ᠵᠢᠯᠣᠭᠤᠴᠢ ᠶᠢᠨ ᠦᠨᠡᠮᠯᠡᠯ ᠢᠶᠠᠨ ᠭᠡᠭᠡᠭᠰᠡᠨ ᠪᠣᠶᠤ ᠰᠦᠢᠳᠬᠡᠭᠰᠡᠨ ᠪᠣᠯ ᠶᠠᠭᠠᠬᠢᠬᠤ ᠪᠣᠢ︖
ᠨᠡᠶᠢᠲᠡᠯᠡᠭᠰᠡᠨ ᠴᠠᠭ᠄
2020-06-12
              ᠨᠢᠭᠡ᠂ ᠲᠤᠰᠢᠶᠠᠬᠤ ᠮᠠᠲ᠋ᠧᠷᠢᠶᠠᠯ᠄ 1. ︽ᠮᠠᠰᠢᠨᠲᠦ ᠲᠡᠷᠭᠡᠨ ᠤ ᠵᠢᠯᠣᠭᠤᠴᠢ ᠶᠢᠨ ᠦᠨᠡᠮᠯᠡᠯ ᠤᠨ ᠭᠤᠶᠣᠴᠢᠯᠠᠯ ᠤᠨ ᠬᠥᠰᠦᠨᠦᠭᠲᠦ︾︔ 2. ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠪᠣᠯᠣᠨ ᠬᠠᠭᠤᠯᠪᠤᠷᠢ︔ 3. ᠬᠦᠴᠦᠨ ᠪᠦᠬᠦᠢ ᠬᠤᠭᠤᠴᠠᠭ᠎ᠠ ᠨᠢ ᠳᠦᠭᠦᠷᠦᠭᠡᠳ ᠦᠨᠡᠮᠯᠡᠯ ᠰᠣᠯᠢᠬᠤ᠂ ᠲᠣᠭᠲᠠᠭᠰᠠᠨ ᠨᠠᠰᠤᠨ ᠳᠤ ᠬᠦᠷᠦᠭᠡᠳ ᠦᠨᠡᠮᠯᠡᠯ ᠰᠣᠯᠢᠬᠤ ᠳᠤ ᠬᠠᠷᠢᠶᠠᠯᠠᠭᠳᠠᠪᠠᠯ᠂ ︽ᠮᠠᠰᠢᠨᠲᠦ ᠲᠡᠷᠭᠡᠨ ᠤ ᠵᠢᠯᠣᠭᠤᠴᠢ ᠶᠢᠨ ᠪᠡᠶ᠎ᠡ ᠮᠠᠬᠠᠪᠤᠳ ᠤᠨ ᠨᠥᠬᠦᠴᠡᠯ ᠤᠨ ᠭᠡᠷᠡᠴᠢ︾ ᠲᠤᠰᠢᠶᠠᠬᠤ ᠬᠡᠷᠡᠭᠲᠡᠢ︔ 4 . ᠣᠶᠢᠷ᠎ᠠ ᠶᠢᠨ ᠬᠤᠭᠤᠴᠠᠭᠠᠨ ᠤ ᠮᠠᠯᠠᠭᠠᠢ ᠦᠭᠡᠢ ᠴᠠᠭᠠᠨ ᠳᠡᠪᠢᠰᠬᠡᠷᠲᠦ ᠨᠢᠭᠡ ᠢᠮᠠᠬᠤ ᠪᠣᠳᠤᠭᠲᠤ ᠭᠡᠷᠡᠯ ᠵᠢᠷᠤᠭ 4 ᠬᠠᠭᠤᠳᠠᠰᠤ ᠬᠤᠶᠠᠷ᠂ ᠣᠨᠴᠠᠭᠠᠢ ᠰᠠᠨᠠᠭᠤᠯᠤᠮᠵᠢ 1.ᠬᠤᠶᠠᠷ ᠪᠣᠶᠤ ᠬᠤᠶᠠᠷ ᠠᠴᠠ ᠳᠡᠭᠡᠭᠰᠢ ᠦᠨᠡᠮᠯᠡᠯ ᠰᠣᠯᠢᠬᠤ ᠲᠤᠬᠠᠶᠢᠯᠠᠭᠰᠠᠨ ᠠᠵᠢᠯ ᠢ ᠵᠡᠷᠭᠡ ᠳᠤᠨᠢ ᠭᠦᠢᠴᠡᠳᠬᠡᠬᠦ ᠪᠠᠷ ᠭᠤᠶᠤᠴᠢᠯᠠᠭᠰᠠᠨ ᠳᠤ ᠪᠣᠯ ᠨᠡᠶᠢᠯᠡᠭᠦᠯᠦᠨ ᠭᠦᠢᠴᠡᠳᠬᠡᠵᠦ ᠪᠣᠯᠣᠨ᠎ᠠ︔ 2. ᠬᠤᠭᠤᠴᠠᠭ᠎ᠠ ᠳᠦᠭᠦᠷᠦᠭᠰᠡᠨ ᠤ ᠦᠨᠡᠮᠯᠡᠯ ᠰᠣᠯᠢᠬᠤ᠂ ᠲᠣᠭᠲᠠᠭᠰᠠᠨ ᠨᠠᠰᠤᠨ ᠳᠤ ᠬᠦᠷᠥᠭᠰᠡᠨ ᠤ ᠦᠨᠡᠮᠯᠡᠯ ᠰᠣᠯᠢᠬᠤ᠂ ᠵᠢᠯᠤᠭᠤᠳᠬᠤ ᠮᠠᠰᠢᠨ ᠤ ᠬᠡᠯᠪᠡᠷᠢ ᠪᠠᠨ ᠰᠠᠶᠢᠨ ᠳᠤᠷ᠎ᠠ ᠠᠴᠠ ᠪᠠᠨ ᠳᠣᠷᠣᠭᠰᠢᠯᠠᠭᠤᠯᠤᠭᠰᠠᠨ ᠤ ᠦᠨᠡᠮᠯᠡᠯ ᠰᠣᠯᠢᠬᠤ᠂ ᠵᠢᠯᠣᠭᠤᠴᠢ ᠶᠢᠨ ᠮᠡᠳᠡᠭᠡ ᠵᠠᠩᠭᠢ ᠳᠤ ᠬᠤᠪᠢᠷᠠᠯᠲᠠ ᠭᠠᠷᠤᠭᠰᠠᠨ ᠤ ᠦᠨᠡᠮᠯᠡᠯ ᠰᠣᠯᠢᠬᠤ ᠶᠠᠪᠤᠳᠠᠯ ᠢ ᠭᠦᠢᠴᠡᠳᠭᠡᠬᠦ ᠦᠶ᠎ᠡ ᠳᠤ ᠤᠤᠯ ᠤᠨ ᠵᠢᠯᠣᠭᠤᠴᠢ ᠶᠢᠨ ᠦᠨᠡᠮᠯᠡᠯ ᠢ ᠨᠢ ᠪᠤᠴᠠᠭᠠᠵᠦ ᠠᠪᠤᠨ᠎ᠠ᠃ ᠭᠤᠷᠪᠡ᠂ ᠬᠡᠷᠡᠭ ᠡᠷᠬᠢᠯᠡᠬᠦ ᠴᠤᠪᠤᠷᠠᠯ᠄     ᠭᠠᠷᠳᠠᠮ ᠢᠶᠠᠨ ᠪᠦᠷᠢᠳᠦᠭᠦᠯᠦᠭᠡᠳ ᠯᠠᠪᠯᠠᠯᠭ᠎ᠠ ᠶᠢᠨ ᠲᠠᠪᠴᠠᠩ ᠳᠤ ᠬᠦᠷᠴᠦ ᠳ᠋ᠤᠭᠠᠷ ᠠᠪᠤᠨ᠎ᠠ᠃     ᠬᠦᠯᠢᠶᠡᠬᠦ ᠭᠠᠵᠠᠷ ᠲᠤ ᠲᠤᠬᠠᠶᠢᠯᠠᠭᠰᠠᠨ ᠠᠵᠢᠯ ᠭᠦᠢᠴᠡᠳᠬᠡᠬᠦ ᠳ᠋ᠤᠭᠠᠷ ᠳᠠᠭᠤᠳᠠᠬᠤ ᠶᠢ ᠬᠦᠯᠢᠶᠡᠨ᠎ᠡ᠃        
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号