| ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠶᠠᠪᠤᠳᠠᠯ ᠤᠨ ᠰᠢᠰᠲ᠋ᠧᠮ ᠶᠠᠳᠠᠭᠤ ᠠᠴᠠ | ᠠᠩᠭᠢᠵᠢᠷᠠᠭᠤᠯᠬᠤ ᠦᠨᠳᠦᠰᠦᠨ ᠵᠦᠢᠯ ᠢ ᠪᠠᠲᠤᠯᠠᠬᠤ ᠭᠤᠣᠯ ᠡᠭᠦᠷᠭᠡ ᠲᠠᠢ ᠨᠢᠭᠲᠠ ᠤᠶᠠᠯᠳᠤᠭᠤᠯᠤᠨ᠂ ᠲᠥᠪ ᠤᠨ | ᠲᠤᠰᠬᠠᠶ ᠲᠣᠭᠤᠷᠢᠨ ᠪᠠᠶᠢᠴᠠᠭᠠᠯᠲᠠ᠂ ᠡᠷᠭᠢᠨ ᠬᠠᠷᠠᠬᠤ᠂ ᠬᠠᠷᠢᠭᠤ ᠲᠤᠰᠬᠠᠭᠰᠠᠨ ᠠᠰᠠᠭᠤᠳᠠᠯ ᠢ ᠵᠢᠭᠰᠠᠭᠠᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠷ ᠲᠣᠬᠢᠶᠠᠯ ᠪᠣᠯᠭᠠᠵᠤ᠂ ᠠᠰᠠᠭᠤᠳᠠᠯ ᠤᠨ ᠤᠳᠤᠷᠢᠳᠤᠮᠵᠢ ᠪᠣᠯᠤᠨ | ᠬᠠᠷᠠᠯᠲᠠ ᠶᠢᠨ ᠤᠳᠤᠷᠢᠳᠤᠮᠵᠢ ᠶᠢ ᠪᠠᠷᠢᠮᠲᠠᠯᠠᠵᠠᠶ᠃ ︽ᠨᠡᠶᠢᠭᠡᠮ ᠤᠨ ᠠᠪᠤᠷᠠᠨ ᠲᠤᠰᠠᠯᠠᠬᠤ ᠵᠢᠷᠤᠮᠵᠢᠯ ᠤᠨ ᠣᠨ︾ | ᠲᠤᠰᠬᠠᠶ ᠠᠵᠢᠯᠯᠠᠭ᠎ᠠ ᠶᠢ ᠬᠦᠴᠦᠯᠡᠨ ᠥᠷᠨᠢᠭᠦᠯᠦᠨ᠎ᠡ᠃ | ᠵᠢᠨᠨᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠭᠦᠨᠵᠡᠭᠡᠶ ᠥᠷᠨᠢᠭᠦᠯᠬᠦ ᠬᠡᠷᠡᠭᠲᠡᠶ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠡᠷᠬᠢᠨ ᠬᠠᠷᠠᠬᠤ︾ ᠪᠠ ᠮᠠᠯᠵᠢᠬᠤ ᠲᠠᠷᠢᠶᠠᠯᠠᠬᠤ | ᠣᠷᠣᠨ ᠤ ᠨᠠᠭᠠᠳᠣ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠲᠤᠰᠬᠠᠢ ᠵᠠᠰᠠᠯᠲᠠ ᠲᠠᠢ ᠤᠶᠠᠯᠳᠤᠭᠤᠯᠤᠨ᠎ᠠ᠃ | ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠬᠢᠨᠠᠮᠠᠭᠠᠶ ᠪᠠᠶᠢᠷᠢᠯᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠵᠤ᠂ ᠠᠷᠠᠳ ᠤᠨ ᠶᠠᠪᠤᠳᠠᠯ ᠤᠨ ᠰᠢᠰᠲ᠋ᠧᠮ ᠤᠨ ᠰᠢᠯᠢᠳᠡᠭ ᠬᠦᠴᠦᠨ ᠢ ᠵᠣᠬᠢᠶᠠᠨ ᠪᠠᠶᠢᠭᠤᠯᠵᠤ᠂ ᠰᠢᠶᠠᠩ | ᠪᠠᠯᠭᠠᠰᠤᠨ ᠤ ᠠᠷᠠᠳ ᠤᠨ ᠬᠥᠳᠡᠯᠮᠦᠷᠢ ᠬᠦᠴᠦᠨ ᠤ ᠭᠠᠵᠠᠷ ᠲᠠᠢ ᠬᠠᠮᠵᠢᠯᠴᠠᠨ᠂ ᠬᠥᠳᠡᠭᠡ ᠲᠣᠰᠬᠤᠨ ᠤ ᠲᠠᠷᠢᠶᠠᠴᠢᠨ | ᠡᠷᠦᠬᠡ ᠳᠤ ᠭᠦᠨᠵᠡᠭᠡᠶᠢᠷᠡᠨ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠥᠷᠭᠡᠨ ᠢᠶᠠᠷ ᠥᠷᠨᠢᠭᠦᠯᠦᠨ᠎ᠡ︔ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤᠮᠳᠠᠬᠢ ︽ᠨᠠᠶᠢᠷ ᠲᠠᠯ᠎ᠠ ᠪᠠᠷ | ᠪᠠᠲᠤᠯᠠᠬᠤ᠂ ᠬᠠᠷᠢᠴᠠᠭ᠎ᠠ ᠪᠠᠷ ᠪᠠᠲᠤᠯᠠᠬᠤ᠂ ᠪᠤᠷᠤᠭᠤ ᠪᠠᠲᠤᠯᠠᠬᠤ᠂ ᠳᠠᠭᠠᠳᠬᠠᠯ ᠠᠴᠠ ᠭᠤᠭᠤᠵᠢᠭᠤᠯᠬᠤ︾ ᠵᠡᠷᠭᠡ | ᠠᠰᠠᠭᠤᠳᠠᠯ ᠢ ᠭᠦᠨᠵᠡᠭᠡᠶ ᠪᠠᠶᠢᠴᠠᠭᠠᠨ ᠡᠷᠢᠬᠦ ᠬᠡᠷᠡᠭᠲᠡᠶ︔ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ | ᠬᠡᠷᠡᠭᠵᠢᠭᠦᠯᠬᠦ ᠶᠠᠪᠤᠴᠠ ᠳᠠᠬᠢ ᠢᠯᠵᠠᠷᠠᠯ ᠤᠨ ᠦᠢᠯᠡ ᠠᠵᠢᠯᠯᠠᠭ᠎ᠠ ᠪᠠ ᠠᠵᠢᠯ ᠤᠨ ᠬᠥᠪᠪᠥᠮᠡᠯ᠂ ᠬᠠᠰᠢ ᠶᠠᠰᠢ ᠪᠠᠷ | ᠤᠷᠤᠯᠳᠤᠭᠠᠨ ᠤ ᠬᠠᠷᠢᠭᠤᠴᠠᠯᠭ᠎ᠠ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠨᠢ ᠵᠢᠷᠤᠮᠵᠢᠯ ᠦᠭᠡᠢ᠂ | ᠪᠣᠳᠠᠲᠠᠶᠢᠵᠢᠭᠤᠯᠤᠭᠰᠠᠨ ᠦᠭᠡᠢ ᠵᠡᠷᠭᠡ ᠠᠵᠢᠯ ᠦᠯᠦ ᠬᠢᠬᠦ ᠪᠠ ᠳᠤᠷ᠎ᠠ ᠪᠠᠷ ᠢᠶᠠᠨ ᠦᠢᠯᠡᠳᠬᠦ ᠦᠵᠡᠭᠳᠡᠯ ᠢ | ᠪᠠᠶᠢᠴᠠᠭᠠᠨ ᠰᠢᠢᠳᠪᠦᠷᠢᠯᠡᠨ᠎ᠡ᠃ ᠡᠭᠦᠨ ᠤ ᠬᠠᠮᠲᠤ ᠡᠷᠢᠵᠦ ᠭᠠᠷᠭᠠᠭᠰᠠᠨ ᠠᠰᠠᠭᠤᠳᠠᠯ ᠢ ᠨᠠᠷᠢᠨ ᠬᠢᠨᠠᠮᠠᠭᠠᠶ ᠡᠮᠬᠢᠯᠡᠨ | ᠨᠡᠶᠢᠯᠡᠭᠦᠯᠵᠦ᠂ ᠠᠰᠠᠭᠤᠳᠠᠯ ᠤᠨ ᠵᠠᠩᠭᠢᠯᠠᠭ᠎ᠠ ᠶᠢ ᠵᠠᠳᠠᠯᠤᠨ ᠰᠢᠨᠵᠢᠯᠡᠵᠦ᠂ ︽ᠡᠪᠡᠳᠴᠢᠨ ᠳᠤᠨᠢ ᠲᠠᠭᠠᠷᠠᠭᠤᠯᠤᠨ ᠡᠮ | ᠥᠭᠬᠦ︾ ᠳᠤ ᠴᠡᠭᠴᠡᠯᠡᠨ ᠰᠠᠶᠢᠵᠢᠷᠠᠭᠤᠯᠬᠤ ᠲᠥᠰᠦᠯ ᠪᠣᠯᠤᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠴᠡᠭᠴᠡᠯᠡᠨ | ᠰᠠᠶᠢᠵᠢᠷᠠᠭᠤᠯᠬᠤ ᠬᠤᠭᠤᠴᠠᠭ᠎ᠠ ᠶᠢ ᠲᠣᠳᠣᠷᠬᠠᠶᠢᠯᠠᠪᠠ᠃ ᠠᠷᠠᠳ ᠤᠨ ᠶᠠᠪᠤᠳᠠᠯ ᠤᠨ ᠲᠣᠪᠴᠢᠶᠠᠨ ᠤ ᠪᠠᠭ ᠤᠨ | ᠪᠦᠷᠢᠯᠳᠦᠬᠦᠨ ᠠᠴᠠ ᠰᠢᠶᠠᠩ ᠪᠠᠯᠭᠠᠰᠤᠨ ᠤ ᠭᠠᠴᠠᠭᠠᠨ ᠤ ᠺᠠᠳ᠋ᠷ ᠬᠦᠷᠲᠡᠯ᠎ᠡ︔ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭ᠎ᠠ ᠶᠢ ᠱᠠᠲᠤ ᠳᠠᠷᠠᠭᠠᠯᠠᠨ ᠲᠣᠳᠣᠷᠬᠠᠶᠢᠯᠠᠪᠠ᠃ ᠫᠠᠶᠢᠰᠠ ᠡᠯᠭᠦᠨ ᠰᠢᠪᠠᠳᠠᠨ ᠪᠠᠶᠢᠴᠠᠭᠠᠬᠤ ᠪᠠ | ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢ | ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠯᠠᠪᠯᠠᠵᠤ᠂ ᠨᠢᠭᠡ ᠨᠢᠭᠡ ᠪᠠᠷ ᠨᠢ ᠨᠠᠶᠢᠳᠠᠪᠦᠷᠢᠵᠢᠭᠤᠯᠬᠤ᠂ ᠵᠦᠢᠯ | ᠵᠤᠷᠪᠤᠰ ᠨᠢ ᠬᠠᠷᠢᠭᠤ ᠲᠤᠰᠬᠠᠯ ᠲᠠᠢ ᠪᠠᠶᠢᠵᠤ᠂ ᠪᠠᠶᠢᠴᠠᠭᠠᠬᠤ ᠶᠢᠨ ᠳᠠᠭᠠᠤ ᠥᠭᠡᠷᠡᠴᠢᠯᠡᠬᠦ ᠳᠤᠮᠳᠠ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠲᠦᠮᠵᠢ ᠣᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠨ ᠨᠡᠶᠢᠭᠡᠮ ᠤᠨ ᠠᠪᠤᠷᠠᠨ | ᠲᠤᠰᠠᠯᠠᠯᠲᠠ ᠶᠢᠨ ᠵᠢᠷᠤᠮᠵᠢᠯᠲᠠ ᠪᠠ ᠣᠨᠣᠪᠴᠢᠳᠡᠢ ᠠᠵᠢᠯᠯᠠᠭᠠᠨ ᠢ ᠲᠦᠯᠬᠢᠨ ᠠᠬᠢᠭᠤᠯᠤᠨ᠎ᠠ᠃ | ᠮᠡᠳᠡᠭᠡ ᠵᠠᠩᠭᠢ ᠶᠢᠨ ᠲᠣᠭᠲᠠᠴᠠ ᠶᠢ ᠪᠦᠲᠦᠮᠵᠢᠲᠡᠶ ᠴᠢᠩᠭᠠᠳᠬᠠᠨ᠎ᠠ᠃ ᠬᠠᠮᠲᠤᠷᠠᠭᠰᠠᠨ ᠬᠤᠷᠠᠯ ᠤᠨ | ᠳᠦᠷᠢᠮ ᠤᠨ ᠳᠠᠪᠠᠭᠤᠯᠢᠭ ᠢ ᠭᠦᠨᠵᠡᠭᠡᠶ ᠪᠠᠳᠠᠷᠠᠭᠤᠯᠵᠤ᠂ ᠶᠠᠳᠠᠭᠤ ᠶᠢ ᠲᠡᠳᠬᠦᠬᠦ᠂ ᠳᠣᠲᠣᠭᠠᠳᠤ ᠶᠢ ᠬᠠᠮᠠᠭᠠᠯᠠᠬᠤ᠂ | ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠵᠡᠮᠳᠡᠭᠴᠦᠳ ᠤᠨ ᠬᠤᠯᠪᠣᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ | ᠮᠥᠴᠢᠷ ᠯᠦᠭᠡ ᠶᠢᠨ ᠵᠣᠬᠢᠴᠠᠭᠤᠯᠭ᠎ᠠ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠮᠡᠳᠡᠭᠡ | ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ | ᠰᠠᠭᠤᠭᠠᠯᠢ ᠠᠷᠠᠳ ᠤᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠲᠣᠭᠲᠠᠴᠠ ᠶᠢ ᠶᠡᠬᠡᠪᠡᠷ | ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠪᠠ ᠬᠠᠷᠭᠤᠭᠤᠯᠬᠤ ᠬᠠᠷᠢᠴᠠᠯ ᠢ ᠠᠬᠢᠭᠤᠯᠵᠤ᠂ | ᠬᠠᠷᠭᠤᠭᠤᠯᠬᠤ ᠦᠷ᠎ᠡ ᠪᠦᠲᠦᠮᠵᠢ ᠪᠠ ᠣᠨᠣᠪᠴᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ ᠡᠭᠦᠨ ᠤ ᠬᠠᠮᠲᠤ | ᠰᠤᠮᠤ ᠰᠢᠶᠠᠩ ᠪᠠᠯᠭᠠᠰᠤ ᠶᠢ ᠵᠢᠯᠣᠭᠤᠳᠴᠤ ᠪᠠᠶᠢᠭᠠᠳ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠰᠢᠨᠡᠳᠬᠡᠵᠦ᠂ | ᠲᠤᠭ᠎ᠠ ᠪᠠᠷᠢᠮᠲᠠ ᠶᠢᠨ ᠦᠨᠡᠨ ᠪᠣᠳᠠᠲᠠᠶ ᠣᠨᠣᠪᠴᠢᠲᠠᠶ ᠪᠦᠷᠢᠨ ᠪᠦᠲᠦᠨ ᠪᠠᠶᠢᠬᠤ ᠶᠢ ᠦᠨᠡᠨᠬᠦ ᠪᠠᠳᠣᠯᠠᠬᠤ ᠬᠡᠷᠡᠭᠲᠡᠶ᠃ | ᠡᠯ᠎ᠡ ᠰᠠᠯᠠᠭ᠎ᠠ ᠮᠥᠴᠢᠷ᠂ ᠬᠤᠰᠢᠭᠤ ᠬᠥᠳᠡᠭᠡ ᠲᠣᠰᠬᠤᠨ ᠢ ᠭᠤᠯᠳᠤ ᠴᠢᠭᠯᠡᠯ ᠢᠶᠠᠷ ᠨᠡᠪᠲᠡᠷᠡᠭᠰᠡᠨ ᠮᠡᠳᠡᠭᠡ | ᠵᠠᠩᠭᠢ ᠶᠢᠨ ᠲᠤᠭ᠎ᠠ ᠪᠠᠷᠢᠮᠲᠠ ᠶᠢᠨ ᠰᠢᠰᠲ᠋ᠧᠮ ᠢ ᠪᠦᠷᠢᠯᠳᠦᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ | ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂ ᠵᠢᠷᠣᠮᠵᠢᠭᠤᠨ ᠪᠠᠶᠢᠬᠤ ᠶᠢ ᠦᠨᠡᠨᠬᠦ ᠪᠠᠲᠤᠯᠠᠬᠤ | ᠬᠡᠷᠡᠭᠲᠡᠶ᠃ | ᠬᠠᠮᠢᠶ᠎ᠠ ᠪᠦᠬᠦᠢ ᠳᠦᠷᠢᠮ ᠢ ᠪᠦᠷᠢᠨ ᠪᠣᠯᠭᠠᠨ ᠲᠡᠭᠦᠯᠳᠡᠷᠵᠢᠭᠦᠯᠦᠨ᠎ᠡ᠃ ᠪᠠᠶᠢᠴᠠᠭᠠᠨ ᠰᠤᠳᠤᠯᠬᠤ | ᠠᠵᠢᠯᠯᠠᠭ᠎ᠠ ᠶᠢ ᠭᠦᠨᠵᠡᠭᠡᠶ ᠪᠥᠭᠡᠳ ᠥᠷᠭᠡᠨ ᠢᠶᠠᠷ ᠥᠷᠨᠢᠭᠦᠯᠪᠡ᠃ ᠬᠤᠰᠢᠭᠤᠨ ᠤ ᠠᠷᠠᠳ ᠤᠨ ᠶᠠᠪᠤᠳᠠᠯ ᠤᠨ | ᠲᠣᠪᠴᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠱᠠᠯᠠᠪᠳᠠᠭᠤᠯᠤᠨ ᠪᠠᠶᠢᠴᠠᠭᠠᠵᠦ ᠵᠢᠭᠠᠨ ᠵᠢᠯᠣᠭᠤᠳᠴᠤ | ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤᠮᠳᠠ᠂ ᠨᠡᠶᠢᠭᠡᠮ ᠤᠨ ᠠᠪᠤᠷᠠᠨ ᠲᠤᠰᠠᠯᠠᠯᠲᠠ ᠶᠢ | ᠳᠦᠷᠢᠮᠵᠢᠭᠦᠯᠬᠦ ᠡᠨᠡ ᠬᠦ ᠭᠤᠤᠯᠳᠠᠯᠭ᠎ᠠ ᠶᠢᠨ ᠲᠣᠭᠤᠷᠢᠨ ᠳᠤ᠂ ᠬᠦᠳᠡᠭᠡ ᠲᠣᠰᠬᠤᠨ ᠤ ᠲᠠᠷᠢᠶᠠᠴᠢᠨ ᠡᠷᠦᠬᠡ᠂ | ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠰᠠᠨᠠᠯ ᠢ ᠰᠣᠨᠣᠰᠴᠦ᠂ ᠵᠠᠰᠠᠭ ᠤᠨ ᠶᠠᠪᠤᠳᠠᠯ ᠢ ᠠᠷᠠᠳ ᠠᠴᠠ | ᠠᠰᠠᠭᠤᠵᠤ᠂ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠤ ᠨᠡᠶᠢᠭᠡᠮ ᠤᠨ ᠠᠪᠤᠷᠠᠨ ᠲᠤᠰᠠᠯᠠᠬᠤ ᠠᠵᠢᠯ | ᠥᠷᠨᠢᠭᠦᠯᠬᠦ ᠲᠤᠬᠠᠶ ᠰᠠᠨᠠᠯ ᠪᠠ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠣᠯᠠᠨ ᠲᠦᠮᠡᠨ ᠲᠠᠢ ᠣᠶᠢᠷᠠᠲᠤᠭᠰᠠᠨ᠂ | ᠠᠷᠠᠳ ᠤᠨ ᠪᠠᠶᠢᠳᠠᠯ ᠢ ᠨᠢᠭᠲᠠᠷᠠᠭᠤᠯᠤᠭᠰᠠᠨ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠪᠦᠷᠢᠯᠳᠦᠭᠦᠯᠵᠦ | ᠂ ᠨᠡᠶᠢᠭᠡᠮ ᠤᠨ ᠠᠪᠤᠷᠠᠨ ᠲᠤᠰᠠᠯᠠᠬᠤ ᠶᠢ ᠵᠢᠷᠤᠮᠵᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ ᠡᠭᠦᠨ ᠤ ᠳᠤ | ᠬᠠᠮᠲᠤ ︽ᠡᠷᠭᠢᠵᠦ ᠬᠠᠷᠠᠬᠤ︾ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠳᠤᠮᠳᠠᠬᠢ ᠠᠰᠠᠭᠤᠳᠡᠯ ᠢ | ᠴᠡᠭᠴᠡᠯᠡᠨ ᠰᠠᠶᠢᠵᠢᠷᠠᠭᠤᠯᠬᠤ ᠲᠠᠢ ᠤᠶᠠᠯᠳᠤᠭᠤᠯᠤᠨ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢ ᠮᠠᠭᠠᠳᠯᠠᠨ ᠲᠣᠭᠲᠠᠭᠠᠬᠤ ᠠᠷᠭ᠎ᠠ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠣᠯᠭ᠎ᠠ ᠶᠢ ᠬᠢᠨᠠᠨ ᠬᠠᠷᠭᠤᠭᠤᠯᠵᠤ ᠬᠢᠨᠠᠨ | ᠵᠥᠪᠰᠢᠶᠡᠷᠡᠬᠦ ᠶᠢ ᠨᠠᠩ ᠵᠢᠷᠤᠮᠵᠢᠭᠤᠯᠬᠤ᠂ ᠨᠠᠷᠢᠯᠢᠭᠵᠢᠭᠤᠯᠬᠤ᠂ ᠠᠷᠠᠳᠴᠢᠯᠠᠬᠤ ᠪᠠ ᠢᠯᠡ ᠪᠣᠯᠭᠠᠬᠤ ᠶᠢ ᠲᠦᠯᠬᠢᠨ | ᠠᠬᠢᠭᠤᠯᠤᠨ᠎ᠠ᠃ ᠳᠠᠬᠢᠨ ᠶᠠᠳᠠᠭᠤᠷᠠᠬᠤ ᠶᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠢᠳᠡᠪᠬᠢᠲᠡᠢ ᠪᠠᠶᠢᠭᠤᠯᠤᠨ | ᠪᠦᠷᠢᠨᠰᠢᠬᠦᠯᠵᠦ᠂ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠢ ᠵᠣᠬᠢᠴᠠᠭᠤᠯᠵᠤ᠂ ᠨᠢᠭᠡᠨᠲᠡ ᠶᠠᠳᠠᠭᠤ ᠠᠴᠠ | ᠠᠩᠭᠢᠵᠢᠷᠠᠭᠰᠠᠨ ᠬᠥᠮᠦᠨ ᠠᠮᠠ ᠶᠢᠨ ᠬᠥᠳᠡᠯᠦᠯ ᠪᠠᠶᠢᠳᠠᠯ ᠢ ᠬᠢᠨᠠᠨ ᠬᠡᠮᠵᠢᠬᠦ ᠪᠠ ᠬᠠᠮᠢᠶᠠᠷᠬᠤ ᠳᠦᠷᠢᠮ ᠢ | ᠬᠡᠷᠡᠭᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠶᠢᠨ ᠪᠠᠷᠠᠭᠠᠯᠬᠢᠯᠠᠯᠳᠤ ᠴᠢᠨᠠᠷ ᠪᠠ ᠰᠠᠨᠠᠭᠠᠴᠢᠯᠠᠭᠠᠲᠤ ᠴᠢᠨᠠᠷ ᠢ | ᠳᠡᠭᠡᠭᠰᠢᠯᠡᠭᠦᠯᠦᠨ᠎ᠡ᠃ ᠲᠦᠷ ᠴᠠᠭ ᠠᠪᠤᠷᠠᠨ ᠲᠤᠰᠠᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠬᠠᠷᠠᠯᠲᠠ | ᠪᠣᠯᠭᠠᠵᠤ᠂ ︽ᠤᠷᠢᠳᠠᠪᠠᠷ ᠠᠪᠤᠷᠠᠨ ᠲᠤᠰᠠᠯᠠᠬᠤ︾ ᠳᠦᠷᠢᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠬᠦ ᠪᠠ | ᠬᠡᠷᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ᠂ ᠢᠳᠡᠪᠬᠢᠲᠡᠶ ᠪᠠᠷ ᠬᠦᠯᠢᠶᠡᠨ ᠠᠪᠴᠤ ᠰᠢᠢᠳᠪᠦᠷᠢᠯᠡᠵᠦ᠂ | ᠴᠤᠪᠤᠷᠠᠯ ᠢ ᠳᠥᠭᠦᠮᠴᠢᠯᠡᠬᠦ᠂ ᠴᠠᠭ ᠲᠤᠬᠠᠶ ᠳᠤᠨᠢ ᠠᠪᠤᠷᠠᠨ ᠲᠤᠰᠠᠯᠠᠬᠤ ᠶᠢ ᠪᠡᠶᠡᠯᠡᠭᠦᠯᠬᠦ ᠬᠡᠷᠡᠭᠲᠡᠶ᠃ ᠨᠡᠶᠢᠭᠡᠮ ᠤᠨ | ᠠᠪᠤᠷᠠᠨ ᠲᠤᠰᠠᠯᠠᠬᠤ ᠡᠷᠡᠭᠦᠯ ᠢᠶᠠᠷ ᠬᠥᠭᠵᠢᠬᠦ᠂ ᠨᠠᠷᠢᠯᠢᠭ ᠣᠨᠣᠴᠠᠲᠠᠶ ᠥᠨᠳᠥᠷ ᠪᠦᠲᠦᠮᠵᠢᠲᠡᠶ ᠠᠵᠢᠯᠯᠠᠭ᠎ᠠ ᠶᠢ | ᠳᠦᠷᠢᠮ ᠢᠶᠠᠷ ᠵᠢᠷᠤᠮᠵᠢᠭᠤᠯᠤᠨ ᠠᠬᠢᠭᠤᠯᠬᠤ ᠶᠢ ᠦᠨᠡᠨ ᠬᠦ ᠪᠠᠲᠤᠯᠠᠨ᠎ᠠ᠃ | | ᠵᠣᠬᠢᠶ᠋ᠬᠠᠴᠢ᠄ ᠠᠷᠠᠳ ᠤᠨ ᠶᠠᠪᠤᠳᠠᠯ ᠤᠨ ᠲᠣᠪᠴᠢᠶ᠎ᠠ | ᠣᠷᠴᠢᠭᠤᠯᠣᠨᠨᠴᠢ᠄ ᠭᠧ ᠲᠣᠸᠠᠨ ᠯᠢᠶᠡᠨ |