ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠪᠠᠳᠣᠯᠭ᠎ᠠ ᠶᠢᠨ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2020-07-31
           ᠡᠨᠡ ᠵᠢᠯ ᠠᠴᠠ ᠨᠠᠰᠢ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠠᠷᠠᠳ ᠲᠦᠮᠡᠨ ᠢᠶᠠᠷ ᠭᠤᠤᠯ ᠪᠣᠯᠭᠠᠬᠤ ᠣᠶᠢᠯᠠᠭᠠᠨᠨᠳᠠᠬᠤᠨ ᠢ ᠭᠦᠨᠵᠡᠭᠡᠶ ᠦᠢᠯᠡᠳᠣᠯᠭᠡᠵᠢᠬᠦᠯᠵᠦ᠂ ᠪᠦᠬᠦ ᠤᠯᠤᠰ ᠤᠨ ᠬᠤᠶᠠᠷ ᠬᠤᠷᠠᠯ ᠤᠨ 2020 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠡᠷᠴᠢᠮ ᠢ ᠴᠢᠩᠬᠠᠷᠠᠭᠤᠯᠬᠤ ᠵᠣᠷᠢᠭ ᠰᠠᠨᠠᠭ᠎ᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠣᠯᠭ᠎ᠠ ᠶᠢᠨ ᠠᠮᠤᠷ ᠲᠦᠪᠰᠢᠨ ᠤ ᠲᠣᠤᠷ ᠢ ᠦᠨᠡᠨᠬᠦ ᠨᠢᠨᠨᠳᠠᠷᠠᠭᠤᠯᠵᠠᠢ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠪᠦᠬᠦ ᠬᠤᠰᠢᠭᠤᠨ ᠤ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠣᠯᠬᠤ ᠬᠠᠷᠠᠯᠲᠠ ᠡᠭᠦᠷᠭᠡ ᠶᠢᠨ ᠲᠣᠭᠤᠷᠢᠨ ᠳᠤ ᠭᠤᠣᠯᠳᠠᠯᠭ᠎ᠠ ᠪᠠᠨ ᠳᠣᠪᠤᠶᠢᠯᠭᠠᠬᠤ ᠶᠢ ᠪᠠᠷᠢᠮᠲᠠᠯᠠᠵᠤ᠂ ᠲᠥᠷᠥᠯ ᠬᠤᠪᠢᠶᠠᠨ ᠪᠠᠲᠤᠯᠠᠬᠤ ᠵᠠᠷᠴᠢᠮ ᠨᠢ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠬᠦ ᠬᠡᠷᠡᠭᠲᠡᠶ᠃ ᠪᠦᠬᠦ ᠬᠤᠰᠢᠭᠤᠨ ᠤ 33437 ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠣᠯᠭ᠎ᠠ ᠶᠢᠨ ᠬᠥᠮᠦᠨ ᠠᠮᠠ ᠶᠢᠨ ᠳᠣᠲᠣᠷ᠎ᠠ 5909 ᠬᠥᠮᠦᠨ ᠬᠥᠮᠦᠨ ᠪᠦᠷᠢ ᠰᠠᠷ᠎ᠠ ᠪᠦᠷᠢ 30 ᠲᠥᠭᠦᠷᠢᠭ ᠨᠡᠮᠡᠭᠳᠡᠪᠡ︔7875 ᠬᠥᠮᠦᠨ ᠪᠦᠷᠢ ᠰᠠᠷ᠎ᠠ ᠪᠦᠷᠢ 20 ᠲᠥᠭᠦᠷᠢᠭ ᠨᠡᠮᠡᠭᠳᠡᠪᠡ︔ 9063 ᠬᠥᠮᠦᠨ ᠪᠦᠷᠢ ᠰᠠᠷ᠎ᠠ ᠪᠦᠷᠢ 10 ᠲᠥᠭᠦᠷᠢᠭ ᠥᠰᠴᠡᠶ᠃ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠦᠩᠭᠦ ᠶᠢ 2019 ᠣᠨ ᠳᠤ ᠰᠠᠷ᠎ᠠ ᠪᠦᠷᠢ 801 ᠲᠦᠮᠡᠨ ᠲᠥᠭᠦᠷᠢᠭ ᠲᠠᠷᠬᠠᠭᠠᠵᠤ᠂ 855.62 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠬᠥᠮᠦᠰ ᠤᠨ ᠲᠠᠷᠠᠬᠠᠶ ᠠᠰᠠᠷᠠᠨ ᠲᠡᠵᠢᠭᠡᠬᠦ ᠨᠥᠬᠦᠪᠥᠷᠢ ᠶᠢᠨ ᠪᠠᠷᠢᠮᠵᠢᠶ᠎ᠠ ᠶᠢ ᠬᠥᠮᠦᠨ ᠪᠦᠷᠢ ᠵᠢᠯ ᠳᠤ 72 ᠲᠥᠭᠦᠷᠢᠭ ᠳᠡᠭᠡᠭᠰᠢᠯᠡᠭᠦᠯᠵᠦ᠂ ᠬᠥᠮᠦᠨ ᠪᠦᠷᠢ ᠵᠢᠯ ᠳᠤ 6240 ᠲᠥᠭᠦᠷᠢᠭ ᠲᠤ ᠬᠦᠷᠴᠦ᠂ ᠨᠡᠮᠡᠭᠳᠡᠯ ᠤᠨ ᠬᠡᠮᠵᠢᠶ᠎ᠡ ᠨᠢ 2% ᠪᠣᠯᠤᠨ᠎ᠠ᠃ 1—6 ᠰᠠᠷ᠎ᠠ ᠲᠣᠰ ᠬᠤᠰᠢᠭᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ 5328 ᠲᠦᠮᠡᠨ ᠲᠥᠭᠦᠷᠢᠭ᠂ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ 804.5 ᠲᠦᠮᠡᠨ ᠲᠥᠭᠦᠷᠢᠭ ᠵᠠᠷᠤᠴᠠᠭᠤᠯᠪᠠ︔ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠮᠥᠩᠭᠦ 883.6 ᠲᠦᠮᠡᠨ ᠲᠥᠭᠦᠷᠢᠭ ᠵᠠᠷᠤᠴᠠᠭᠤᠯᠪᠠ︔ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ 207.5 ᠲᠦᠮᠡᠨ ᠲᠥᠭᠦᠷᠢᠭ᠂ ᠰᠤᠪᠢᠯᠠᠯᠲᠠ ᠶᠢᠨ ᠨᠥᠬᠦᠪᠥᠷᠢ 136 ᠲᠦᠮᠡᠨ ᠲᠥᠭᠦᠷᠢᠭ ᠲᠠᠷᠬᠠᠭᠠᠪᠠ᠃                       ᠰᠤᠷᠪᠤᠯᠵᠢᠯᠠᠭᠴᠢ᠄  ᠱᠢ ᠾᠦᠢ ᠵᠢᠶᠦ᠋ᠨ                           ᠢᠷᠡᠯᠲᠡ᠄ ᠤᠯᠠᠭᠠᠨᠴᠠᠪ ᠬᠤᠲᠠ ᠶᠢᠨ ᠰᠣᠨᠢᠨ ᠮᠡᠳᠡᠭᠡᠨ ᠤ ᠰᠦᠯᠵᠢᠶ᠎ᠡ                     ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ                                 ᠬᠠᠮ ᠵᠠᠭᠤᠴᠢᠯᠠᠭᠤᠷ ᠤᠨ ᠲᠥᠪ                    ᠣᠷᠴᠢᠭᠤᠯᠣᠨᠨᠴᠢ᠄  ᠭᠧ ᠲᠣᠸᠠᠨ ᠯᠢᠶᠡᠨ
 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号