ ᠦᠮᠡᠨ ᠤ ᠲᠦᠪ ᠤᠨ ᠰᠤᠳᠤᠯᠭᠠᠨ ᠤ ᠳᠤᠭᠤᠢᠢᠯᠠᠩ ᠤᠨ ᠬᠢᠨ 14 ᠲᠦᠮᠡᠨ ᠰᠠᠶᠢᠨ ᠳᠤᠷᠠᠴᠤᠤᠯ ᠳᠤ ᠮᠦᠷᠲᠡᠯ ᠪᠠᠶᠢᠴᠠᠭᠠᠯᠳᠠ ᠬᠢᠵᠦ᠂ ᠲᠡᠳᠡᠨ ᠤ ᠢᠳᠡᠭᠡᠨ ᠤᠮᠳᠠᠭᠠᠨ ᠤ ᠳᠠᠳᠬᠠᠯ ᠢ ᠤᠢᠢᠯᠠᠭᠠᠵᠠᠢ᠃ ᠪᠠᠶᠢᠴᠠᠭᠠᠯᠳᠠ ᠶᠢᠨ ᠬᠤᠭᠤᠷᠤᠨᠳᠤ 449 ᠬᠦᠮᠦᠨ ᠨᠦᠢᠷ ᠤᠨ ᠪᠤᠯᠴᠢᠷᠬᠠᠢ ᠶᠢᠨ ᠦᠮᠡᠨ ᠳᠤ ᠨᠡᠷᠪᠡᠭᠳᠡᠭᠰᠡᠨ ᠢᠶᠠᠷ ᠤᠨᠤᠰᠢᠯᠠᠭᠳᠠᠪᠠ᠃     ᠡᠬᠦᠨ ᠳᠤ ᠤᠯᠵᠤ ᠮᠡᠳᠡᠭᠰᠡᠨ ᠢᠶᠠᠷ᠂ ᠵᠢᠭᠠᠰᠤᠨ ᠮᠢᠬ᠎ᠠ ᠦᠷᠬᠦᠯᠵᠢ ᠢᠳᠡᠳᠡᠭ ᠬᠦᠮᠦᠨ ᠤ ᠨᠦᠢᠷ ᠤᠨ ᠪᠤᠯᠴᠢᠷᠬᠠᠢ ᠶᠢᠨ ᠦᠮᠡᠨ ᠳᠤ ᠨᠡᠷᠪᠡᠭᠳᠡᠬᠦ ᠲᠦᠭᠰᠢᠬᠦᠷᠢ ᠨᠢ ᠪᠤᠰᠤᠳ ᠠᠴᠠ 30% ᠢᠶᠠᠷ ᠳᠤᠤᠷ᠎ᠠ ᠪᠠᠶᠢᠪᠠ᠃      ᠰᠤᠳᠤᠯᠭᠠᠳᠠᠳ ᠤᠨ ᠵᠢᠭᠠᠵᠤ ᠭᠠᠷᠭᠠᠭᠰᠠᠨ ᠢᠶᠠᠷ᠂ ᠵᠢᠭᠠᠰᠤᠨ ᠳᠠᠬᠢ ᠬᠠᠨᠤᠭᠰᠠᠨ ᠦᠭᠡᠢ ᠦᠭᠡᠬᠦᠨ ᠬᠦᠴᠢᠯ ᠨᠢ ᠦᠷᠪᠢᠰᠦᠯ ᠢ ᠡᠰᠡᠷᠬᠦᠴᠡᠬᠦ ᠪᠠ ᠦᠯᠦ ᠬᠠᠯᠳᠠᠭᠠᠬᠤ ᠴᠢᠳᠠᠯ ᠢ ᠵᠤᠬᠢᠴᠠᠭᠤᠯᠬᠤ ᠦᠢᠯᠡᠳᠦᠯ ᠲᠠᠢ ᠮᠦᠷᠲᠡᠭᠡᠨ ᠨᠦᠢᠷ ᠤᠨ ᠪᠤᠯᠴᠢᠷᠬᠠᠢ ᠶᠢᠨ ᠦᠷᠪᠢᠰᠦᠯ ᠢ ᠳᠠᠷᠤᠳᠠᠭ ᠠᠴᠠ ᠨᠦᠢᠷ ᠤᠨ ᠪᠤᠯᠴᠢᠷᠬᠠᠢ ᠶᠢᠨ ᠦᠮᠡᠨ ᠤ ᠲᠦᠭᠰᠢᠬᠦᠷᠢ ᠴᠤ ᠪᠠᠭᠠᠰᠳᠠᠭ ᠲᠤ ᠪᠤᠢ᠃ ᠡᠶᠢᠮᠦ ᠠᠴᠠ ᠦᠷᠬᠦᠯᠵᠢ ᠵᠢᠭᠠᠰᠤᠨ ᠮᠢᠬ᠎ᠠ ᠢᠳᠡᠬᠦ ᠨᠢ ᠮᠠᠬᠠᠪᠤᠳ ᠤᠨ ᠡᠷᠡᠬᠦᠯᠵᠢᠯ ᠳᠤ ᠮᠠᠰᠢ ᠳᠤᠰᠠᠳᠠᠢ ᠶᠤᠮ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号