ᠴᠡᠷᠢᠭ ᠤᠨ ᠵᠢᠯᠤᠭᠤᠴᠢ ᠶᠢᠨ ᠦᠨᠡᠮᠯᠡᠯ ᠢᠶᠠᠷ ᠤᠷᠤᠨ ᠨᠤᠲᠤᠭ ᠤᠨ ᠵᠢᠯᠤᠭᠤᠴᠢ ᠶᠢᠨ ᠦᠨᠡᠮᠯᠡᠯ ᠢ ᠬᠢᠷᠬᠢᠨ ᠭᠤᠶᠤᠴᠢᠯᠠᠨ ᠠᠪᠬᠤ ᠪᠤᠢ︖
ᠨᠡᠶᠢᠲᠡᠯᠡᠭᠰᠡᠨ ᠴᠠᠭ᠄
2020-06-12
ᠨᠢᠭᠡ᠂ ᠲᠤᠰᠢᠶᠠᠬᠤ ᠮᠠᠲ᠋ᠧᠷᠢᠶᠠᠯ᠄ 1. ︽ᠮᠠᠰᠢᠨ ᠲᠡᠷᠭᠡᠨ ᠤ ᠵᠢᠯᠤᠭᠤᠴᠢ ᠶᠢᠨ ᠦᠨᠡᠮᠯᠡᠯ ᠤᠨ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠨ᠎ᠠ︔ 2. ︽ᠮᠠᠰᠢᠨ ᠲᠡᠷᠬᠡᠨ ᠤ ᠵᠢᠯᠤᠭᠤᠴᠢ ᠶᠢᠨ ᠪᠡᠶ᠎ᠡ ᠮᠠᠬᠠᠪᠤᠳ ᠤᠨ ᠨᠦᠬᠦᠴᠡᠯ ᠤᠨ ᠬᠡᠷᠡᠴᠢ︾ ᠶᠢ ᠲᠤᠰᠢᠶᠠᠨ᠎ᠠ︔ 3. ᠪᠡᠶ᠎ᠡ ᠶᠢᠨ ᠤᠭ ᠬᠡᠷᠡᠴᠢ ᠶᠢᠨ ᠦᠨᠡᠮᠯᠡᠯ ᠬᠢᠭᠡᠳ ᠬᠠᠭᠤᠯᠪᠤᠷᠢ ᠶᠢ ᠲᠤᠰᠢᠶᠠᠨ᠎ᠠ︔ 4. ᠴᠡᠷᠢᠭ᠂ ᠴᠠᠭᠳᠠᠭ᠎ᠠ ᠶᠢᠨ ᠮᠠᠰᠢᠨ ᠲᠡᠷᠭᠡᠨ ᠤ ᠵᠢᠯᠤᠭᠤᠴᠢ ᠶᠢᠨ ᠦᠨᠡᠮᠯᠡᠯ ᠢ ᠲᠤᠰᠢᠶᠠᠨ᠎ᠠ︔ 5. ᠤᠶᠢᠷ᠎ᠠ ᠶᠢᠨ ᠬᠤᠭᠤᠴᠠᠭᠠᠨ ᠤ ᠴᠠᠭᠠᠨ ᠳᠡᠪᠢᠰᠭᠡᠷ ᠲᠠᠢ ᠨᠢᠭᠡ ᠢᠮᠠᠬᠤ ᠶᠢᠨ ᠮᠠᠯᠠᠭᠠᠢ ᠦᠭᠡᠢ ᠭᠡᠷᠡᠯ ᠵᠢᠷᠤᠭ 4 ᠶᠢ ᠲᠤᠰᠢᠶᠠᠨ᠎ᠠ︔ 6. ᠴᠡᠷᠢᠭ ᠠᠴᠠ ᠬᠠᠯᠠᠭᠳᠠᠭᠰᠠᠨ᠂ ᠴᠡᠷᠢᠭ ᠠᠴᠠ ᠰᠢᠯᠵᠢᠭᠰᠡᠨ᠂ ᠴᠡᠷᠢᠭ ᠠᠴᠠ ᠪᠠᠭᠤᠭᠰᠠᠨ ᠬᠡᠷᠡᠴᠢ ᠶᠢᠨ ᠡᠬᠡ ᠮᠠᠲ᠋ᠧᠷᠢᠶᠠᠯ ᠬᠢᠭᠡᠳ ᠬᠠᠭᠤᠯᠪᠤᠷᠢ ᠲᠤᠰᠢᠶᠠᠨ᠎ᠠ︔ 7. ᠴᠡᠷᠢᠭ ᠤᠨ ᠠᠯᠪᠠ ᠬᠠᠭᠠᠵᠤ ᠪᠠᠶᠢᠭ᠎ᠠ ᠴᠡᠷᠢᠭ ᠬᠡᠷᠪᠡ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠶᠢ ᠠᠪᠤᠭᠠᠳᠤᠢ ᠪᠤᠯ᠂ ᠳᠡᠭᠡᠷ᠎ᠡ ᠳᠤᠷᠠᠳᠤᠭᠰᠠᠨ 1 — 5 ᠵᠦᠢᠯ ᠤᠨ ᠮᠠᠲ᠋ᠧᠷᠢᠶᠠᠯ ᠢ ᠲᠤᠰᠢᠶᠠᠬᠤ ᠠᠴᠠ ᠭᠠᠳᠠᠨ᠎ᠠ᠂ ᠪᠠᠰᠠ ᠬᠤᠷᠢᠶ᠎ᠠ ᠶᠢᠨ ᠱᠠᠳᠤ ᠠᠴᠠ ᠳᠡᠭᠡᠭᠰᠢᠬᠢ ᠨᠢᠭᠡᠴᠡ ᠶᠢᠨ ᠬᠢᠵᠤ ᠦᠭᠭᠦᠭᠰᠡᠨ ᠬᠡᠷ ᠪᠦᠯᠢ ᠶᠢᠨ ᠰᠠᠭᠤᠭ᠎ᠠ ᠭᠠᠵᠠᠷ ᠤᠨ ᠬᠠᠶ᠋ᠢᠭ ᠤᠨ ᠬᠡᠷᠡᠴᠢ ᠶᠢ ᠲᠤᠰᠢᠶᠠᠨ᠎ᠠ᠃ ᠬᠤᠶᠠᠷ᠂ ᠤᠨᠴᠠᠭᠠᠶᠢᠯᠠᠨ ᠰᠠᠨᠠᠭᠤᠯᠬᠤ ᠨᠢ᠄ 1. ᠴᠡᠷᠢᠭ᠂ ᠴᠠᠭᠳᠠᠭ᠎ᠠ ᠶᠢᠨ ᠵᠢᠯᠤᠭᠤᠴᠢ ᠶᠢᠨ ᠦᠨᠡᠮᠯᠡᠯ ᠢᠶᠠᠷ A1᠂ A2᠂ B1᠂ B2 ᠳᠡᠰᠯᠡᠬᠦ ᠬᠡᠯᠪᠡᠷᠢ ᠶᠢᠨ ᠮᠠᠰᠢᠨ ᠲᠡᠷᠭᠡᠨ ᠤ ᠵᠢᠯᠤᠭᠤᠴᠢ ᠶᠢᠨ ᠦᠨᠡᠮᠯᠡᠯ ᠢ ᠭᠤᠶᠤᠴᠢᠯᠠᠪᠠᠯ᠂ ᠰᠢᠯᠭᠠᠭᠤᠷᠢ ᠶᠢᠨ ᠨᠢᠭᠡ ᠪᠠ ᠭᠤᠷᠪᠠ ᠶᠢ ᠰᠢᠯᠭᠠᠭᠤᠯᠤᠨ᠎ᠠ︔ 2. ᠪᠤᠰᠤᠳ ᠳᠡᠰᠯᠡᠬᠦ ᠬᠡᠯᠪᠡᠷᠢ ᠶᠢᠨ ᠮᠠᠰᠢᠨ ᠲᠡᠷᠭᠡᠨ ᠤ ᠵᠢᠯᠤᠭᠤᠴᠢ ᠶᠢᠨ ᠦᠨᠡᠮᠯᠡᠯ ᠢ ᠭᠤᠶᠤᠴᠢᠯᠠᠪᠠᠯ᠂ ᠰᠢᠭᠤᠳ ᠬᠢᠨᠠᠨ ᠤᠯᠭᠤᠨ᠎ᠠ᠃ ᠭᠤᠷᠪᠠ᠂ ᠬᠦᠢᠴᠡᠳᠭᠡᠬᠦ ᠴᠤᠪᠤᠷᠠᠯ᠄      ᠭᠠᠷᠳᠠᠮ ᠢᠶᠠᠨ ᠪᠦᠷᠢᠳᠤᠭᠦᠯᠦᠭᠡᠳ ᠠᠰᠠᠭᠤᠵᠤ ᠯᠠᠪᠯᠠᠬᠤ ᠲᠠᠪᠴᠠᠩ ᠠᠴᠠ ᠳ᠋ᠤᠭᠠᠷ ᠠᠪᠤᠨ᠎ᠠ᠃      ᠬᠦᠯᠢᠶᠡᠬᠦ ᠲᠤᠭᠤᠷᠢᠭ ᠲᠤ ᠬᠦᠯᠢᠶᠡᠵᠦ ᠳ᠋ᠤᠭᠠᠷ ᠢ ᠳᠠᠭᠤᠳᠠᠪᠠᠯ ᠤᠴᠢᠵᠦ ᠲᠤᠬᠠᠶᠢᠯᠠᠭᠰᠠᠨ ᠠᠵᠢᠯ ᠢ ᠭᠦᠢᠴᠡᠳᠭᠡᠨ᠎ᠠ᠃        
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号