| ᠨᠠᠰᠤᠨ ᠲᠤᠷᠰᠢ ᠦᠪᠡᠷ ᠢᠶᠠᠨ ᠬᠡᠤᠬᠡᠳ ᠦᠭᠡᠢ ᠪᠣᠯᠪᠠᠴᠤ ᠦᠷ᠎ᠡ ᠠᠴᠢ ᠨᠠᠷ ᠨᠢ ᠭᠡᠷ ᠳᠦᠭᠦᠷᠡᠩ︔ ᠡᠩᠬᠦᠯ | ᠳᠤᠩᠬᠤᠯ ᠪᠡᠷᠬᠡ ᠪᠠᠷᠲᠠᠭ᠎ᠠ ᠶᠢ ᠲᠤᠭᠤᠯᠤᠭᠰᠠᠨ ᠴᠤ᠂ ᠮᠥᠨ ᠯᠡ ᠥᠷᠭᠡᠨ ᠳᠡᠯᠭᠡᠷ ᠬᠠᠶᠢᠷ᠎ᠠ ᠬᠠᠯᠠᠮᠵᠢ ᠲᠠᠢ ᠪᠠᠶᠢᠳᠠᠭ | ᠃ ᠬᠤᠪᠢ ᠵᠠᠶᠠᠭ᠎ᠠ ᠶᠢ ᠳᠠᠭᠠᠵᠤ᠂ ᠬᠠᠷᠠᠮᠰᠠᠯ ᠦᠭᠡᠢ᠂ ᠣᠯᠤᠭᠰᠠᠨ ᠬᠦᠨᠳᠦᠳᠭᠡᠯ ᠲᠤᠭ᠎ᠠ ᠲᠣᠮᠰᠢ ᠦᠭᠡᠢ ᠣᠯᠠᠨ᠃ | | ᠲᠡᠷᠡ ᠪᠣᠯ ᠳᠥᠷᠪᠡᠳ ᠤᠨ ᠲᠠᠯ᠎ᠠ ᠨᠤᠲᠤᠭ ᠤᠨ ᠪᠠᠭᠠᠲᠤᠷ ᠡᠵᠢ᠂ ᠲᠧᠯᠸᠢᠰ ᠵᠦᠴᠦᠭᠡ ︽ᠨᠠᠮ ᠵᠢᠮ ᠠᠮᠢᠨ | ᠭᠤᠤᠯ︾ ᠪᠠ ᠺᠢᠨᠣ᠋ ︽ᠲᠠᠯ᠎ᠠ ᠨᠤᠲᠤᠭ ᠤᠨ ᠡᠵᠢ ᠳᠦᠭᠦ᠋ᠢᠮ᠎ᠠ︾ ᠶᠢᠨ ᠤᠤᠯ ᠳᠦᠷᠢ᠃ ᠳᠦᠭᠦ᠋ᠢᠮ᠎ᠠ᠂ ᠲᠩᠷᠢ | ᠭᠠᠵᠠᠷ ᠢ ᠳᠣᠩᠰᠣᠯᠭᠠᠮ᠎ᠠ ᠠᠤᠭ᠎ᠠ ᠠᠵᠢᠯᠯᠠᠭ᠎ᠠ ᠭᠡᠵᠦ ᠪᠠᠶᠢᠬᠤ ᠦᠭᠡᠢ᠂ ᠵᠥᠪᠬᠡᠨ ᠬᠠᠶᠢᠷ᠎ᠠ ᠬᠠᠯᠠᠮᠵᠢ ᠪᠠᠷ ᠪᠢᠴᠢᠭᠰᠡᠨ | ᠡᠭᠡᠯ ᠵᠢᠷ ᠤᠨ ᠦᠯᠢᠭᠡᠷ ᠯᠡ ᠪᠠᠶᠢᠨ᠎ᠠ᠃ | ᠥᠨᠥᠳᠥᠷ ᠪᠢᠳᠡ ᠬᠠᠮᠲᠤ ᠪᠠᠷ ᠮᠣᠩᠭᠤᠯ ᠡᠮᠨᠡᠯᠭᠡ ᠶᠢᠨ ᠬᠥᠩᠭᠡᠵᠢᠭᠦᠯᠬᠦ ᠰᠠᠯᠠᠭᠠᠨ ᠤ ᠡᠮᠴᠢ ᠳᠦᠭᠦ᠋ᠢᠮ᠎ᠠ | ᠨᠠᠰᠤᠲᠠᠨ ᠲᠠᠢ ᠲᠠᠨᠢᠯᠴᠠᠵᠤ᠂ ᠡᠭᠡᠯ ᠶᠡᠷᠦᠮᠳᠡᠭ ᠢᠶᠠᠷ ᠳᠡᠯᠡᠬᠡᠢ ᠶᠢᠨ ᠬᠦᠮᠦᠰ ᠲᠤ ᠵᠢᠷ ᠤᠨ ᠪᠤᠰᠤ ᠲᠠᠯ᠎ᠠ ᠨᠤᠲᠤᠭ ᠤᠨ | ᠡᠵᠢ ᠪᠠᠨ ᠳᠡᠯᠭᠡᠨ ᠦᠵᠡᠭᠦᠯᠦᠨ᠎ᠡ᠃ | ᠲᠤᠪᠴᠢ ᠨᠠᠮᠲᠠᠷ᠄ ᠳᠦᠭᠦ᠋ᠢᠮ᠎ᠠ᠂ ᠮᠣᠩᠭᠤᠯ ᠦᠨᠳᠦᠰᠦᠲᠡᠨ᠂ 1942 ᠣᠨ ᠳᠤ ᠲᠥᠷᠥᠵᠡᠢ᠂ ᠥᠪᠥᠷ | ᠮᠣᠩᠭᠤᠯ ᠤᠨ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠨᠣᠮᠣᠭᠠᠨ ᠰᠤᠮᠤᠨ ᠤ ᠮᠠᠯᠴᠢᠨ᠂ | ᠬᠥᠩᠭᠡᠵᠢᠭᠦᠯᠬᠦ ᠰᠠᠯᠠᠭᠠᠨ ᠤ ᠨᠡᠷᠡᠲᠦ ᠡᠮᠴᠢ᠃ ᠲᠠᠷᠠ ᠦᠶ᠎ᠡ ᠳᠤ ᠰᠠᠶ᠋ᠢ 19 ᠨᠠᠰᠤᠲᠠᠶ ᠠᠴᠠ ᠪᠠᠨ ᠡᠬᠢᠯᠡᠵᠦ᠂ ᠲᠡᠷᠡ | ᠡᠩ ᠤᠨ ᠬᠥᠮᠦᠰ ᠤᠨ ᠲᠥᠰᠦᠭᠡᠯᠡᠬᠦᠶ᠎ᠡ ᠪᠡᠷᠬᠡ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠬᠦᠴᠢᠷ ᠪᠡᠷᠬᠡᠰᠢᠶᠡᠯ ᠢ | ᠲᠤᠭᠤᠯᠤᠨ ᠡᠮᠦᠨ᠎ᠡ ᠣᠷᠣᠨ ᠤ 28 ᠥᠨᠥᠴᠢᠨ ᠬᠡᠤᠬᠡᠳ ᠢ ᠦᠰᠭᠡᠵᠦ ᠬᠦᠮᠦᠨ ᠤ ᠵᠡᠷᠭᠡ ᠳᠤ ᠬᠦᠷᠭᠡᠭᠰᠡᠨ ᠪᠠᠶᠢᠨ᠎ᠠ᠃ | ᠲᠠᠷᠡ ᠴᠢᠩ ᠦᠨᠡᠨᠴᠢ ᠰᠡᠳᠬᠢᠯ ᠢᠶᠠᠷ ᠢᠶᠠᠨ ᠨᠢᠭᠡ ᠪᠦᠯᠦᠭ ᠵᠠᠯᠠᠭᠤ ᠡᠵᠢ ᠨᠠᠷ ᠤᠨ ᠠᠮᠢ ᠨᠠᠰᠤ ᠶᠢ ᠠᠪᠤᠷᠠᠵᠤ᠂ | ᠲᠠᠯ᠎ᠠ ᠨᠤᠲᠤᠭ ᠤᠨ ᠲᠥᠯᠥᠭᠡ ᠨᠢᠭᠡ ᠨᠠᠰᠤ ᠪᠠᠨ ᠵᠤᠷᠢᠭᠤᠯᠵᠤ ᠬᠠᠶᠢᠷ᠎ᠠ ᠬᠠᠯᠠᠮᠵᠢ ᠪᠠᠷ ᠢᠶᠠᠨ ᠭᠤᠶᠢᠳᠠ ᠰᠠᠶᠢᠬᠠᠨ | ᠠᠮᠢ ᠨᠠᠰᠤᠨ ᠤ ᠬᠥᠭᠵᠢᠮ ᠢ ᠪᠢᠴᠢᠭᠯᠡᠪᠡ᠃ ᠣᠯᠠᠨ ᠵᠢᠯ ᠤᠨ ᠲᠤᠷᠰᠢ᠂ ᠲᠡᠷᠡ ︽ᠳᠤᠮᠳᠠᠳᠤ ᠤᠯᠤᠰ ᠤᠨ ᠠᠷᠪᠠᠨ | ᠭᠠᠷᠮᠠᠭᠠᠶ ᠡᠵᠢ︾᠂ ︽ᠪᠦᠬᠦ ᠤᠯᠤᠰ ᠤᠨ ︿3 · 8﹀ ᠤ ᠤᠯᠠᠭᠠᠨ ᠲᠤᠭᠴᠢ︾᠂ ︽ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠡᠷᠢᠭᠦᠨ ᠤ ᠬᠤᠪᠢ ᠬᠥᠮᠦᠨ︾᠂ ᠥᠪᠡᠷᠲᠡᠭᠡᠨ ᠵᠠᠰᠠᠬᠤ ᠣᠷᠣᠨ ᠤ | ᠶᠣᠰᠣ ᠰᠤᠷᠲᠠᠬᠤᠨ ᠤ ᠵᠢᠱᠢᠶᠡᠴᠢ᠂ ᠪᠦᠬᠦ ᠤᠯᠤᠰ ᠤᠨ ᠶᠣᠰᠣ ᠰᠤᠷᠲᠠᠬᠤᠨ ᠤ ᠵᠢᠱᠢᠶᠡᠴᠢ ᠶᠢᠨ ᠨᠡᠷ᠎ᠡ ᠳᠤᠷᠠᠳᠤᠭᠰᠠᠨ | ᠱᠠᠩᠨᠠᠯ ᠵᠡᠷᠭᠡ ᠢᠷᠠᠭᠤ ᠠᠯᠳᠠᠷ ᠢ ᠬᠦᠷᠲᠡᠪᠡ᠃ | ᠠᠨᠢᠷ ᠦᠭᠡᠢ ᠡᠭᠡ ᠶᠢᠨ ᠬᠠᠶᠢᠷ᠎ᠠ᠂ ᠱᠠᠩᠬᠠᠶ ᠶᠢᠨ 28 ᠥᠨᠥᠴᠢᠨ ᠬᠡᠤᠬᠡᠳ ᠢ ᠦᠰᠭᠡᠪᠡ | ᠳᠡᠭᠡᠷ᠎ᠡ ᠵᠠᠭᠤᠨ ᠤ ᠵᠢᠷᠠᠭᠠᠳ ᠤᠨ ᠡᠬᠢ ᠪᠠᠷ᠂ ᠡᠳ᠋ ᠪᠣᠳᠠᠰ ᠬᠤᠮᠰᠠ᠂ ᠢᠳᠡᠭᠡᠨ ᠤ ᠵᠦᠶ᠋ᠯ ᠣᠨᠴᠠ | ᠳᠤᠲᠠᠭᠳᠠᠭᠰᠠᠨ ᠠᠴᠠ ᠪᠣᠯᠵᠤ᠂ ᠱᠠᠩᠬᠠᠶ ᠶᠢᠨ 3000 ᠭᠠᠷᠤᠶ ᠥᠨᠥᠴᠢᠨ ᠬᠡᠤᠬᠡᠳ ᠶᠡᠷᠦᠩᠬᠡᠶ ᠰᠠᠶᠢᠳ ᠵᠧᠤ ᠡᠸ᠋ᠨ | ᠯᠠᠶ ᠪᠣᠯᠤᠨ ᠤᠯᠠᠭᠠᠨᠬᠦᠤ ᠨᠥᠬᠦᠷ ᠤᠨ ᠲᠣᠬᠢᠷᠠᠭᠤᠯᠭ᠎ᠠ ᠪᠠᠷ ᠥᠪᠥᠷ ᠮᠣᠩᠭᠤᠯ ᠤᠨ ᠲᠠᠯ᠎ᠠ ᠨᠤᠲᠤᠭ ᠲᠤ ᠬᠦᠷᠭᠡᠭᠳᠡᠵᠦ | ᠢᠷᠡᠭᠰᠡᠨ ᠪᠢᠯᠡ᠃ ᠮᠠᠯᠴᠢᠳ ᠲᠡᠭᠦᠨ ᠢ ᠳᠣᠲᠣᠨᠣᠰᠤᠭ ᠢᠶᠠᠷ ︽ᠤᠯᠤᠰ ᠤᠨ ᠬᠡᠤᠬᠡᠳ︾ ᠭᠡᠵᠦ ᠨᠡᠷᠡᠯᠡᠪᠡ᠃ 19 | ᠨᠠᠰᠤᠲᠠᠶ ᠳᠦᠬᠦ᠋ᠢᠮᠠ ᠶᠢᠨ ᠰᠤᠷᠭᠠᠭᠤᠯᠢ ᠳᠠᠬᠢ ᠬᠢᠷᠢ ᠪᠦᠲᠦᠮᠵᠢ ᠨᠢ ᠰᠠᠶᠢᠨ᠂ ᠢᠯᠡᠷᠡᠯ ᠨᠢ ᠲᠣᠪᠤᠶᠢᠮ᠎ᠠ ᠪᠣᠯᠬᠤᠷ | 28 ᠥᠨᠥᠴᠢᠨ ᠬᠡᠤᠬᠡᠳ ᠢ ᠬᠠᠷᠠᠭᠠᠯᠵᠠᠬᠤ ᠪᠠᠷ ᠬᠤᠪᠢᠶᠠᠭᠳᠠᠵᠠᠶ᠃ | ︽ᠲᠤᠬᠠᠶ ᠶᠢᠨ ᠦᠶ᠎ᠡ ᠳᠤ 28 ᠬᠡᠤᠬᠡᠳ ᠤᠨ ᠳᠣᠲᠣᠷᠠᠬᠢ ᠬᠠᠮᠤᠭ ᠤᠨ ᠪᠠᠭ᠎ᠠ ᠨᠢ ᠳᠠᠯᠠᠢ ᠰᠠᠶ᠋ᠢ ᠰᠠᠷ᠎ᠠ | ᠳᠦᠭᠦᠷᠴᠦ᠂ ᠬᠠᠮᠤᠭ ᠤᠨ ᠶᠡᠭᠡ ᠨᠢ ᠴᠦ 6 ᠨᠠᠰᠤᠲᠠᠶ ᠪᠠᠶᠢᠪᠠ᠂ ᠶᠠᠭ ᠯᠠ ᠲᠠᠯ᠎ᠠ ᠨᠤᠲᠤᠭ ᠤᠨ ᠬᠤᠷᠠᠭ᠎ᠠ ᠰᠢᠭ᠋᠂ | ᠲᠡᠳᠡᠨ ᠤ ᠥᠯᠥᠰᠬᠦᠯᠡᠩ ᠪᠠᠶᠢᠳᠠᠯ ᠢ ᠬᠠᠷᠠᠭᠠᠳ᠂ ᠪᠢ ᠲᠠᠯ᠎ᠠ ᠨᠤᠲᠤᠭ ᠲᠡᠳᠡᠨ ᠢ ᠡᠷᠡᠭᠦᠯ ᠴᠢᠭᠢᠷᠠᠭ ᠢᠶᠠᠷ ᠥᠰᠬᠡᠨ | ᠪᠤᠶᠢᠵᠢᠭᠤᠯᠵᠤ ᠴᠢᠳᠠᠨ᠎ᠠ ᠭᠡᠵᠦ ᠪᠤᠳᠤᠭᠠᠳ᠂ ᠭᠡᠷ ᠲᠡᠭᠡᠨ ᠠᠪᠴᠢᠷᠠᠭᠰᠠᠨ ᠶᠤᠮ᠃ ᠲᠡᠳᠡᠨ ᠤ ᠢᠳᠡᠵᠦ ᠤᠤᠭᠤᠬᠤ | ᠬᠤᠨᠣᠵᠤ ᠬᠡᠪᠲᠡᠬᠦ ᠠᠴᠠ ᠡᠬᠢᠯᠡᠭᠡᠳ ᠭᠥᠯᠲᠥᠭ ᠢ ᠨᠢ ᠰᠣᠯᠢᠬᠤ ᠵᠡᠷᠭᠡ ᠶᠢ ᠪᠢ ᠪᠦᠷ ᠴᠢᠳᠠᠬᠤ ᠦᠭᠡᠢ᠂ ᠵᠥᠪᠬᠡᠨ | ᠠᠯᠬᠤᠮ ᠠᠯᠬᠤᠮ ᠢᠶᠠᠷ ᠰᠤᠷᠬᠤ ᠬᠡᠷᠡᠭᠲᠡᠶ᠃︾ ᠭᠡᠵᠦ ᠳᠦᠭᠦ᠋ᠢᠮ᠎ᠠ ᠨᠠᠰᠤᠲᠠᠨ ᠡᠷᠭᠢᠴᠡᠭᠦᠯᠦᠨᠠ᠃ ᠡᠭᠦᠨ ᠤ | ᠲᠥᠯᠥᠭᠡ᠂ ᠡᠨᠡ ᠬᠦ ᠤᠷᠤᠭᠯᠠᠭᠠᠳᠤᠶ ᠬᠡᠤᠬᠡᠨ ᠡᠩ ᠤᠨ ᠬᠥᠮᠦᠰ ᠤᠨ ᠲᠥᠰᠦᠭᠡᠯᠡᠬᠦᠶ᠎ᠡ ᠪᠡᠷᠬᠡ ᠬᠦᠴᠢᠷ | ᠪᠡᠷᠬᠡᠰᠢᠶᠡᠯ ᠢ ᠢᠯᠠᠨ ᠳᠠᠪᠠᠵᠤ᠂ ᠡᠳᠦᠷᠵᠢᠨ ᠶᠠᠭᠠᠷᠠᠭᠠᠳ ᠲᠦᠢᠯ ᠳᠠᠭᠠᠨ ᠲᠤᠯᠵᠠᠶ᠃ | ᠦᠨᠡᠨ ᠳᠡᠭᠡᠨ ᠳᠦᠭᠦ᠋ᠢᠮ᠎ᠠ ᠥᠪᠡᠷ ᠢᠶᠠᠷ ᠴᠦ ᠥᠨᠥᠴᠢᠨ ᠬᠡᠤᠬᠡᠳ ᠪᠠᠶᠢᠵᠤ᠂ 4 ᠨᠠᠰᠤᠲᠠᠶ ᠠᠪᠤ ᠡᠵᠢ ᠨᠢ | ᠨᠠᠰᠤ ᠪᠠᠷᠠᠵᠤ᠂ ᠨᠠᠭᠠᠴᠤ ᠡᠵᠢ ᠨᠢ ᠦᠰᠭᠡᠭᠰᠡᠨ ᠪᠣᠯᠬᠤᠷ᠂ ᠳᠦᠭᠦ᠋ᠢᠮ᠎ᠠ ᠡᠳᠡᠭᠡᠷ ᠥᠨᠥᠴᠢᠨ ᠬᠡᠤᠬᠡᠳ ᠲᠤ ᠨᠢᠭᠡ | ᠵᠦᠢᠯ ᠤᠨ ᠣᠨᠴᠠᠭᠠᠢ ᠬᠠᠶᠢᠷ᠎ᠠ ᠰᠡᠳᠬᠢᠯᠭᠡ ᠲᠠᠢ ᠪᠣᠯᠵᠠᠶ᠃ ︽ᠮᠠᠨ ᠤ ᠮᠣᠩᠭᠤᠯ ᠦᠨᠳᠦᠰᠦᠲᠡᠨ ᠤ ᠤᠯᠠᠮᠵᠢᠯᠠᠯᠲᠤ | ᠵᠠᠩᠰᠢᠯ ᠢᠶᠠᠷ᠂ ᠪᠢᠳᠡ ᠬᠤᠪᠴᠠᠰᠤ ᠬᠤᠨᠠᠷ ᠠᠪᠴᠤ ᠲᠡᠳᠡᠨ ᠳᠤ ᠡᠮᠦᠰᠬᠡᠪᠡ᠂ ᠡᠨᠡ ᠨᠢ ᠡᠳᠡᠭᠡᠷ ᠥᠨᠥᠴᠢᠨ ᠬᠡᠤᠬᠡᠳ | ᠲᠠᠯ᠎ᠠ ᠨᠤᠲᠤᠭ ᠳᠡᠭᠡᠷ᠎ᠡ ᠳᠠᠬᠢᠨ ᠠᠮᠢᠯᠠᠨ ᠠᠮᠢᠳᠤᠷᠠᠬᠤ ᠪᠣᠯᠤᠭᠰᠠᠨ ᠢ ᠬᠠᠷᠠᠭᠤᠯᠵᠤ ᠪᠠᠶᠢᠨ᠎ᠠ︾ ᠭᠡᠪᠡ᠃ | ᠱᠠᠩᠬᠠᠶ ᠶᠢᠨ 28 ᠥᠨᠥᠴᠢᠨ ᠬᠡᠤᠬᠡᠳ ᠡᠪᠡᠳᠴᠢᠨ ᠢᠶᠠᠷ ᠵᠡᠮᠳᠡᠭ ᠪᠤᠯᠤᠭᠰᠠᠨ ᠪᠤᠶᠤ ᠨᠠᠰᠤ ᠪᠠᠷᠠᠭᠰᠠᠨ | ᠬᠥᠮᠦᠨ ᠨᠢᠭᠡ ᠴᠦ ᠦᠭᠡᠢ᠂ ᠲᠡᠷᠡ ᠬᠦ ᠡᠮ ᠳᠠᠩ ᠳᠤᠲᠠᠭᠳᠠᠵᠤ ᠪᠠᠶᠢᠭᠰᠠᠨ ᠮᠥᠷᠲᠡᠭᠡᠨ ᠦᠷᠭᠦᠯᠵᠢ ᠥᠯᠥᠰᠴᠦ | ᠥᠯᠪᠡᠷᠴᠦ ᠪᠠᠶᠢᠭᠰᠠᠨ ᠤᠨ ᠰᠠᠷ᠎ᠠ ᠳᠤ ᠨᠢᠭᠡᠨ ᠭᠠᠶᠢᠬᠠᠮᠰᠢᠭ ᠢ ᠡᠭᠦᠳᠴᠡᠶ᠃ ︽ᠡᠮᠦᠨᠡᠲᠦ ᠣᠷᠣᠨ ᠠᠴᠠ ᠢᠷᠡᠭᠰᠡᠨ | ᠡᠳᠡᠭᠡᠷ ᠬᠡᠤᠬᠡᠳ ᠢ ᠠᠯᠬᠤᠮ ᠠᠯᠬᠤᠮ ᠢᠶᠠᠷ ᠲᠠᠯ᠎ᠠ ᠨᠤᠲᠤᠭ ᠤᠨ ᠠᠮᠢᠳᠤᠷᠠᠯ ᠳᠤ ᠵᠣᠬᠢᠴᠠᠭᠤᠯᠬᠤ ᠶᠢᠨ ᠲᠥᠯᠥᠭᠡ᠂ | ᠬᠦᠬᠡᠬᠤᠲᠠ ᠠᠴᠠ ᠲᠡᠳᠡᠨ ᠢ ᠲᠤᠰᠴᠤ ᠠᠪᠴᠢᠷᠠᠭᠰᠠᠨ ᠤ ᠳᠠᠷᠠᠭ᠎ᠠ᠂ ᠲᠡᠳᠡ ᠤᠷᠢᠳ ᠢᠶᠠᠷ ᠬᠤᠰᠢᠭᠤᠨ ᠳᠠᠭᠠᠨ 6 | ᠰᠠᠷ᠎ᠠ ᠭᠠᠷᠤᠶ ᠲᠥᠪᠯᠡᠷᠡᠭᠦᠯᠦᠨ ᠠᠰᠠᠷᠠᠨ ᠲᠡᠵᠢᠭᠡᠵᠦ᠂ ᠰᠤᠮᠤ ︵ᠪᠠᠯᠭᠠᠰᠤ︶ ᠳᠤ 9 ᠰᠠᠷ᠎ᠠ ᠲᠥᠪᠯᠡᠷᠡᠭᠦᠯᠦᠨ | ᠠᠰᠠᠷᠠᠨ ᠲᠡᠵᠢᠭᠡᠵᠦ᠂ ᠳᠠᠷᠠᠭ᠎ᠠ ᠨᠢ ᠰᠠᠶ᠋ᠢ ᠠᠯᠭᠤᠷ ᠠᠭᠠᠵᠢᠮ ᠢᠶᠠᠷ ᠮᠠᠯᠴᠢᠳ ᠭᠡᠷ ᠲᠡᠭᠡᠨ ᠲᠤᠰᠴᠤ ᠠᠪᠴᠢᠷᠠᠵᠠᠢ᠃︾ | ᠲᠠᠳᠡ ᠥᠰᠴᠦ ᠪᠤᠵᠠᠭᠠᠶᠢᠷᠠᠬᠤ ᠪᠦᠷᠢ ᠪᠤᠰᠤᠳ ᠬᠥᠮᠦᠨ ᠲᠡᠭᠦᠨ ᠢ ᠲᠤᠰᠴᠤ ᠠᠪᠠᠴᠢᠳᠠᠭ᠂ ᠲᠡᠷᠡ 28 | ᠤᠳᠠᠭᠠᠨ ᠤ ᠵᠣᠪᠠᠯᠠᠩᠲᠤ ᠰᠠᠯᠤᠯᠲᠠ ᠶᠢ ᠥᠩᠭᠡᠷᠡᠭᠡᠵᠡᠶ᠃ ᠲᠡᠷᠡ 28 ᠬᠡᠤᠬᠡᠳ ᠢ ᠠᠰᠠᠷᠠᠨ ᠲᠡᠵᠢᠭᠡᠵᠦ ᠥᠰᠬᠡᠭᠰᠡᠨ | ᠪᠣᠯᠪᠠᠴᠤ ᠥᠪᠡᠷ ᠢᠶᠠᠷ ᠬᠠᠷᠢᠨ ᠭᠠᠭᠴᠠᠭᠠᠷ ᠦᠯᠡᠳᠡᠵᠡᠶ᠂ ᠭᠡᠪᠡᠴᠦ ᠲᠡᠷᠡ ︽ᠡᠬᠡ ᠶᠢᠨ ᠬᠠᠶᠢᠷ᠎ᠠ ᠮᠢᠨᠦ ᠠᠮᠢ | ᠨᠠᠰᠤ ᠶᠢ ᠪᠦᠷᠢᠨ ᠲᠡᠭᠦᠯᠳᠡᠷ ᠮᠥᠷᠲᠡᠭᠡᠨ ᠵᠣᠯ ᠵᠢᠷᠭᠠᠯ ᠲᠠᠢ ᠪᠣᠯᠭᠠᠵᠠᠶ︾ ᠭᠡᠵᠦ ᠬᠡᠯᠡᠪᠡ᠃ ᠡᠳᠦᠭᠡ ᠡᠯ᠎ᠡ ᠭᠠᠵᠠᠷ᠂ | ᠡᠯ᠎ᠡ ᠠᠵᠢᠯ ᠶᠢᠨ ᠪᠠᠶᠢᠷᠢ ᠳᠡᠭᠡᠷᠡᠬᠢ ᠳᠤᠭᠤᠶ ᠬᠡᠤᠬᠡᠳ ᠤᠨ ᠦᠷ᠎ᠡ ᠬᠡᠤᠬᠡᠳ ᠨᠢ ᠮᠥᠨ ᠴᠦ ᠡᠨᠡ ᠬᠥᠭᠰᠢᠨ ᠡᠵᠢ ᠳᠤ | ᠰᠠᠯᠵᠤ ᠶᠠᠳᠠᠬᠤ ᠪᠠᠶᠢᠳᠠᠯ ᠲᠠᠢ ᠪᠠᠶᠢᠵᠤ᠂ ᠳᠤᠭᠤᠶ ᠳᠤᠭᠤᠶ ᠬᠥᠮᠦᠨ ᠪᠦᠬᠦᠨ ᠡᠨᠡ ᠬᠦ ᠴᠢᠰᠤᠨ ᠲᠥᠷᠥᠯ ᠠᠴᠠ | ᠳᠠᠪᠠᠭᠰᠠᠨ᠂ ᠦᠨᠳᠦᠰᠦᠲᠡᠨ ᠠᠴᠠ ᠳᠠᠪᠠᠭᠰᠠᠨ ᠡᠬᠡ ᠶᠢᠨ ᠬᠠᠶᠢᠷ᠎ᠠ ᠳᠤ ᠰᠡᠳᠬᠢᠯ ᠳᠣᠭᠳᠣᠯᠤᠨ᠎ᠠ᠃ | 1980 ᠣᠨ ᠳᠤ ᠨᠣᠮᠣᠨ ᠰᠤᠮᠤ ᠶᠢᠨ ᠳᠦᠷᠪᠡ ᠲᠠᠪᠤᠬᠠᠨ ᠨᠠᠰᠤᠲᠠᠶ ᠮᠥᠩᠬᠡᠵᠢᠶᠠᠭᠠ ᠠᠬ᠎ᠠ ᠳᠡᠭᠦᠤ | ᠬᠤᠶᠠᠭᠤᠯᠠ ᠶᠢᠨ ᠡᠴᠢᠭᠡ ᠡᠬᠡ ᠨᠢ ᠤᠷᠢᠳ ᠬᠤᠵᠢᠳ ᠨᠠᠰᠤ ᠪᠠᠷᠠᠵᠤ᠂ ᠳᠦᠭᠦ᠋ᠢᠮ᠎ᠠ ᠪᠠᠰᠠ ᠥᠮᠥᠭ ᠲᠦᠰᠢᠭ | ᠦᠭᠡᠢ ᠲᠡᠳᠡᠨ ᠢ ᠭᠡᠷ ᠲᠡᠭᠡᠨ ᠲᠤᠰᠴᠤ ᠠᠪᠴᠢᠷᠠᠨ᠂ ᠢᠳᠡᠵᠦ ᠤᠤᠭᠤᠬᠤ ᠪᠠᠨ ᠭᠠᠮᠨᠠᠵᠤ᠂ ᠲᠡᠳᠡᠨ ᠢ | ᠰᠤᠷᠭᠠᠭᠤᠯᠢ ᠳᠤ ᠰᠠᠭᠤᠯᠭᠠᠵᠤ᠂ ᠴᠡᠷᠢᠭ ᠲᠤ ᠣᠷᠣᠭᠤᠯᠤᠨ᠂ ᠴᠡᠷᠢᠭ ᠠᠴᠠ ᠬᠠᠯᠠᠭᠳᠠᠭᠰᠠᠨ ᠤ ᠳᠠᠷᠠᠭ᠎ᠠ ᠪᠠᠰᠠ | ᠲᠡᠳᠡᠨ ᠤ ᠭᠡᠷ ᠪᠦᠯᠢ ᠪᠠᠶᠢᠭᠤᠯᠵᠤ ᠥᠭᠴᠡᠶ᠃ | ᠮᠠᠯᠴᠢᠨ ᠯᠠᠴᠢᠰᠡᠷᠡᠩ ᠬᠡᠳᠦᠨ ᠵᠢᠯ ᠤᠨ ᠡᠮᠦᠨ᠎ᠡ ᠲᠠᠮᠪᠠᠷᠠᠵᠤ ᠬᠡᠪᠲᠡᠷᠢ ᠳᠤ ᠣᠷᠣᠭᠰᠠᠨ ᠳᠤ᠂ ᠳᠦᠭᠦ᠋ᠢᠮ᠎ᠠ | ᠪᠠᠰᠠ ᠲᠡᠭᠦᠨ ᠢ ᠬᠠᠷᠠᠭᠠᠯᠵᠠᠨ ᠲᠡᠳᠬᠦᠬᠦ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠡᠶ᠃ | ᠬᠠᠷᠠᠬᠠᠨ ᠪᠠᠭ᠎ᠠ ᠠᠴᠠ ᠪᠠᠨ ᠠᠪᠤ ᠡᠵᠢ ᠨᠢ ᠴᠥᠮ ᠨᠠᠰᠤ ᠪᠠᠷᠠᠵᠤ᠂ ᠡᠷ᠎ᠡ ᠨᠥᠬᠦᠷ ᠨᠢ ᠡᠷᠲᠡ ᠨᠠᠰᠤ ᠪᠠᠷᠠᠵᠤ᠂ | ᠥᠪᠡᠷ ᠢᠶᠠᠷ ᠨᠠᠰᠤᠨ ᠲᠤᠷᠰᠢ ᠦᠷ᠎ᠡ ᠬᠡᠤᠬᠡᠳ ᠦᠭᠡᠢ᠂ ᠬᠤᠪᠢ ᠵᠠᠶᠠᠭ᠎ᠠ ᠨᠢ ᠨᠤᠭᠤᠷᠠᠯ ᠪᠦᠳᠦᠷᠢᠯ ᠳᠤ | ᠤᠴᠠᠷᠠᠭᠰᠠᠨ ᠪᠤᠯᠪᠠᠴᠤ ᠳᠦᠭᠦ᠋ᠢᠮ᠎ᠠ ᠨᠠᠰᠤᠲᠠᠨ ᠬᠤᠪᠢ ᠵᠠᠶᠠᠭᠠᠨ ᠳᠤ ᠪᠠᠨ ᠲᠣᠯᠣᠭᠠᠶ ᠪᠥᠬᠦ᠋ᠢᠭᠰᠡᠨ ᠦᠭᠡᠢ | ᠮᠥᠷᠲᠡᠭᠡᠨ ᠬᠠᠷᠢᠨ ᠥᠪᠡᠷ ᠤᠨ ᠠᠭᠤᠤ ᠶᠡᠭᠡ ᠬᠠᠶᠢᠷ᠎ᠠ ᠰᠡᠳᠬᠢᠯᠭᠡ ᠪᠠᠷ ᠢᠶᠠᠨ 28 ᠥᠨᠥᠴᠢᠨ ᠬᠡᠤᠬᠡᠳ ᠪᠤᠯᠤᠨ | ᠲᠠᠯ᠎ᠠ ᠨᠤᠲᠤᠭ ᠤᠨ ᠠᠬ᠎ᠠ ᠳᠡᠭᠦᠤ ᠨᠡᠷ ᠲᠤ ᠭᠦᠨ ᠵᠤᠵᠠᠭᠠᠨ ᠬᠠᠶᠢᠷ᠎ᠠ ᠬᠠᠯᠠᠮᠵᠢ ᠶᠢ ᠠᠪᠴᠢᠷᠠᠵᠤ ᠥᠭᠴᠡᠶ᠃ ᠲᠠᠷᠠ | ᠵᠦᠪᠬᠡᠨ ᠬᠠᠯᠠᠭᠤᠨ ᠰᠡᠳᠬᠢᠯ ᠪᠠᠶᠢᠭᠠᠳ ᠡᠮᠨᠡᠯᠭᠡ ᠶᠢᠨ ᠮᠡᠳᠡᠯᠭᠡ ᠦᠭᠡᠢ ᠪᠤᠯᠬᠤ ᠦᠭᠡᠢ ᠪᠤᠯ ᠬᠢᠵᠦ ᠳᠡᠶᠢᠯᠬᠦ ᠨᠢ | ᠮᠦᠨ ᠬᠢᠵᠠᠭᠠᠷᠲᠠᠢ ᠪᠤᠯᠬᠤ ᠶᠢ ᠰᠡᠷᠡᠵᠤ ᠮᠡᠳᠡᠵᠡᠢ᠃ ᠦᠰᠦᠭ ᠲᠠᠨᠢᠬᠤ ᠦᠭᠡᠢ ᠪᠠᠶᠢᠭᠠᠳ ᠬᠠᠷᠢᠨ ᠲᠤᠬᠠᠶ ᠶᠢᠨ | ᠭᠠᠵᠠᠷ ᠤᠨ ᠬᠥᠩᠭᠡᠵᠢᠭᠦᠯᠬᠦ ᠰᠠᠯᠠᠭᠠᠨ ᠨᠡᠷᠡᠲᠦ ᠡᠮᠴᠢ ᠪᠤᠯᠵᠠᠢ᠃ ᠳᠦᠭᠦ᠋ᠢᠮ᠎ᠠ ᠶᠢᠨ ᠪᠠᠶᠢᠭ᠎ᠠ ᠳᠥᠷᠪᠡᠳ ᠤᠨ ᠲᠠᠯ᠎ᠠ | ᠨᠤᠲᠤᠭ ᠭᠠᠵᠠᠷ ᠠᠭᠤᠳᠠᠮ ᠬᠥᠮᠦᠨ ᠰᠡᠶᠢᠷᠡᠭ᠂ ᠵᠠᠮ ᠬᠠᠷᠢᠯᠴᠠᠭ᠎ᠠ ᠳᠥᠭᠦᠮ ᠦᠭᠡᠢ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠨᠥᠬᠦᠴᠡᠯ ᠮᠠᠰᠢ ᠬᠤᠴᠣᠷᠤᠩᠭᠤᠶ ᠪᠠᠶᠢᠳᠠᠭ᠃ ᠤᠳᠠᠭᠠᠨ ᠵᠢᠯ ᠤᠨ ᠨᠡᠭᠦᠳᠡᠯᠯᠡᠨ ᠮᠠᠯᠵᠢᠬᠤ | ᠠᠮᠢᠳᠤᠷᠠᠯ ᠨᠢ ᠮᠠᠯᠴᠢᠳ ᠤᠨ ᠪᠡᠶ᠎ᠡ ᠰᠡᠳᠬᠢᠯ ᠤᠨ ᠡᠷᠡᠭᠦᠯ ᠴᠢᠭᠢᠷᠠᠭ ᠢ ᠬᠦᠨᠳᠦ ᠨᠣᠴᠢᠲᠠᠶ ᠨᠥᠯᠥᠭᠡᠯᠡᠵᠦ᠂ ᠴᠥᠭᠡᠨ | ᠪᠤᠰᠤ ᠮᠠᠯᠴᠢᠳ ᠬᠠᠭᠠᠰ ᠨᠠᠰᠤ ᠶᠢ ᠥᠩᠭᠡᠷᠡᠪᠡᠯ ᠡᠪᠡᠳᠴᠢᠨ ᠡᠮᠭᠡᠭ ᠲᠤ ᠣᠷᠢᠶᠠᠭᠳᠠᠵᠤ᠂ ᠬᠥᠩᠭᠡᠵᠢᠬᠦ ᠨᠢ ᠨᠠᠩ ᠴᠤ | ᠲᠤᠬᠠᠶ ᠶᠢᠨ ᠭᠠᠵᠠᠷ ᠤᠨ ᠡᠮᠡᠭᠲᠡᠶᠢᠴᠦᠳ ᠤᠨ ᠡᠮᠦᠨ᠎ᠡ ᠬᠥᠨᠳᠡᠯᠢᠰᠴᠦ ᠪᠠᠶᠢᠭ᠎ᠠ ︽ᠴᠢᠳᠬᠦᠷ ᠤᠨ ᠪᠣᠭᠤᠮᠲᠠ︾ | ᠪᠤᠯᠵᠠᠢ᠃ ᠬᠡᠴᠢᠨᠡᠨ ᠣᠯᠠᠨ ᠬᠥᠩᠭᠡᠵᠢᠭᠴᠢ ᠡᠮᠡᠭᠲᠠᠶᠢᠴᠤᠳ ᠡᠭᠦᠨ ᠠᠴᠠ ᠪᠣᠯᠵᠤ ᠨᠠᠰᠤᠨ ᠲᠤᠷᠰᠢ ᠵᠣᠪᠠᠵᠤ᠂ | ᠴᠠᠭᠠᠰᠢᠯᠠᠭᠠᠳ ᠠᠮᠢ ᠪᠠᠨ ᠠᠯᠳᠠᠵᠠᠢ᠃ | ᠲᠤᠬᠠᠶ ᠶᠢᠨ ᠦᠶ᠎ᠡ ᠳᠤ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠡᠷᠬᠢᠯᠡᠭᠴᠢ ᠪᠠᠶᠢᠭᠰᠠᠨ | ᠳᠦᠭᠦ᠋ᠢᠮ᠎ᠠ ᠮᠠᠯᠴᠢᠳ ᠤᠨ ᠡᠪᠡᠳᠴᠢᠨ ᠡᠮᠭᠡᠭ ᠤᠨ ᠲᠠᠷᠴᠢᠯᠠᠭᠠᠯ ᠪᠠ ᠦᠬᠦᠯ ᠤᠨ ᠰᠦᠷᠳᠡᠭᠦᠯᠦᠯ ᠳᠤ | ᠤᠴᠠᠷᠠᠭᠰᠠᠨ ᠢ ᠦᠵᠡᠭᠡᠳ᠂ ᠳᠣᠲᠣᠷ᠎ᠠ ᠨᠢ ᠬᠡᠯᠡᠵᠦ ᠭᠠᠷᠤᠰᠢ ᠦᠭᠡᠢ ᠡᠮᠭᠡᠨᠢᠯ ᠲᠠᠢ ᠪᠠᠶᠢᠯ᠎ᠠ᠃ ᠨᠢᠭᠡ ᠵᠦᠢᠯ ᠤᠨ | ᠡᠷᠡᠰ ᠵᠣᠷᠢᠭ ᠲᠠᠭᠠᠨ ᠡᠷᠲᠤᠵᠤ᠂ ᠦᠰᠦᠭ ᠲᠠᠨᠢᠬᠤ ᠦᠭᠡᠢ ᠲᠡᠷᠡ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ | ᠲᠤᠬᠠᠶ ᠶᠢᠨ ᠭᠠᠵᠠᠷ ᠤᠨ ᠢᠶᠠᠨ ᠠᠯᠳᠠᠷᠲᠤ ᠬᠥᠩᠭᠡᠵᠢᠭᠦᠯᠬᠦ ᠰᠠᠯᠠᠭᠠᠨ ᠤ ᠡᠮᠴᠢᠯ ᠪᠣᠯᠵᠠᠶ᠃ | 1974 ᠣᠨ ᠳᠤ᠂ ᠲᠡᠷᠡ ᠲᠥᠷᠥᠯ ᠰᠠᠳᠤᠨ ᠨᠠᠶᠢᠵᠠ ᠨᠥᠬᠦᠳ ᠤᠨ ᠢᠶᠠᠨ ᠢᠳᠬᠠᠯ ᠢ ᠦᠯᠦ ᠬᠠᠶᠢᠬᠤᠷᠤᠨ᠂ | ᠬᠤᠰᠢᠭᠤ ᠡᠮᠨᠡᠯᠭᠡ ᠶᠢᠨ ᠬᠤᠷᠢᠶᠠᠨ ᠤ ᠰᠤᠷᠤᠯᠴᠠᠯᠭ᠎ᠠ ᠪᠣᠯᠪᠠᠰᠤᠷᠠᠯ ᠳᠤ ᠢᠳᠡᠪᠬᠢᠯᠡᠨ ᠣᠷᠣᠯᠴᠠᠪᠠ᠃ ᠤᠳᠤ | ᠦᠶ᠎ᠡ ᠶᠢᠨ ᠠᠨᠠᠭᠠᠬᠤ ᠤᠬᠠᠭᠠᠨ ᠤ ᠮᠡᠳᠡᠯᠭᠡ ᠶᠢᠨ ᠤᠬᠢᠶᠠᠯ ᠨᠢ ᠰᠣᠶᠣᠯ ᠤᠨ ᠰᠠᠭᠤᠷᠢ ᠪᠠᠷ ᠲᠦᠢᠯ ᠤᠨ ᠠᠨᠠᠶ | ᠳᠦᠭᠦ᠋ᠢᠮ᠎ᠠ ᠳᠤ ᠠᠪᠴᠤ ᠬᠡᠯᠡᠪᠡᠯ᠂ ᠴᠠᠰᠤ ᠰᠢᠭᠤᠷᠭᠠᠨ᠂ ᠳᠣᠭᠰᠢᠨ ᠰᠠᠯᠬᠢ ᠲᠠᠢ ᠲᠡᠮᠡᠴᠡᠯᠳᠦᠬᠦ ᠠᠴᠠ ᠬᠤᠯᠠ | ᠢᠯᠡᠭᠦᠤ ᠬᠦᠴᠢᠷ ᠪᠡᠷᠬᠡᠰᠢᠶᠡᠯ ᠲᠠᠢ ᠪᠠᠶᠢᠳᠠᠭ᠃ ᠭᠡᠪᠡᠴᠦ ᠬᠦᠴᠢᠷ ᠠᠴᠠ ᠠᠶᠤᠬᠤ ᠨᠢ ᠳᠦᠭᠦ᠋ᠢᠮ᠎ᠠ ᠶᠢᠨ ᠵᠠᠩ ᠪᠢᠰᠢ᠂ | ᠪᠤᠰᠤᠳ ᠤᠨ ᠨᠢᠭᠡ ᠡᠳᠦᠷ ᠰᠣᠷᠣᠭᠰᠠᠨ ᠶᠠᠭᠤᠮ᠎ᠠ ᠶᠢ ᠲᠡᠷᠡ ᠬᠤᠶᠠᠷ ᠡᠳᠦᠷ ᠪᠤᠶᠤ ᠴᠢᠨᠠᠭᠰᠢᠯᠠᠪᠠᠯ ᠨᠡᠩ ᠤᠷᠲᠤ | ᠴᠠᠭ ᠵᠠᠷᠤᠴᠠᠭᠤᠯᠵᠤ ᠪᠠᠶᠢᠭᠠᠳ ᠡᠵᠡᠮᠰᠢᠵᠦ᠂ ᠮᠠᠯ ᠮᠠᠯᠵᠢᠬᠤ ᠶᠢᠨ ᠳᠠᠭᠠᠤ ᠰᠤᠷᠤᠯᠴᠠᠵᠤ᠂ ᠣᠷᠴᠢᠨ ᠲᠣᠭᠤᠷᠢᠨ ᠤ | ᠵᠠᠭᠤᠨ ᠺᠢᠯᠣᠮᠧᠳ᠋ᠷ ᠤᠨ ᠳᠣᠲᠣᠷᠠᠬᠢ ᠡᠮᠡᠭᠲᠡᠶᠢᠴᠦᠳ ᠤᠨ ᠰᠠᠯᠠᠭᠠᠨ ᠤ ᠡᠮᠴᠢ ᠠᠴᠠ ᠳᠠᠬᠢᠨ ᠳᠠᠪᠲᠠᠨ ᠠᠰᠠᠭᠤᠵᠤ | ᠰᠤᠷᠤᠯᠴᠠᠪᠠ᠃ | ᠴᠢᠷᠮᠠᠶᠢᠯᠭ᠎ᠠ ᠬᠦᠮᠦᠨ ᠶᠢ ᠭᠤᠮᠤᠳᠠᠭᠠᠬᠤ ᠦᠭᠡᠢ ᠭᠡᠳᠡᠭ ᠢᠶᠠᠷ ᠣᠯᠠᠨ ᠵᠢᠯ ᠰᠢᠷᠭᠠᠭᠤ ᠬᠠᠲᠠᠭᠤᠵᠢᠯᠲᠠᠶ | ᠪᠤᠯᠪᠠᠰᠤᠷᠠᠯ ᠢᠶᠠᠷ ᠳᠠᠮᠵᠢᠨ ᠳᠦᠭᠦ᠋ᠢᠮ᠎ᠠ ᠳᠦᠭᠦᠮ ᠳᠦᠲᠡ ᠨᠦᠭᠦᠴᠡᠯ ᠲᠤᠤᠷ᠎ᠠ ᠬᠥᠩᠭᠡᠵᠢᠭᠦᠯᠬᠦ ᠣᠨᠴᠠᠭᠠᠢ | ᠠᠷᠭ᠎ᠠ ᠶᠢ ᠠᠭᠠᠵᠢᠮ ᠢᠶᠠᠷ ᠡᠵᠡᠮᠰᠢᠵᠡᠶ᠃ ᠠᠷᠪᠠᠨ ᠬᠡᠳᠦᠨ ᠵᠢᠯ ᠤᠨ ᠲᠤᠷᠰᠢ᠂ ᠲᠡᠷᠡ ᠤᠷᠢᠳ ᠬᠤᠵᠢᠳ 40 | ᠭᠠᠷᠤᠢ ᠵᠠᠯᠠᠭᠤ ᠡᠵᠢ ᠶᠢᠨ ᠢᠶᠠᠨ ᠠᠮᠢ ᠨᠠᠰᠤ ᠶᠢ ᠠᠪᠤᠷᠠᠵᠤ᠂ ︽ᠴᠢᠳᠬᠦᠷ ᠤᠨ ᠪᠣᠭᠤᠮᠲᠠ︾ ᠡᠭᠦᠨ ᠠᠴᠠ ᠡᠬᠢᠯᠡᠨ | ᠵᠠᠮ ᠨᠡᠪᠲᠡᠷᠡᠯᠭᠡ ᠪᠠᠨ ᠬᠤᠪᠢᠷᠠᠭᠤᠯᠵᠤ᠂ ᠲᠤᠬᠠᠶ ᠶᠢᠨ ᠭᠠᠵᠠᠷ ᠤᠨ ᠡᠮᠡᠭᠲᠡᠶᠢᠴᠦᠳ ᠤᠨ ᠰᠡᠳᠬᠢᠯ ᠤᠨ ᠬᠠᠮᠠᠭᠠᠯᠠᠭᠴᠢ | ᠪᠣᠯᠵᠤ᠂ ᠣᠯᠠᠨ ᠲᠦᠮᠡᠨ ᠤ ᠴᠢᠩ ᠰᠡᠳᠬᠢᠯ ᠤᠨ ᠬᠠᠶᠢᠷ᠎ᠠ ᠬᠦᠨᠳᠦᠳᠬᠡᠯ ᠢ ᠣᠯᠵᠠᠶ᠃ | ᠤᠨ ᠵᠢᠯ ᠤᠨ ᠨᠤᠭᠤᠴᠠᠭᠠᠨ ᠳᠤ ᠳᠦᠭᠦ᠋ᠢᠮ᠎ᠠ ᠵᠠᠯᠠᠭᠤ ᠥᠬᠢᠨ ᠪᠠᠶᠢᠭᠰᠠᠨ ᠠᠴᠠ ᠪᠠᠨ ᠬᠥᠭᠰᠢᠷᠡᠭᠰᠡᠨ | ᠨᠠᠰᠤᠲᠠᠨ ᠪᠣᠯᠵᠠᠶ᠂ ᠭᠡᠪᠡᠴᠦ ᠲᠡᠭᠦᠨ ᠤ ᠨᠠᠰᠤ ᠵᠢᠯ ᠶᠠᠪᠤᠬᠤ ᠳᠣᠳᠥᠮ ᠭᠦᠨ ᠵᠤᠵᠠᠭᠠᠨ ᠪᠣᠯᠤᠭᠰᠠᠨ ᠲᠦᠭᠡᠮᠡᠯ | ᠬᠠᠶᠢᠷ᠎ᠠ ᠶᠢᠨ ᠬᠠᠶᠢᠷ᠎ᠠ ᠰᠡᠳᠬᠢᠯᠭᠡ ᠨᠢ ᠬᠤᠪᠢᠷᠠᠭᠰᠠᠨ ᠦᠭᠡᠢ᠃ ᠮᠣᠩᠭᠤᠯ ᠡᠮ ᠡᠮᠨᠡᠯᠭᠡ ᠲᠤ ᠠᠩᠬᠠᠷᠤᠯ ᠲᠠᠯᠪᠢᠵᠤ᠂ | ᠬᠢᠲᠠᠳ ᠡᠮ ᠡᠮᠨᠡᠯᠭᠡ ᠶᠢᠨ ᠤᠯᠠᠮᠵᠢᠯᠠᠯ ᠢ ᠲᠦᠯᠬᠢᠨ ᠠᠬᠢᠭᠤᠯᠬᠤ ᠬᠡᠷᠡᠭᠲᠡᠢ ᠣᠯᠠᠩᠬᠢ ᠬᠥᠮᠦᠰ ᠳᠦᠭᠦ᠋ᠢᠮ᠎ᠠ ᠶᠢᠨ | ᠡᠳᠡᠭᠡᠷ ᠦᠢᠯᠡ ᠠᠵᠢᠯᠯᠠᠭ᠎ᠠ᠂ ᠲᠡᠭᠦᠨ ᠤ ᠡᠮᠡᠭᠲᠡᠶ ᠶᠢᠨ ᠰᠠᠯᠠᠭᠠᠨ ᠤ ᠡᠮᠴᠢ ᠪᠣᠯᠬᠤ ᠪᠠᠷ ᠴᠢᠷᠮᠠᠶᠢᠭᠰᠠᠨ ᠶᠢ ᠯᠡ | ᠠᠩᠬᠠᠷᠤᠨ ᠬᠠᠷᠢᠨ ᠲᠡᠭᠦᠨ ᠤ ᠡᠮᠡᠭᠲᠡᠶᠢᠴᠦᠳ ᠤᠨ ᠰᠠᠯᠠᠭᠠᠨ ᠤ ᠰᠢᠨᠵᠢᠯᠡᠬᠦ ᠤᠬᠠᠭᠠᠨ ᠢ ᠪᠠᠭᠲᠠᠭᠠᠭᠰᠠᠨ ᠮᠣᠩᠭᠤᠯ | ᠡᠮ ᠡᠮᠨᠡᠯᠭᠡ ᠶᠢᠨ ᠬᠤᠭᠤᠷᠣᠨᠳᠣᠬᠢ ᠬᠠᠷᠢᠴᠠᠭ᠎ᠠ ᠢ ᠤᠮᠳᠤᠭᠠᠶᠢᠯᠠᠭᠰᠠᠨ ᠪᠠᠶᠢᠳᠠᠭ᠃ | ᠮᠣᠩᠭᠤᠯ ᠡᠮ ᠡᠮᠨᠡᠯᠭᠡ ᠶᠢᠨ ᠤᠬᠠᠭᠠᠨ ᠪᠣᠯ ᠮᠣᠩᠭᠤᠯ ᠦᠨᠳᠦᠰᠦᠲᠡᠨ ᠤ ᠰᠣᠶᠣᠯ ᠤᠨ ᠥᠪ ᠤᠨ ᠨᠢᠭᠡ | ᠮᠥᠨ᠂ ᠪᠠᠰᠠ ᠴᠤ ᠡᠬᠡ ᠤᠯᠤᠰ ᠶᠢᠨ ᠤᠯᠠᠮᠵᠢᠯᠠᠯᠲᠤ ᠠᠨᠠᠭᠠᠬᠤ ᠤᠬᠠᠭᠠᠨ ᠤ ᠴᠢᠬᠤᠯᠠ ᠪᠦᠷᠢᠯᠳᠦᠬᠦᠨ ᠬᠡᠰᠡᠭ | ᠮᠥᠨ᠂ ᠲᠡᠷᠡ ᠪᠣᠯ ᠮᠣᠩᠭᠤᠯ ᠦᠨᠳᠦᠰᠦᠲᠡᠨ ᠤ ᠠᠷᠠᠳ ᠲᠦᠮᠡᠨ ᠤ ᠤᠷᠲᠤ ᠬᠤᠭᠤᠴᠠᠭᠠᠨ ᠤ ᠡᠮ ᠡᠮᠨᠡᠯᠭᠡ ᠶᠢᠨ | ᠲᠤᠷᠰᠢᠯᠭ᠎ᠠ ᠳᠤᠮᠳᠠ ᠠᠭᠠᠵᠢᠮ ᠢᠶᠠᠷ ᠪᠦᠷᠢᠯᠳᠦᠨ ᠬᠦᠭᠵᠢᠭᠰᠡᠨ ᠰᠢᠨᠵᠢᠯᠡᠬᠦ ᠤᠬᠠᠭᠠᠨ ᠪᠤᠯᠬᠤ ᠶᠤᠮ᠃ ᠲᠡᠷᠡ ᠨᠢ | ᠲᠦᠪᠡᠳ ᠡᠮᠨᠡᠯᠬᠡ᠂ ᠬᠢᠲᠠᠳ ᠡᠮᠨᠡᠯᠭᠡ ᠵᠢᠴᠢ ᠡᠨᠡᠳᠭᠡᠭ ᠡᠮᠨᠡᠯᠭᠡ ᠤᠨ ᠰᠢᠯᠢᠳᠡᠭ ᠤᠨᠤᠯ ᠶᠢ ᠰᠢᠩᠭᠡᠭᠡᠨ᠂ ᠠᠯᠬᠤᠮ | ᠠᠯᠬᠤᠮ ᠢᠶᠠᠷ ᠪᠦᠷᠢᠯᠳᠦᠭᠰᠡᠨ᠂ ᠦᠨᠳᠦᠰᠦᠲᠡᠨ ᠤ ᠤᠨᠴᠠᠯᠢᠭ᠂ ᠭᠠᠵᠠᠷ ᠤᠷᠤᠨ ᠤ ᠤᠨᠴᠠᠯᠢᠭ᠂ ᠦᠪᠡᠷᠮᠢᠴᠡ | ᠤᠨᠤᠯ ᠤᠨ ᠰᠢᠰᠲ᠋ᠧᠮ ᠪᠦᠬᠦᠢ ᠦᠨᠳᠦᠰᠦᠲᠡᠨ ᠤ ᠤᠯᠠᠮᠵᠢᠯᠠᠯᠲᠦ ᠡᠮᠨᠡᠯᠭᠡ ᠪᠤᠯᠤᠨ᠎ᠠ᠃ | ᠦᠪᠦᠷ ᠮᠤᠩᠭᠤᠯ ᠤᠷᠤᠨ ᠤ ᠮᠠᠯᠴᠢᠨ ᠲᠠᠷᠢᠶᠠᠴᠢᠨ ᠤ ᠠᠮᠢᠳᠤᠷᠠᠯ ᠤᠨ ᠨᠦᠭᠦᠴᠡᠯ ᠬᠠᠲᠠᠭᠤ ᠪᠡᠷᠬᠡ ᠪᠠᠶᠢᠵᠦ᠂ | ᠠᠵᠤ ᠠᠬᠤᠢ ᠶᠢᠨ ᠬᠦᠭᠵᠢᠯᠲᠠ ᠶᠢᠨ ᠬᠡᠮᠵᠢᠶ᠎ᠡ ᠴᠦ ᠲᠤᠤᠷ᠎ᠠ ᠠᠴᠠ ᠪᠤᠯᠵᠤ ᠮᠠᠯᠵᠢᠬᠤ ᠲᠠᠷᠢᠶᠠᠯᠠᠬᠤ ᠣᠷᠣᠨ ᠤ | ᠡᠮᠡᠭᠲᠡᠶᠢᠴᠦᠳ ᠤᠨ ᠬᠦᠴᠢᠷ ᠲᠦᠪᠡᠭᠲᠡᠶ ᠡᠯᠳᠡᠪ ᠡᠪᠡᠳᠴᠢᠨ ᠵᠡᠷᠭᠡ ᠨᠢ ᠨᠡᠯᠢᠶᠡᠳ ᠠᠷᠪᠢᠨ ᠪᠠᠶᠢᠵᠤ᠂ ᠣᠨᠣᠰᠢᠯᠠᠨ | ᠡᠮᠨᠡᠬᠦ ᠲᠠᠯ᠎ᠠ ᠪᠠᠷ ᠴᠤ ᠨᠡᠯᠢᠶᠡᠳ ᠬᠦᠴᠢᠷᠲᠡᠶ ᠪᠠᠶᠢᠳᠠᠭ᠃ ᠳᠦᠭᠦ᠋ᠢᠮ᠎ᠠ ᠪᠠᠰᠠ ᠵᠥᠪᠬᠡᠨ ᠲᠤᠬᠠᠶ ᠶᠢᠨ ᠭᠠᠵᠠᠷ ᠤᠨ | ᠪᠤᠰᠤᠳ ᠬᠥᠮᠦᠨ ᠠᠴᠠ ᠨᠣᠮ ᠠᠪᠴᠤ᠂ ᠮᠣᠩᠭᠤᠯ ᠡᠮᠨᠡᠯᠭᠡ ᠶᠢᠨ ᠬᠠᠮᠢᠶ᠎ᠠ ᠪᠦᠬᠦᠢ ᠲᠤᠷᠰᠢᠯᠭ᠎ᠠ ᠶᠢ ᠵᠠᠯᠭᠠᠮᠵᠢᠯᠠᠵᠤ᠂ | ᠳᠥᠭᠦᠮ ᠨᠥᠬᠦᠴᠡᠯ ᠳᠣᠤᠷ᠎ᠠ ᠵᠠᠯᠠᠭᠤ ᠬᠥᠩᠭᠡᠵᠢᠭᠴᠢ ᠪᠦᠰᠡᠭᠦ᠋ᠢᠴᠤᠳ ᠶᠢ ᠠᠯᠢ ᠴᠢᠳᠠᠬᠤ ᠪᠠᠷ ᠠᠪᠤᠷᠠᠵᠤ᠂ | ᠠᠭᠠᠵᠢᠮ ᠢᠶᠠᠷ ᠥᠪᠡᠷ ᠤᠨ ᠠᠷᠭ᠎ᠠ ᠪᠠᠨ ᠬᠤᠷᠠᠮᠳᠤᠭᠤᠯᠤᠨ᠎ᠠ᠃ | ᠣᠷᠴᠢᠨ ᠦᠶ᠎ᠡ ᠳᠤ ᠬᠦᠷᠦᠭᠡᠳ ᠮᠣᠩᠭᠤᠯ ᠡᠮᠨᠡᠯᠭᠡ ᠶᠢᠨ ᠣᠨᠣᠯ ᠤᠨ ᠰᠢᠰᠲ᠋ᠧᠮ ᠪᠦᠷᠢᠯᠳᠦᠭᠰᠡᠨ ᠤ ᠳᠠᠷᠠᠭ᠎ᠠ | ᠰᠠᠶ᠋ᠢ ᠳᠣᠲᠣᠷ ᠰᠠᠯᠠᠭ᠎ᠠ᠂ ᠡᠮᠡᠭᠲᠡᠶ ᠶᠢᠨ ᠰᠠᠯᠠᠭ᠎ᠠ᠂ ᠬᠡᠤᠬᠡᠳ ᠤᠨ ᠰᠠᠯᠠᠭ᠎ᠠ᠂ ᠶᠠᠰᠤ ᠰᠢᠷᠬ᠎ᠠ ᠶᠢᠨ ᠰᠠᠯᠠᠭ᠎ᠠ᠂ ᠬᠢᠵᠢᠭ | ᠡᠪᠡᠳᠴᠢᠨ᠂ ᠬᠠᠯᠳᠠᠪᠤᠷᠢᠲᠤ ᠡᠪᠡᠳᠴᠢᠨ ᠵᠡᠷᠭᠡ ᠡᠮᠴᠢᠯᠡᠭᠡᠨ ᠤ ᠰᠠᠭᠤᠷᠢ ᠬᠤᠪᠢᠶᠠᠷᠢ ᠰᠠᠯᠠᠭ᠎ᠠ ᠪᠠ ᠲᠤᠰᠬᠠᠶ | ᠮᠡᠷᠭᠡᠵᠢᠯ ᠤᠨ ᠰᠤᠳᠤᠯᠤᠯ ᠲᠠᠢ ᠪᠣᠯᠵᠠᠶ᠃ ᠦᠨᠡᠨ ᠳᠡᠭᠡᠨ ᠮᠣᠩᠭᠤᠯ ᠡᠮᠨᠡᠯᠭᠡ ᠪᠣᠯ ᠥᠨᠢ ᠤᠳᠠᠭᠠᠨ ᠲᠡᠤᠬᠡ ᠲᠠᠢ | ᠪᠥᠭᠡᠳ ᠪᠠᠶᠠᠯᠢᠭ ᠲᠤᠷᠰᠢᠯᠭ᠎ᠠ ᠲᠠᠢ ᠶᠤᠮ᠂ ᠤᠷᠳᠤ ᠬᠤᠭᠤᠴᠠᠭᠠᠨ ᠤ ᠲᠤᠷᠰᠢ ᠴᠥᠭᠡᠨ ᠲᠣᠭᠠᠲᠤ ᠦᠨᠳᠦᠰᠦᠲᠡᠨ ᠤ | ᠭᠠᠵᠠᠷ ᠣᠷᠣᠨ ᠤ ᠡᠮ ᠡᠮᠨᠡᠯᠭᠡ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠢ ᠶᠤᠮ᠃ | ᠨᠤᠲᠤᠭ ᠤᠨ ᠬᠥᠮᠦᠨ ᠪᠣᠯᠤᠭᠰᠠᠨ ᠤ ᠬᠤᠪᠢ ᠳᠤ᠂ ᠳᠦᠭᠦ᠋ᠢᠮ᠎ᠠ ᠮᠣᠩᠭᠤᠯ ᠡᠮᠨᠡᠯᠭᠡ ᠶᠢᠨ ᠤᠯᠠᠮᠵᠢᠯᠠᠯ᠂ | ᠬᠥᠭᠵᠢᠯᠲᠡ ᠵᠢᠴᠢ ᠰᠢᠨ᠎ᠡ ᠡᠭᠦᠳᠦᠯᠲᠡ ᠳᠤ ᠭᠦᠨ ᠬᠦᠰᠡᠯ ᠲᠠᠯᠪᠢᠵᠤ ᠪᠠᠶᠢᠯ᠎ᠠ᠃ ᠲᠡᠷᠡ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠣᠷᠣᠨ ᠤ ᠡᠮ ᠡᠮᠨᠡᠯᠭᠡ ᠶᠢᠨ | ᠪᠠᠶᠢᠭᠤᠯᠤᠮᠵᠢ ᠲᠠᠢ ᠬᠠᠮᠲᠤ ᠠᠵᠢᠯᠯᠠᠵᠤ᠂ ᠲᠠᠯ᠎ᠠ ᠨᠤᠲᠤᠭ ᠤᠨ ᠨᠤᠲᠤᠭ ᠤᠨ ᠮᠠᠯᠴᠢᠳ ᠤᠨ ᠪᠡᠶ᠎ᠡ ᠮᠠᠬᠠᠪᠣᠳ ᠤᠨ | ᠡᠷᠡᠭᠦᠯ ᠴᠢᠭᠢᠷᠠᠭ ᠶᠢᠨ ᠪᠠᠶᠢᠳᠠᠯ ᠢ ᠬᠠᠯᠠᠮᠵᠢᠯᠠᠵᠤ ᠠᠩᠬᠠᠷᠤᠨ᠂ ᠲᠤᠬᠠᠶ ᠶᠢᠨ ᠭᠠᠵᠠᠷ ᠤᠨ ᠡᠮ ᠡᠮᠨᠡᠯᠭᠡ ᠶᠢᠨ | ᠪᠠᠶᠢᠭᠤᠯᠤᠯᠲᠠ ᠶᠢᠨ ᠲᠦᠪᠰᠢᠨ ᠤ ᠳᠡᠭᠡᠭᠰᠢᠯᠡᠯᠲᠡ ᠶᠢ ᠠᠩᠬᠠᠷᠴᠤ ᠪᠠᠶᠢᠯ᠎ᠠ᠃ | | |