ᠰᠢᠨ᠎ᠡ ᠪᠠᠷ ᠨᠡᠭᠡᠭᠡᠨ ᠡᠷᠬᠢᠯᠡᠭᠰᠡᠨ ᠡᠮ ᠤᠨ ᠵᠦᠢᠯ ᠪᠦᠭᠡᠮ ᠢᠶᠠᠷ ᠬᠤᠳᠠᠯᠳᠤᠬᠤ ᠠᠵᠤ ᠠᠬᠤᠶᠢᠯᠠᠯ ᠢ ᠰᠢᠯᠭᠠᠨ ᠠᠪᠬᠤ ᠶᠢ ᠭᠤᠶᠤᠴᠢᠯᠠᠬᠤ ᠳᠤ ᠳᠤᠤᠷᠠᠬᠢ ᠮᠠᠲ᠋ᠧᠷᠢᠶᠠᠯ ᠢ ᠲᠤᠰᠢᠶᠠᠬᠤ ᠴᠢᠬᠤᠯᠠᠲᠠᠢ
ᠨᠡᠶᠢᠲᠡᠯᠡᠭᠰᠡᠨ ᠴᠠᠭ᠄
2020/7/28
        ᠰᠢᠨ᠎ᠡ ᠪᠠᠷ ᠨᠡᠭᠡᠭᠡᠨ ᠡᠷᠬᠢᠯᠡᠭᠰᠡᠨ ᠡᠮ ᠤᠨ ᠵᠦᠢᠯ ᠪᠦᠭᠡᠮ ᠢᠶᠠᠷ ᠬᠤᠳᠠᠯᠳᠤᠬᠤ ᠠᠵᠤ ᠠᠬᠤᠶᠢᠯᠠᠯ ᠢ ᠰᠢᠯᠭᠠᠨ ᠠᠪᠬᠤ ᠶᠢ ᠭᠤᠶᠤᠴᠢᠯᠠᠬᠤ ᠳᠤ ᠳᠤᠤᠷᠠᠬᠢ ᠮᠠᠲ᠋ᠧᠷᠢᠶᠠᠯ ᠢ ᠲᠤᠰᠢᠶᠠᠬᠤ ᠴᠢᠬᠤᠯᠠᠲᠠᠢ᠄     1. ᠰᠢᠯᠭᠠᠨ ᠠᠪᠤᠭᠤᠯᠬᠤ ᠭᠤᠶᠤᠴᠢᠯᠠᠯ ᠬᠢᠭᠡᠳ ᠦᠪᠡᠷ ᠢ ᠪᠠᠨ ᠪᠠᠶᠢᠴᠠᠭᠠᠭᠰᠠᠨ ᠮᠡᠳᠡᠭᠦᠯᠦᠯᠲᠡ ︵ᠬᠠᠮᠢᠶ᠎ᠠ ᠪᠦᠬᠦᠢ ᠲᠤᠭᠲᠠᠭᠠᠯ ᠬᠢᠬᠡᠳ ᠪᠠᠷᠢᠮᠵᠢᠶ᠎ᠠ ᠶᠢ ᠦᠨᠳᠦᠰᠦᠯᠡᠨ ᠦᠪᠡᠷ ᠢ ᠪᠠᠨ ᠨᠠᠷᠢᠨ ᠪᠠᠶᠢᠴᠠᠭᠠᠵᠤ ᠬᠠᠷᠭᠤᠭᠤᠯᠤᠨ᠎ᠠ︶︔      2. ᠡᠮ ᠤᠨ ᠵᠦᠢᠯ ᠡᠵᠡᠩᠨᠡᠬᠦ ᠵᠦᠪᠰᠢᠶᠡᠷᠡᠯ ᠤᠨ ᠦᠨᠡᠮᠯᠡᠯ ︵ᠪᠦᠭᠡᠮ ᠢᠶᠠᠷ ᠬᠤᠳᠠᠯᠳᠤᠬᠤ︶ ᠭᠤᠶᠤᠴᠢᠯᠠᠬᠤ ᠬᠢᠨᠠᠨ ᠵᠦᠪᠰᠢᠶᠡᠷᠡᠯ ᠤᠨ ᠬᠦᠰᠦᠨᠦᠭᠲᠦ ︵ᠳᠠᠭᠠᠯᠳᠠᠭᠤᠯᠤᠯ 2︶︔      3. ᠪᠡᠯᠡᠳᠭᠡᠨ ᠪᠠᠶᠢᠭᠤᠯᠬᠤ ᠶᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠠᠭᠤᠯᠪᠤᠷᠢ︔     4. ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠢᠵᠤ ᠦᠭᠭᠦᠭᠰᠡᠨ ᠡᠷᠬᠢᠯᠡᠬᠦ ᠪᠠᠷ ᠪᠠᠶᠢᠭ᠎ᠠ ᠠᠵᠤ ᠠᠬᠤᠶᠢᠯᠠᠯ ᠤᠨ ᠨᠠᠷᠡᠶᠢᠳᠦᠯ ᠢ ᠤᠷᠢᠳᠴᠢᠯᠠᠨ ᠬᠢᠨᠠᠨ ᠬᠠᠷᠭᠤᠭᠤᠯᠤᠭᠰᠠᠨ ᠮᠡᠳᠡᠭᠳᠡᠯ ᠤᠨ ᠪᠢᠴᠢᠭ ᠤᠨ ᠬᠡᠷᠡᠴᠢᠯᠡᠭᠰᠡᠨ ᠪᠢᠴᠢᠭ ᠮᠠᠲ᠋ᠧᠷᠢᠶᠠᠯ ᠪᠤᠶᠤ ᠡᠵᠡᠩᠨᠡᠯᠲᠡ ᠶᠢᠨ ᠦᠨᠡᠮᠯᠡᠯ ᠤᠨ ᠤᠭ ᠵᠦᠢᠯ᠂ ᠬᠠᠭᠤᠯᠪᠤᠷᠢ︔      5. ᠠᠵᠤ ᠠᠬᠤᠶᠢᠯᠠᠯ ᠤᠨ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠪᠠᠶᠢᠳᠠᠯ ᠬᠢᠭᠡᠳ ᠪᠤᠷᠤ ᠵᠢᠷᠤᠭ︔      6. ᠠᠵᠤ ᠠᠬᠤᠶᠢᠯᠠᠯ ᠤᠨ ᠠᠵᠢᠯᠲᠠᠨ ᠤ ᠨᠡᠷ᠎ᠡ ᠶᠢᠨ ᠪᠦᠷᠢᠳᠭᠡᠯ︔      7. ᠠᠵᠤ ᠠᠬᠤᠶᠢᠯᠠᠯ ᠤᠨ ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ᠂ ᠠᠵᠤ ᠠᠬᠤᠢ ᠶᠢᠨ ᠬᠠᠷᠢᠭᠤᠴᠠᠯᠭᠠᠲᠠᠨ᠂ ᠶᠠᠰᠤ ᠴᠢᠨᠠᠷ ᠤᠨ ᠬᠠᠷᠢᠭᠤᠴᠠᠯᠭᠠᠲᠠᠨ᠂ ᠶᠠᠰᠤ ᠴᠢᠨᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠶᠠᠰᠤ ᠴᠢᠨᠠᠷ ᠤᠨ ᠬᠠᠮᠢᠶᠠᠷᠤᠭᠴᠢ᠂ ᠰᠢᠯᠭᠠᠨ ᠬᠤᠷᠢᠶᠠᠭᠴᠢ᠂ ᠬᠠᠮᠠᠭᠠᠯᠠᠭᠴᠢ ᠶᠢᠨ ᠪᠡᠶ᠎ᠡ ᠶᠢᠨ ᠦᠨᠡᠮᠯᠡᠯ᠂ ᠰᠤᠷᠤᠯᠭ᠎ᠠ ᠶᠢᠨ ᠨᠠᠮᠲᠠᠷ ᠤᠨ ᠬᠡᠷᠡᠴᠢ᠂ ᠮᠡᠷᠭᠡᠵᠢᠯ ᠤᠨ ᠴᠤᠯᠠ ᠶᠢᠨ ᠬᠡᠷᠡᠴᠢ᠂ ᠠᠵᠢᠯ ᠡᠷᠬᠢᠯᠡᠬᠦ ᠬᠢᠷᠢ ᠬᠡᠮ ᠤᠨ ᠬᠡᠷᠡᠴᠢ᠂ ᠪᠤᠯᠪᠠᠰᠤᠷᠠᠭᠤᠯᠤᠯ ᠪᠤᠶᠤ ᠠᠵᠢᠯ ᠤᠨ ᠪᠠᠶᠢᠷᠢ ᠶᠢᠨ ᠬᠢᠷᠢ ᠲᠡᠩᠴᠡᠭᠰᠡᠨ ᠬᠡᠷᠡᠴᠢ᠂ ᠠᠵᠢᠯ ᠠᠴᠠ ᠪᠠᠨ ᠰᠠᠯᠤᠭᠰᠠᠨ ᠬᠡᠷᠡᠴᠢ ᠶᠢᠨ ᠤᠭ ᠵᠦᠢᠯ᠂ ᠬᠠᠭᠤᠯᠪᠤᠷᠢ ᠬᠢᠭᠡᠳ ᠬᠤᠪᠢ ᠬᠦᠮᠦᠨ ᠤ ᠲᠤᠪᠴᠢ ᠨᠠᠮᠲᠠᠷ᠂ ᠤᠷᠢᠨ ᠲᠤᠮᠢᠯᠠᠭᠰᠠᠨ ᠪᠢᠴᠢᠭ ᠮᠠᠲ᠋ᠧᠷᠢᠶᠠᠯ︔    8. ᠡᠵᠡᠩᠨᠡᠯᠲᠡ ᠶᠢᠨ ᠲᠠᠯᠠᠪᠤᠷ᠂ ᠲᠤᠰᠠᠯᠠᠬᠤ ᠪᠡᠯᠡᠳᠭᠡᠮᠵᠢ᠂ ᠠᠵᠢᠯᠯᠠᠬᠤ ᠳᠤ ᠬᠡᠷᠡᠭᠯᠡᠬᠦ ᠬᠡᠷ᠂ ᠬᠦᠮᠦᠷᠭᠡ ᠶᠢᠨ ᠦᠮᠴᠢᠯᠡᠬᠦ ᠡᠷᠭᠡ ᠪᠤᠶᠤ ᠬᠡᠷᠡᠭᠯᠡᠬᠦ ᠡᠷᠭᠡ ᠶᠢᠨ ᠬᠡᠷᠡᠴᠢ ᠶᠢᠨ ᠤᠭ ᠵᠦᠢᠯ ᠪᠠ ᠬᠠᠭᠤᠯᠪᠤᠷᠢ︔      9. ᠡᠵᠡᠩᠨᠡᠯᠲᠡ ᠶᠢᠨ ᠲᠠᠯᠠᠪᠤᠷ᠂ ᠲᠤᠰᠠᠯᠠᠬᠤ ᠪᠡᠯᠡᠳᠭᠡᠮᠵᠢ᠂ ᠠᠵᠢᠯᠯᠠᠬᠤ ᠳᠤ ᠬᠡᠷᠡᠭᠯᠡᠬᠦ ᠬᠡᠷ᠂ ᠬᠦᠮᠦᠷᠭᠡ ᠶᠢᠨ ᠭᠠᠵᠠᠷ ᠵᠦᠢ ᠶᠢᠨ ᠪᠠᠶᠢᠷᠢᠯᠠᠯ ᠤᠨ ᠵᠢᠷᠤᠭ᠂ ᠬᠠᠪᠲᠠᠭᠠᠢ ᠪᠠᠶᠢᠷᠢᠰᠢᠭᠤᠯᠤᠯ ᠤᠨ ᠵᠢᠷᠤᠭ᠂ ᠦᠷ᠎ᠡ ᠳ᠋ᠦᠡᠭ ᠤᠨ ᠪᠡᠶᠡᠲᠦ ᠵᠢᠷᠤᠭ ︵ᠲᠠᠯᠠᠪᠠᠢ ᠪᠤᠶᠤ ᠡᠵᠡᠯᠡᠬᠦᠨ᠂ ᠤᠷᠲᠤ᠂ ᠦᠷᠭᠡᠨ᠂ ᠦᠨᠳᠦᠷ ᠢ ᠬᠠᠳᠠᠨ᠎ᠠ︶︔     10. ᠤᠳᠤ ᠦᠶ᠎ᠡ ᠶᠢᠨ ᠪᠠᠷᠠᠭ᠎ᠠ ᠶᠢᠨ ᠬᠦᠢᠯᠭᠡᠭᠡᠨ ᠤ ᠬᠦᠮᠦᠷᠭᠡᠯᠡᠨ ᠬᠠᠳᠠᠭᠠᠯᠠᠬᠤ ᠰᠢᠰᠲ᠋ᠧᠮ ᠤᠨ ᠪᠠᠶᠢᠳᠠᠯ ᠤᠨ ᠲᠠᠶᠢᠯᠪᠤᠷᠢᠯᠠᠯᠲᠠ᠂ ᠠᠮᠢᠳᠤ ᠪᠤᠳᠠᠰ ᠤᠨ ᠦᠢᠯᠡᠳᠭᠦᠨ᠂ ᠬᠢᠲᠠᠳ ᠡᠮ ᠤᠨ ᠮᠠᠲ᠋ᠧᠷᠢᠶᠠᠯ᠂ ᠬᠢᠲᠠᠳ ᠡᠮ ᠤᠨ ᠴᠢᠨᠠᠬᠤ ᠡᠮ ᠢ ᠲᠤᠰᠬᠠᠢ ᠡᠵᠡᠩᠨᠡᠬᠦ ᠠᠵᠤ ᠠᠬᠤᠶᠢᠯᠠᠯ ᠡᠭᠦᠨ ᠳᠤ ᠪᠠᠭᠲᠠᠬᠤ ᠦᠭᠡᠢ︔     11. ᠪᠡᠯᠡᠳᠭᠡᠮᠵᠢ᠂ ᠲᠦᠭᠦᠭᠡᠷᠦᠮᠵᠢ ᠶᠢᠨ ᠭᠠᠷᠴᠠᠭ︔     12. ᠺᠤᠮᠫᠢᠤᠲ᠋ᠧᠷ ᠤᠨ ᠬᠠᠮᠢᠶᠠᠷᠤᠯᠲᠠ ᠶᠢᠨ ᠮᠡᠳᠡᠭᠡ ᠵᠠᠩᠬᠢ ᠶᠢᠨ ᠰᠢᠰᠲ᠋ᠧᠮ ᠤᠨ ᠪᠠᠶᠢᠳᠠᠯ ᠤᠨ ᠲᠠᠶᠢᠯᠪᠤᠷᠢᠯᠠᠯᠲᠠ︔     13. ᠡᠷᠬᠢᠯᠡᠬᠦ ᠪᠠᠷ ᠪᠠᠶᠢᠭ᠎ᠠ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠦᠠᠷᠤᠯᠲᠠ ᠶᠢᠨ ᠪᠢᠴᠢᠭ ᠮᠠᠲ᠋ᠧᠷᠢᠶᠠᠯ ᠬᠢᠭᠡᠳ ᠪᠢᠴᠢᠭ ᠮᠠᠲ᠋ᠧᠷᠢᠶᠠᠯ ᠤᠨ ᠭᠠᠷᠴᠠᠭ︔     14. ᠮᠠᠲ᠋ᠧᠷᠢᠶᠠᠯ ᠮᠡᠳᠡᠭᠦᠯᠬᠦ ᠳᠡᠭᠡᠨ᠂ ᠭᠤᠶᠤᠴᠢᠯᠠᠭᠴᠢ ᠨᠢ ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠪᠤᠶᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠤᠰ ᠬᠦᠮᠦᠨ ᠪᠢᠰᠢ ᠪᠤᠯ ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠶᠢᠨ ᠭᠠᠷ ᠤᠨ ᠦᠰᠦᠭ ᠵᠢᠷᠤᠭᠰᠠᠨ ︽ᠡᠷᠭᠡ ᠤᠯᠭᠤᠬᠤ ᠨᠠᠶᠢᠳᠠᠯᠭ᠎ᠠ ᠶᠢᠨ ᠪᠢᠴᠢᠭ︾ ᠢ ᠲᠤᠰᠢᠶᠠᠬᠤ ᠬᠡᠷᠡᠭᠲᠠᠢ︔     15. ᠮᠡᠳᠡᠭᠦᠯᠦᠭᠰᠡᠨ ᠮᠠᠲ᠋ᠧᠷᠢᠶᠠᠯ ᠤᠨ ᠦᠨᠡᠨ ᠪᠤᠳᠠᠲᠤ ᠴᠢᠨᠠᠷ ᠢ ᠪᠠᠲᠤᠯᠠᠬᠤ ᠶᠢᠨ ᠬᠠᠮᠲᠤ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠬᠦ ︽ᠠᠮᠠᠯᠳᠠᠭ᠎ᠠ ᠶᠢᠨ ᠪᠢᠴᠢᠭ︾︔     16. ᠪᠡᠯᠡᠳᠭᠡᠨ ᠪᠠᠶᠢᠭᠤᠯᠬᠤ ᠶᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠢᠨᠠᠨ ᠬᠠᠷᠭᠤᠭᠤᠯᠤᠭᠰᠠᠨ ᠵᠦᠢᠯᠡᠰ ᠲᠤ ᠬᠤᠪᠢᠷᠠᠯᠲᠠ ᠭᠠᠷᠤᠭᠰᠠᠨ ᠪᠤᠯ ᠬᠤᠪᠢᠷᠠᠭᠠᠬᠤ ᠭᠤᠶᠤᠴᠢᠯᠠᠯ ᠬᠢᠭᠡᠳ ᠬᠤᠯᠪᠤᠭᠳᠠᠯ ᠪᠦᠬᠦᠢ ᠬᠡᠷᠡᠴᠢᠯᠡᠬᠦ ᠪᠢᠴᠢᠭ ᠮᠠᠲ᠋ᠧᠷᠢᠶᠠᠯ ᠢ ᠲᠤᠰᠢᠶᠠᠬᠤ ᠬᠡᠷᠡᠭᠲᠠᠢ︔     ᠲᠤᠲᠤᠷᠬᠠᠶᠢᠯᠠᠬᠤ ᠨᠢ᠄ ᠭᠤᠶᠤᠴᠢᠯᠠᠯ ᠤᠨ ᠮᠠᠲ᠋ᠧᠷᠢᠶᠠᠯ ᠳᠤ ᠬᠢᠷᠢ ᠴᠢᠳᠠᠮᠵᠢ ᠶᠢ ᠬᠡᠷᠡᠴᠢᠯᠡᠭᠰᠡᠨ ᠲᠦᠷᠦᠯ ᠤᠨ ᠪᠢᠴᠢᠭ ᠮᠠᠲ᠋ᠧᠷᠢᠶᠠᠯ ᠤᠨ ᠬᠠᠭᠤᠯᠪᠤᠷᠢ ᠲᠠᠢ ᠪᠠᠶᠢᠵᠤ᠂ ᠭᠤᠶᠤᠴᠢᠯᠠᠭᠴᠢ ᠨᠢ ᠬᠠᠤᠯᠢ ᠶᠢᠨ ᠡᠷᠬᠡᠲᠡᠨ ᠪᠤᠶᠤ ᠪᠤᠰᠤᠳ ᠵᠤᠬᠢᠶᠠᠨ ᠪᠠᠶᠢᠭᠤᠯᠤᠯᠲᠠ ᠪᠠᠶᠢᠪᠠᠯ᠂ ᠬᠠᠭᠤᠯᠪᠤᠷᠢ ᠳᠡᠭᠡᠷ᠎ᠡ ᠬᠠᠤᠯᠢ ᠶᠢᠨ ᠡᠷᠭᠡᠲᠡᠨ ᠪᠤᠶᠤ ᠪᠤᠰᠤᠳ ᠵᠤᠬᠢᠶᠠᠨ ᠪᠠᠶᠢᠭᠤᠯᠤᠯᠲᠠ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠠᠢ︔ ᠭᠤᠶᠤᠴᠢᠯᠠᠭᠴᠢ ᠨᠢ ᠪᠠᠶᠢᠭᠠᠯᠢ ᠬᠦᠮᠦᠨ ᠪᠤᠯ ᠬᠠᠭᠤᠯᠪᠤᠷᠢ ᠳᠡᠭᠡᠷ᠎ᠡ ᠪᠠᠶᠢᠭᠠᠯᠢ ᠬᠦᠮᠦᠨ ᠭᠠᠷ ᠤᠨ ᠦᠰᠦᠭ ᠵᠢᠷᠤᠬᠤ ᠶᠢᠨ ᠬᠠᠮᠲᠤ ᠭᠠᠷ ᠤᠨ ᠤᠷᠤ ᠳᠠᠷᠤᠭᠰᠠᠨ ᠪᠠᠶᠢᠬᠤ ᠬᠡᠷᠡᠭᠲᠠᠢ᠃                    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号