ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠷᠢᠶ᠎ᠡ ᠰᠤᠮᠤᠨ ᠤ ᠭᠤᠷᠪᠠᠳᠤᠭᠠᠷ ᠭᠠᠴᠠᠭ᠎ᠠ  ᠶᠢᠨ ᠬᠤᠶᠠᠳᠤᠭᠠᠷ ᠬᠤᠭᠤᠴᠠᠭᠠᠨ ᠤ ︽ᠲᠠᠯ᠎ᠠ ᠨᠤᠲᠤᠭ ᠤᠨ ᠰᠣᠶᠣᠯ ᠤᠨ ᠨᠠᠶᠢᠷ︾ ᠢ ᠡᠷᠭᠢᠯᠡᠪᠡ
ᠨᠡᠶᠢᠲᠡᠯᠡᠭᠰᠡᠨ ᠴᠠᠭ᠄
2020/9/14
      8 ᠰᠠᠷ᠎ᠠ ᠶᠢᠨ 13 ᠤ ᠡᠳᠦᠷ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠷᠢᠶ᠎ᠡ ᠰᠤᠮᠤᠨ ᠤ ᠭᠤᠷᠪᠠᠳᠤᠭᠠᠷ ᠭᠠᠴᠠᠭ᠎ᠠ《  ᠴᠢᠨᠡᠭᠡᠯᠢᠭ ᠨᠡᠶᠢᠭᠡᠮ ᠢ  ᠪᠡᠶᠡᠯᠡᠭᠦᠯᠭᠦ ᠰᠢᠢᠳᠪᠦᠷᠢᠲᠦ ᠢᠯᠠᠯᠲᠠ  ᠶᠢ  ᠲᠡᠮᠡᠴᠡᠨ ᠤᠯᠬᠤ ᠶᠢᠨ ᠲᠦᠯᠦᠭᠡ ᠪᠢ ᠴᠢᠷᠮᠠᠶᠢᠨ ᠲᠡᠮᠡᠴᠡᠨ᠎ᠡ  ᠂ ᠭᠤᠶᠤ ᠲᠠᠩᠰᠤᠭ ᠨᠤᠳᠤᠭ ᠤᠰᠤ  ᠂ ᠡᠭᠡ ᠤᠯᠤᠰ ᠢᠶᠠᠨ  ᠬᠠᠶᠢᠷᠠᠯᠠᠶ᠎ᠠ 》  ᠬᠡᠮᠡᠬᠦ ᠭᠤᠤᠯ ᠰᠡᠳᠤᠪᠳᠤ  ᠬᠤᠶᠠᠳᠤᠭᠠᠷ ᠬᠤᠭᠤᠴᠠᠭᠠᠨ ᠤ 《 ᠲᠠᠯ᠎ᠠ ᠨᠤᠳᠤᠭ ᠤᠨ ᠰᠤᠶᠤᠯ ᠤᠨ ᠨᠠᠶᠢᠷ 》 ᠡᠷᠭᠢᠯᠡᠪᠡ᠃ᠠᠵᠢᠯᠯᠠᠭ᠎ᠠ  ᠳᠤ᠂ ᠭᠤᠷᠪᠠᠳᠤᠭᠠᠷ ᠭᠠᠴᠠᠭᠠᠨ ᠤ ᠪᠣᠯᠪᠠᠰᠤᠨ ᠬᠡᠷ ᠪᠦᠯᠢ᠂ ᠦᠵᠡᠰᠬᠦᠯᠡᠩᠲᠦ ᠰᠠᠶᠢᠬᠠᠨ ᠭᠦᠷᠢᠶᠡᠯᠡᠩ ᠬᠦᠷᠳᠡᠭᠴᠢᠳ᠂ ᠶᠣᠰᠣ ᠰᠤᠷᠲᠠᠬᠤᠨ ᠤ ᠵᠢᠱᠢᠶᠡᠴᠢ ᠪᠣᠯᠤᠨ ᠬᠠᠮᠤᠭ ᠤᠨ ᠭᠤᠶᠣ ᠰᠠᠶᠢᠨ ᠳᠤᠷᠠᠴᠤᠤᠯ ᠢ  ᠰᠠᠶᠢᠰᠢᠶᠠᠨ ᠬᠥᠬᠢᠭᠦᠯᠪᠡ᠃

     ᠮᠠᠯᠴᠢᠳ ᠮᠣᠩᠭᠤᠯ ᠬᠤᠪᠴᠠᠰᠤ ᠵᠠᠰᠠᠯ ᠢᠶᠠᠨ ᠡᠮᠦᠰᠴᠦ  ᠂ ᠮᠤᠩᠭᠤᠯ ᠢᠶᠠᠷ ᠢᠶᠠᠨ ᠭᠤᠶᠤᠯᠠᠨ᠂ ᠠᠬᠤᠶ

ᠲᠠᠯᠠᠪᠠᠶ ᠳᠤ ᠪᠠᠶᠢᠭ᠎ᠠ ᠦᠵᠡᠭᠴᠢᠳ ᠲᠤ ᠦᠨᠳᠦᠰᠦᠲᠡᠨ ᠤ ᠣᠨᠴᠠᠯᠢᠭ ᠲᠠᠢ《 ᠬᠤᠪᠴᠠᠰᠤ ᠵᠠᠰᠠᠯ ᠤᠨ

ᠦᠵᠡᠭᠦᠯᠥᠯᠭᠡ 》 ᠦᠵᠡᠭᠦᠯᠵᠦ᠂  ᠡᠨᠡ ᠨᠢ ᠮᠣᠩᠭᠤᠯ ᠮᠠᠯᠴᠢᠳ ᠤᠨ ᠬᠠᠯᠠᠭᠤᠮᠰᠤᠭ  ᠪᠦᠭᠡᠳ ᠵᠣᠴᠢᠨᠰᠠᠭ ᠵᠠᠩ

ᠠᠷᠠᠨᠰᠢᠨ ᠢ ᠢᠯᠡᠷᠡᠭᠦᠯᠦᠭᠰᠡᠨ ᠶᠤᠮ᠃

     ᠲᠠᠯ᠎ᠠ ᠨᠤᠲᠤᠭ ᠤᠨ ᠳᠠᠭᠤᠴᠢᠨ ᠤ ᠤᠷᠤᠯᠳᠤᠭᠠᠨ ᠤ ᠲᠣᠭᠯᠠᠯᠲᠠ ᠳᠤ ᠣᠷᠣᠯᠴᠠᠭᠰᠠᠨ ᠲᠣᠭᠯᠠᠭᠴᠢᠳ ᠤᠨ

ᠤᠯᠠᠩᠭᠢ ᠨᠢ ᠲᠤᠰᠬᠠᠶ ᠮᠡᠷᠭᠡᠵᠢᠯ ᠤᠨ ᠪᠤᠰᠤ ᠳᠠᠭᠤᠤ ᠳᠠᠭᠤᠯᠠᠬᠤ ᠲᠤᠷᠠᠳᠠᠢ ᠬᠥᠮᠦᠰ  ᠪᠤᠯᠪᠠᠴᠤ ᠠᠶᠠᠯᠭᠤ ᠨᠢ

ᠥᠨᠳᠥᠷ ᠨᠠᠮᠤᠭᠤᠬᠠᠨ᠂ ᠠᠶᠢᠵᠠᠮ ᠴᠢᠯᠥᠭᠡᠲᠡᠶ᠂ ᠳᠠᠭᠤᠤ ᠶᠢᠨ ᠦᠭᠡ ᠨᠢ ᠪᠠᠶᠠᠯᠢᠭ ᠠᠭᠤᠯᠭ᠎ᠠ ᠲᠠᠢ ᠪᠠᠶᠢᠵᠤ᠂

ᠥᠷᠭᠡᠨ ᠠᠭᠤᠳᠠᠮ ᠲᠠᠯ᠎ᠠ ᠨᠤᠲᠤᠭ ᠤᠨ ᠰᠦᠷ ᠬᠦᠴᠦᠨ ᠪᠠ ᠮᠠᠯᠴᠢᠳ ᠤᠨ ᠠᠭᠤᠳᠠᠮ ᠪᠠᠭᠲᠠᠭᠠᠮᠵᠢ ᠶᠢ

ᠢᠯᠡᠷᠡᠭᠦᠯᠦᠭᠰᠡᠨ ᠪᠠᠶᠢᠨ᠎ᠠ᠃

ᠠᠵᠢᠯᠯᠠᠭ᠎ᠠ ᠳᠤᠮᠳᠠ᠂ ᠭᠤᠷᠪᠠᠳᠤᠭᠠᠷ ᠭᠠᠴᠠᠭ᠎ᠠ ᠲᠤᠬᠠᠶ ᠶᠢᠨ ᠲᠠᠯᠠᠪᠠᠢ ᠶᠢᠨ ᠦᠵᠡᠭᠴᠢᠳ ᠤᠨ ᠣᠷᠣᠯᠴᠠᠬᠤ

ᠤᠷᠮ᠎ᠠ ᠶᠢ ᠳᠠᠶᠢᠴᠢᠯᠠᠬᠤ ᠶᠢᠨ ᠲᠥᠯᠥᠭᠡ᠂ ᠠᠵᠠ ᠶᠢᠨ ᠪᠡᠯᠡᠭ ᠲᠠᠢ  ᠱᠠᠩᠨᠠᠯ ᠰᠤᠭᠤᠯᠬᠤ ᠭᠤᠭᠴᠤᠭ᠎ᠠ ᠭᠠᠷᠭᠠᠵᠤ᠂

ᠠᠭᠤᠷ ᠠᠮᠢᠰᠬᠤᠯ ᠢ ᠨᠡᠩ ᠭᠦᠷ ᠭᠦᠭᠵᠢᠶᠡᠨ ᠲᠠᠢ ᠪᠤᠯᠭᠠᠪᠠ᠃

     ᠲᠤᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠲᠤ ᠪᠠᠰᠠ ᠪᠠᠶᠠᠰᠬᠤᠯᠠᠩᠲᠤ ᠪᠤᠤᠭᠢᠶ᠎ᠠ

ᠤᠷᠤᠯᠳᠤᠭᠠᠨ ᠪᠠ ᠳᠡᠭᠡᠰᠦ ᠲᠠᠲᠠᠬᠤ ᠤᠷᠤᠯᠳᠤᠭᠠᠨ ᠲᠣᠬᠢᠷᠠᠭᠤᠯᠵᠠᠢ᠃ ᠤᠷᠤᠯᠳᠤᠭᠠᠨ ᠤ ᠲᠠᠯᠠᠪᠤᠷ ᠲᠤ᠂

ᠤᠷᠤᠯᠳᠤᠭᠠᠨ ᠳᠤ ᠣᠷᠣᠯᠴᠠᠭᠰᠠᠳ ᠨᠢᠭᠡ ᠨᠢᠭᠡ ᠪᠠᠷ ᠢᠶᠠᠨ ᠡᠷᠴᠢ ᠵᠣᠷᠢᠭ ᠢᠶᠠᠨ ᠬᠥᠪᠴᠢᠯᠡᠵᠤ᠂  ᠤᠷᠤᠯᠳᠤᠭᠠᠨ ᠤ

ᠶᠠᠪᠤᠴᠠ ᠪᠠᠴᠢᠮ ᠮᠥᠷᠲᠡᠭᠡᠨ ᠪᠦᠯᠬᠦᠮᠳᠡᠯ ᠤᠨ ᠠᠭᠤᠷ ᠠᠮᠢᠰᠬᠤᠯ ᠢᠶᠠᠷ  ᠪᠢᠯᠬᠠᠵᠦ ᠪᠠᠶᠢᠯ᠎ᠠ  ᠃

     ᠲᠤᠰ ᠤᠳᠠᠭᠠᠨ ᠤ ᠠᠵᠢᠯᠯᠠᠭ᠎ᠠ ᠶᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠦᠷᠢᠶ᠎ᠡ

ᠰᠤᠮᠤᠨ ᠳᠤ ᠰᠠᠭᠤᠭ᠎ᠠ ᠭᠤᠷᠪᠠᠳᠤᠭᠠᠷ ᠭᠠᠴᠠᠭᠠᠨ ᠤ ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠠᠵᠢᠯᠯᠠᠬᠤ ᠠᠩᠭᠢ

ᠪᠣᠯᠤᠨ ᠬᠦᠷᠢᠶ᠎ᠡ ᠰᠤᠮᠤ ᠶᠢᠨ ᠭᠤᠷᠪᠠᠳᠤᠭᠠᠷ ᠭᠠᠴᠠᠭ᠎ᠠ ᠬᠠᠮᠲᠤᠪᠠᠷ ᠡᠷᠭᠢᠯᠡᠵᠦ᠂ ᠮᠠᠯᠴᠢᠳ ᠤᠨ ᠰᠣᠶᠣᠯ ᠴᠡᠩᠭᠡᠯ ᠤᠨ

ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠬᠤ ᠶᠢᠨ ᠲᠥᠯᠥᠭᠡ᠂ ᠣᠯᠠᠨ ᠲᠦᠮᠡᠨ ᠢ ᠨᠢᠭᠲᠠᠷᠠᠭᠤᠯᠤᠨ ᠡᠶ᠎ᠡ

ᠨᠠᠶᠢᠷᠠᠮᠳᠠᠭᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂  ᠤᠯᠠᠨ ᠲᠦᠮᠡᠨ ᠤ  ᠭᠦᠷᠢᠶᠡᠯᠡᠯ ᠢ  ᠶᠡᠭᠡᠳᠡ

ᠤᠯᠵᠠᠢ᠂  ᠡᠨᠡ ᠨᠢ  ᠭᠦᠮᠤᠰ ᠢ ᠦᠨᠳᠦᠰᠦᠲᠡᠨ ᠤ ᠰᠣᠶᠣᠯ ᠢ ᠭᠦᠨᠵᠡᠭᠡᠶ ᠣᠶᠢᠯᠠᠭᠠᠭᠤᠯᠬᠤ ᠪᠠᠷ ᠪᠠᠷᠠᠬᠤ ᠦᠭᠡᠶ

ᠲᠠᠷᠢᠶᠠᠴᠢᠳ ᠤᠨ ᠰᠤᠯᠠ ᠰᠡᠯᠡᠭᠦᠤ ᠠᠮᠢᠳᠤᠷᠠᠯ ᠢ ᠨᠡᠩ ᠰᠠᠶᠢᠨ ᠰᠠᠶᠢᠬᠠᠨ  ᠪᠤᠯᠭᠠᠵᠦ᠂  ᠢᠯᠠᠩᠭᠤᠶ᠎ᠠ ᠤᠯᠠᠨ

ᠲᠦᠮᠡᠨ ᠤ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠪᠠ ᠶᠠᠳᠠᠭᠤ ᠠᠴᠠ ᠠᠩᠭᠢᠵᠢᠷᠠᠭᠤᠯᠬᠤ

ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠲᠡᠭᠡᠭᠰᠢᠯᠡᠭᠦᠯᠵᠦ ᠴᠢᠳᠠᠭᠰᠠᠨ ᠪᠠᠶᠢᠨ᠎ᠠ᠃

                           ᠰᠤᠷᠪᠤᠯᠵᠢᠯᠠᠭᠴᠢ᠄ ᠶᠠᠩ ᠴᠢᠤᠸᠠᠨ   ᠵᠠᠩ ᠹᠸᠢ ᠢᠦᠶ  

                           ᠵᠣᠬᠢᠶᠠᠭᠴᠢ᠄ ᠴᠠᠬᠠᠷ ᠪᠠᠷᠠᠭᠤᠨ ᠭᠠᠷᠤᠨ ᠳᠤᠮᠳᠠᠳᠤ

                           ᠬᠤᠰᠢᠭᠤᠨ ᠤ ᠬᠠᠮ ᠵᠠᠭᠤᠴᠢᠯᠠᠭᠤᠷ ᠤᠨ ᠲᠥᠪ 

                           ᠤᠷᠴᠢᠭᠤᠯᠤᠭᠴᠢ᠄ ᠬᠠᠶᠢᠷᠬᠠᠨ

 
ᠢᠷᠡᠯᠲᠡ᠄ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号