| ᠣᠶᠢᠷ᠎ᠡ ᠶᠢᠨ ᠵᠢᠯ ᠠᠴᠠ ᠮᠠᠨ ᠤ ᠠᠶᠢᠮᠠᠭ ᠬᠠᠤᠯᠢ ᠴᠠᠭᠠᠵᠠ ᠶᠢᠨ ᠤᠬᠠᠭᠤᠯᠭ᠎ᠠ ᠬᠦᠮᠦᠵᠢᠯ ᠢ ᠴᠢᠩᠭᠠᠳᠬᠠᠵᠤ᠂ | ᠬᠠᠤᠯᠢ ᠴᠠᠭᠠᠵᠠ ᠶᠢᠨ ᠦᠢᠯᠡᠴᠢᠯᠡᠭᠡ ᠶᠢ ᠨᠡᠶᠢᠳᠡᠮ ᠪᠦᠷᠬᠦᠬᠦᠯᠬᠦ ᠠᠵᠢᠯ ᠢ ᠰᠠᠶᠢᠳᠤᠷ ᠠᠳᠬᠤᠨ᠂ ᠦᠨᠳᠦᠰᠦᠨ | ᠱᠠᠳᠤᠨ ᠤ ᠬᠠᠤᠯᠢ ᠴᠠᠭᠠᠵᠠ ᠶᠢᠨ ᠦᠢᠯᠡᠴᠢᠯᠡᠬᠡᠨ ᠤ ᠲᠠᠰᠤᠭ᠂ ᠨᠡᠬᠦᠳᠡᠯ ᠰᠢᠬᠦᠬᠦ ᠲᠤᠭᠤᠶᠢᠢᠯᠠᠩ᠂ ᠡᠶᠡᠳᠡᠬᠦᠯᠬᠡ ᠶᠢᠨ | ᠲᠠᠰᠤᠭ ᠢ ᠪᠠᠶᠢᠭᠤᠯᠬᠤ ᠵᠡᠷᠬᠡ ᠠᠯᠢ ᠤᠯᠠᠨ ᠠᠷᠭ᠎ᠠ ᠠᠪᠴᠢᠯ ᠢᠶᠠᠷ ᠤᠯᠠᠨ ᠲᠦᠮᠡᠨ ᠳᠤ ᠬᠠᠤᠯᠢ ᠶᠢᠨ | ᠦᠢᠯᠡᠴᠢᠯᠡᠭᠡ ᠶᠢ ᠬᠦᠷᠬᠡᠵᠦ᠂ ᠬᠠᠤᠯᠢᠵᠢᠯ ᠨᠡᠶᠢᠬᠡᠮ ᠤᠨ ᠪᠠᠶᠢᠭᠤᠯᠤᠯᠳᠠ ᠶᠢ ᠴᠢᠩᠭᠠᠳᠬᠠᠬᠰᠠᠭᠠᠷ ᠢᠷᠡᠪᠡ᠃ ᠨᠡᠩ | ᠢᠯᠠᠩᠭᠤᠶ᠎ᠠ 12348 ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠲᠠᠪᠴᠠᠩ ᠨᠢ ᠠᠷᠠᠳ ᠲᠤ | ᠦᠢᠯᠡᠴᠢᠯᠡᠬᠦ ᠪᠠᠷ ᠰᠠᠭᠤᠷᠢ ᠪᠤᠯᠭᠠᠵᠤ᠂ ᠬᠠᠤᠯᠢ ᠴᠠᠭᠠᠵᠠ ᠶᠢᠨ ᠡᠬᠢ ᠪᠠᠶᠠᠯᠢᠭ ᠢ ᠨᠢᠬᠡᠳᠬᠡᠨ᠂ ᠦᠢᠯᠡᠳᠦᠯ | ᠴᠢᠳᠠᠪᠬᠢ ᠪᠠᠨ ᠦᠷᠬᠡᠳᠬᠡᠵᠦ᠂ ᠦᠢᠯᠡᠴᠢᠯᠡᠭᠡ ᠪᠠᠨ ᠨᠡᠶᠢᠳᠡᠮ ᠪᠦᠷᠬᠦᠬᠦᠯᠦᠨ᠂ ᠤᠯᠠᠨ ᠲᠦᠮᠡᠨ ᠲᠠᠢ ᠨᠢᠭᠳᠠ | ᠤᠶᠠᠯᠳᠤᠵᠤ ᠴᠢᠳᠠᠭᠰᠠᠨ ᠠᠴᠠ ᠤᠬᠤᠷᠬᠠᠨ ᠬᠤᠶᠠᠷ ᠵᠢᠯ ᠤᠨ ᠲᠤᠷᠰᠢ ᠮᠠᠰᠢ ᠤᠯᠠᠨ ᠠᠮᠵᠢᠯᠳᠠ ᠲᠠᠢ ᠲᠤᠷᠰᠢᠯᠭ᠎ᠠ ᠶᠢ | ᠬᠤᠷᠠᠮᠳᠤᠭᠤᠯᠵᠤ᠂ ᠨᠡᠩ ᠰᠠᠶᠢᠨ ᠢᠶᠠᠷ ᠤᠯᠠᠨ ᠲᠦᠮᠡᠨ ᠳᠤ ᠦᠢᠯᠡᠴᠢᠯᠡᠬᠦ ᠪᠤᠯᠤᠭᠰᠠᠨ ᠶᠤᠮ᠃ ᠬᠠᠤᠯᠢ ᠪᠠᠷ | ᠤᠯᠤᠰ ᠢᠶᠠᠨ ᠵᠠᠰᠠᠵᠤ᠂ ᠬᠠᠤᠯᠢᠵᠢᠯ ᠤᠨ ᠨᠡᠶᠢᠬᠡᠮ ᠢ ᠪᠦᠳᠦᠬᠡᠨ ᠪᠠᠶᠢᠭᠤᠯᠤᠨ᠂ ᠨᠡᠶᠢᠬᠡᠮ ᠤᠨ ᠠᠮᠤᠷ ᠲᠤᠭᠳᠠᠭᠤᠨ ᠢ | ᠪᠠᠳᠤᠯᠠᠬᠤ ᠳᠤ ᠬᠦᠮᠦᠨ ᠪᠦᠬᠦᠨ ᠬᠠᠷᠢᠭᠤᠴᠠᠯᠭ᠎ᠠ ᠲᠠᠢ ᠪᠠᠶᠢᠵᠤ᠂ ᠵᠠᠪᠠᠯ ᠬᠦᠮᠦᠨ ᠪᠦᠬᠦᠨ ᠬᠠᠤᠯᠢ ᠶᠢ ᠮᠡᠳᠡᠵᠦ᠂ | ᠬᠠᠤᠯᠢ ᠶᠢ ᠰᠠᠬᠢᠭᠰᠠᠨ ᠪᠠᠶᠢᠬᠤ ᠬᠡᠷᠡᠭᠳᠡᠢ ᠶᠤᠮ᠃ ᠨᠡᠩ ᠢᠯᠠᠩᠭᠤᠶ᠎ᠠ ᠮᠠᠨ ᠤ ᠮᠠᠯᠵᠢᠬᠤ ᠤᠷᠤᠨ ᠤ ᠮᠠᠯᠴᠢᠨ | ᠲᠠᠷᠢᠶᠠᠴᠢᠳ ᠬᠠᠤᠯᠢ ᠴᠠᠭᠠᠵᠠ ᠶᠢᠨ ᠦᠵᠡᠯ ᠤᠬᠠᠮᠰᠠᠷ᠂ ᠮᠡᠳᠡᠯᠬᠡ ᠮᠡᠳᠡᠴᠡ ᠪᠠᠨ ᠲᠠᠭᠡᠭᠰᠢᠯᠡᠬᠦᠯᠵᠦ᠂ ᠬᠠᠤᠯᠢ | ᠶᠤᠰᠤᠭᠠᠷ ᠦᠪᠡᠷ ᠤᠨ ᠡᠷᠬᠡ ᠠᠰᠢᠭ ᠢᠶᠠᠨ ᠬᠠᠮᠠᠭᠠᠯᠠᠬᠤ ᠨᠢ ᠮᠠᠰᠢ ᠴᠢᠬᠤᠯᠠ ᠶᠤᠮ᠃ ᠤᠷᠴᠢᠮ ᠤᠨ ᠬᠤᠶᠠᠷ | ᠵᠢᠯ ᠠᠴᠠ ᠬᠦᠳᠡᠭᠡ ᠨᠤᠳᠤᠭ ᠢᠶᠠᠷ ᠦᠨᠳᠦᠷ ᠬᠦᠦ ᠲᠠᠢ ᠵᠢᠬᠡᠯᠡᠯᠬᠡ ᠠᠪᠤᠭᠰᠠᠨ ᠠᠴᠠ ᠪᠤᠯᠵᠤ᠂ ᠮᠠᠯ ᠤᠨᠤᠭ᠎ᠠ᠂ ᠬᠡᠷ | ᠤᠷᠤᠨ ᠢᠶᠠᠨ ᠬᠦᠨᠳᠦᠷᠤᠵᠦ ᠪᠠᠶᠢᠬᠤ ᠬᠦᠮᠦᠰ ᠵᠠᠬ᠎ᠠ ᠠᠴᠠ ᠪᠠᠨ ᠤᠯᠠᠰᠢᠷᠠᠯ᠎ᠠ᠃ ᠡᠨᠡ ᠨᠢ ᠮᠠᠯᠴᠢᠳ ᠤᠨ ᠬᠠᠤᠯᠢ | ᠴᠠᠭᠠᠵᠠ ᠶᠢᠨ ᠦᠵᠡᠯᠳᠡ ᠲᠠᠨᠢᠯᠳᠠ ᠲᠤᠤᠷ᠎ᠠ ᠲᠠᠢ ᠪᠠᠰᠠ ᠵᠤᠬᠢᠬᠤ ᠬᠤᠯᠪᠤᠭ᠎ᠠ ᠲᠠᠢ ᠴᠦ ᠪᠢᠯᠢᠤ᠃ ᠮᠠᠯᠴᠢᠳ ᠤᠨ | ᠡᠷᠬᠡ ᠠᠰᠢᠭ ᠬᠠᠯᠳᠠᠯᠭ᠎ᠠ ᠳᠤ ᠤᠴᠠᠷᠠᠪᠠᠯ ᠬᠠᠤᠯᠢ ᠶᠢᠨ ᠵᠡᠪᠰᠡᠭ ᠢᠶᠠᠷ ᠦᠪᠡᠷ ᠤᠨ ᠡᠷᠬᠡ ᠠᠰᠢᠬ ᠢᠶᠠᠨ | ᠬᠠᠮᠠᠭᠠᠯᠠᠬᠤ ᠨᠢ ᠮᠠᠰᠢ ᠴᠢᠬᠤᠯᠠ ᠶᠤᠮ᠃ ᠠᠶᠢᠮᠠᠭ ᠤᠨ ᠬᠠᠤᠯᠢ ᠴᠠᠭᠠᠵᠠ ᠶᠢᠨ ᠲᠤᠪᠴᠢᠶ᠎ᠠ ᠶᠢᠨ 12348 ᠤᠯᠠᠨ | ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠲᠠᠪᠴᠠᠩ ᠶᠠᠭ ᠡᠶᠢᠨᠬᠦ ᠤᠯᠠᠨ ᠲᠦᠮᠡᠨ ᠤ ᠬᠦᠴᠢᠷᠳᠡᠯ | ᠪᠤᠬᠢᠨᠢᠳᠤᠯ ᠢ ᠳᠠᠶᠢᠯᠪᠦᠷᠢᠯᠡᠵᠤ ᠰᠢᠢᠳᠪᠦᠷᠢᠯᠡᠵᠤ ᠪᠠᠶᠢᠳᠠᠬ᠃ ᠪᠢᠳᠡ ᠪᠦᠬᠦᠨ ᠴᠥ ᠦᠵᠡᠯᠳᠠ ᠲᠠᠨᠢᠯᠳᠠ ᠪᠠᠨ | ᠰᠢᠨᠡᠴᠢᠯᠡᠨ᠂ ᠬᠠᠥᠯᠢ ᠴᠠᠭᠠᠵᠠ ᠶᠢᠨ ᠤᠶᠢᠢᠯᠡᠴᠢᠯᠡᠭᠡ ᠶᠢ ᠬᠦᠨᠵᠡᠭᠡᠢ ᠲᠠᠨᠢᠨ ᠮᠡᠳᠡᠷᠡᠵᠥ᠂ ᠬᠠᠮᠳᠥ ᠪᠠᠷ ᠬᠠᠥᠯᠢ ᠶᠢ | ᠰᠤᠷᠤᠨ᠂ ᠬᠠᠥᠯᠢ ᠶᠢ ᠰᠠᠬᠢᠨ᠂ ᠬᠠᠥᠯᠢ ᠶᠤᠰᠤᠭᠠᠷ ᠦᠪᠡᠷ ᠤᠨ ᠡᠷᠭᠡ ᠠᠰᠢᠭ ᠢᠶᠠᠨ ᠬᠠᠮᠠᠭᠠᠯᠠᠵᠥ ᠰᠤᠷᠬᠤ | ᠴᠢᠬᠤᠯᠠᠳᠠᠢ᠃ | | |